ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2024 ᠣᠨ ᠤ 1 — 3 ᠰᠠᠷ᠎ᠠ ᠳᠤ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ
ᠨᠡᠶᠢᠲᠡᠯᠡᠭᠰᠡᠨ ᠴᠠᠭ᠄
2024/11/21
  ᠬᠤᠰᠢᠭᠤ ᠰᠢᠶᠠᠨ ᠬᠤᠲᠠ ᠶᠢᠨ ᠦᠢᠯᠡᠳᠪᠦᠷᠢᠯᠡᠯ ᠤᠨ ᠶᠡᠷᠦᠩᠬᠡᠢ ᠥᠷᠲᠡᠭ ᠤᠨ ᠨᠢᠭᠡᠳᠦᠯᠲᠡᠢ ᠲᠣᠭᠠᠴᠠᠭ᠎ᠠ ᠬᠢᠭᠰᠡᠨ ᠦᠷ᠎ᠡ ᠳ᠋ᠦᠩ ᠢ ᠦᠨᠳᠦᠰᠦᠯᠡᠪᠡᠯ᠂ 2024 ᠣᠨ ᠤ 1 — 3 ᠰᠠᠷ᠎ᠠ ᠳᠤ ᠪᠦᠬᠦ ᠬᠤᠰᠢᠭᠤᠨ ᠤ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 12.81 ᠳ᠋ᠦᠩᠰᠢᠭᠤᠷ ᠲᠥᠭᠦᠷᠢᠭ ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ ᠪᠠᠷ ᠨᠢ ᠠᠳᠠᠯᠢ ᠬᠤᠭᠤᠴᠠᠭᠠᠨ ᠤ ᠬᠢ ᠠᠴᠠ 4.0% ᠨᠡᠮᠡᠭᠳᠡᠪᠡ᠂ ᠡᠭᠦᠨ ᠳᠤ᠂ ᠨᠢᠭᠡᠳᠦᠭᠡᠷ ᠠᠵᠤ ᠦᠢᠯᠡᠰ ᠤᠨ ᠨᠡᠮᠡᠭᠳᠡᠯ ᠥᠷᠲᠡᠭ 2.78 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.0% ᠨᠡᠮᠡᠭᠳᠡᠪᠡ︔ ᠬᠤᠶᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ 2.90 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 12.3% ᠨᠡᠮᠡᠭᠳᠡᠪᠡ︔ ᠭᠤᠷᠪᠠᠳᠤᠭᠠᠷ ᠠᠵᠤ ᠦᠢᠯᠡᠰ 7.13 ᠳ᠋ᠦᠩᠰᠢᠭᠤᠷ ᠲᠥᠭᠦᠷᠢᠭ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 0.5% ᠨᠡᠮᠡᠭᠳᠡᠪᠡ᠃    1 — 3 ᠰᠠᠷ᠎ᠠ ᠳᠤ ᠬᠡᠪᠴᠢᠶ᠎ᠡ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 45.1 ᠨᠡᠮᠡᠭᠳᠡᠵᠡᠢ᠃    1 — 3 ᠰᠠᠷ᠎ᠠ ᠳᠤ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠠᠴᠠ 40.2 ᠨᠡᠮᠡᠭᠳᠡᠵᠡᠢ᠃    1 — 3 ᠰᠠᠷ᠎ᠠ ᠳᠤ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 38573 ᠲᠦᠮᠡᠨ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.8% ᠪᠠᠷ ᠨᠡᠮᠡᠭᠳᠡᠪᠡ᠃    1 — 3 ᠰᠠᠷ᠎ᠠ ᠳᠤ ᠪᠦᠬᠦ ᠰᠠᠭᠤᠭᠠᠯᠢ ᠠᠷᠠᠳ ᠤᠨ ᠣᠷᠣᠯᠭ᠎ᠠ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 6287 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.9% ᠪᠠᠷ ᠨᠡᠮᠡᠭᠳᠡᠪᠡ᠃    1 — 3 ᠰᠠᠷ᠎ᠠ ᠳᠤ ᠬᠤᠲᠠ ᠪᠠᠯᠭᠠᠰᠤᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 9988 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 7.5% ᠪᠠᠷ ᠨᠡᠮᠡᠭᠳᠡᠪᠡ︔    1 — 3 ᠰᠠᠷ᠎ᠠ ᠳᠤ ᠬᠥᠳᠡᠭᠡ ᠲᠣᠰᠬᠤᠨ ᠤ ᠮᠠᠯᠴᠢᠳ ᠤᠨ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 4381 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.9% ᠪᠠᠷ ᠨᠡᠮᠡᠭᠳᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号