11 ᠰᠠᠷ᠎ᠠ ᠶᠢᠨ 22 ᠤᠨ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶ᠎ᠠ | ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠠᠷᠪᠠᠨ ᠭᠤᠷᠪᠠᠳᠤᠭᠠᠷ ᠤᠳᠠᠭᠠᠨ ᠤ ᠬᠠᠮᠲᠤ ᠶᠢᠨ | ᠰᠤᠷᠤᠯᠴᠠᠯᠭ᠎ᠠ ᠶᠢᠨ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠼᠠᠢ ᠪᠦᠦ ᠵᠢᠶᠦ᠋ᠨ | ᠬᠤᠷᠠᠯ ᠡᠷᠬᠢᠯᠡᠪᠡ᠃ | ᠬᠤᠷᠠᠯ ᠳᠡᠭᠡᠷ᠎ᠡ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭᠠᠨ ᠤ ᠲᠡᠭᠦᠪᠦᠷᠢ᠂ ᠶᠡᠷᠦᠩᠬᠡᠢ ᠱᠦᠵᠢ | ᠰᠢ ᠶᠢᠨ ᠫᠢᠩ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠬᠠᠢ ᠴᠢᠬᠤᠯᠠ ᠥᠭᠦᠯᠡᠯᠲᠡ ᠶᠢᠨ | ᠲᠡᠭᠦᠪᠦᠷᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠤᠨ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︿ᠳᠤᠮᠳᠠᠳᠤ ᠤᠯᠤᠰ ᠤᠨ ᠡᠪ | ᠬᠠᠮᠲᠤ ᠨᠠᠮ ᠤᠨ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ ᠤᠨ | ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠳᠦᠷᠢᠮ﹀ ᠢ ᠲᠤᠭᠤᠰᠢᠯᠠᠭᠤᠯᠬᠤ ᠬᠡᠷᠡᠭᠵᠢᠭᠦᠯᠬᠦ | ᠨᠠᠷᠢᠨ ᠳᠦᠷᠢᠮ︾ ᠢ ᠳᠠᠷᠤᠮᠠᠯᠯᠠᠨ ᠲᠠᠷᠬᠠᠭᠠᠬᠤ ᠲᠤᠬᠠᠢ ᠮᠡᠳᠡᠭᠳᠡᠯ ᠵᠡᠷᠭᠡ ᠶᠢ ᠰᠤᠷᠤᠯᠴᠠᠬᠤ ᠶᠢᠨ ᠬᠠᠮᠲᠤ ︽ | ᠶᠡᠷᠦᠩᠬᠡᠢ ᠱᠦᠵᠢ ᠰᠢ ᠶᠢᠨ ᠫᠢᠩ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠲᠥᠪ ᠤᠨ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ | ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ︾ ᠤᠨ ᠭᠤᠣᠯ ᠰᠡᠳᠦᠪ ᠤᠨ ᠲᠣᠭᠤᠷᠢᠨ ᠳᠤ ᠰᠤᠳᠤᠯᠤᠨ | ᠶᠠᠷᠢᠯᠴᠠᠵᠤ ᠰᠠᠨᠠᠯ ᠢᠶᠠᠨ ᠰᠣᠯᠢᠯᠴᠠᠪᠠ᠃ | ᠬᠤᠷᠠᠯ ᠠᠴᠠ᠂ ᠬᠠᠤᠯᠢᠵᠢᠯ ᠤᠨ ᠪᠠᠶᠢᠭᠤᠯᠤᠯᠲᠠ ᠶᠢᠨ ᠵᠥᠪ ᠴᠢᠭᠯᠡᠯ ᠢ ᠪᠠᠲᠤ ᠡᠵᠡᠮᠳᠡᠵᠦ᠂ ᠰᠢ ᠶᠢᠨ ᠫᠢᠩ ᠤᠨ | ᠬᠠᠤᠯᠢᠵᠢᠯ ᠤᠨ ᠦᠵᠡᠯ ᠰᠠᠨᠠᠭ᠎ᠠ ᠶᠢ ᠪᠦᠬᠦ ᠲᠠᠯ᠎ᠠ ᠪᠠᠷ ᠬᠠᠤᠯᠢ ᠪᠠᠷ ᠬᠤᠰᠢᠭᠤ ᠪᠠᠨ ᠵᠠᠰᠠᠬᠤ ᠡᠯ᠎ᠡ ᠲᠠᠯ᠎ᠠ ᠪᠠ ᠪᠦᠬᠦ | ᠶᠠᠪᠤᠴᠠ ᠳᠤ ᠲᠤᠭᠤᠰᠢᠯᠠᠭᠤᠯᠵᠤ᠂ ᠬᠠᠤᠯᠢᠵᠢᠯ ᠤᠨ ᠠᠷᠭ᠎ᠠ ᠬᠡᠯᠪᠡᠷᠢ ᠪᠠᠷ ᠬᠤᠳᠠᠯᠳᠤᠭ᠎ᠠ ᠡᠷᠬᠢᠯᠡᠬᠦ ᠣᠷᠴᠢᠨ | ᠨᠥᠬᠦᠴᠡᠯ ᠢ ᠰᠢᠯᠢᠳᠡᠭᠵᠢᠭᠦᠯᠵᠦ᠂ ᠬᠠᠤᠯᠢᠵᠢᠯ ᠤᠨ ᠠᠷᠭ᠎ᠠ ᠪᠠᠷᠢᠯ ᠢᠶᠠᠷ ᠨᠡᠶᠢᠭᠡᠮ ᠤᠨ ᠲᠣᠭᠲᠠᠭᠤᠨ ᠢ ᠬᠠᠮᠠᠭᠠᠯᠠᠵᠤ᠂ | ᠬᠠᠤᠯᠢᠵᠢᠯ ᠤᠨ ᠬᠦᠴᠦᠨ ᠢᠶᠠᠷ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠰᠠᠬᠢᠨ ᠬᠠᠮᠠᠭᠠᠯᠠᠵᠤ᠂ ᠠᠷᠠᠳ | ᠲᠦᠮᠡᠨ ᠤ ᠠᠵᠠ ᠵᠢᠷᠭᠠᠯ ᠢ ᠨᠡᠮᠡᠭᠳᠡᠭᠦᠯᠵᠦ᠂ ᠨᠡᠩ ᠥᠨᠳᠥᠷ ᠲᠦᠪᠰᠢᠨ ᠪᠦᠬᠦᠢ ᠬᠠᠤᠯᠢᠵᠢᠯ ᠤᠨ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠳᠠᠬᠢᠨ | ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ᠂ | ᠬᠠᠪᠰᠤᠷᠤᠨ ᠲᠡᠳᠬᠦᠬᠦ ᠠᠵᠤ ᠦᠢᠯᠡᠰ ᠤᠨ ᠬᠥᠭᠵᠢᠯᠲᠡ ᠶᠢ ᠲᠥᠷᠥᠯ ᠬᠤᠪᠢᠶᠠᠨ ᠠᠬᠢᠭᠤᠯᠵᠤ᠂ ᠪᠡᠭᠡᠵᠢᠩ ᠥᠪᠥᠷ | ᠮᠣᠩᠭᠤᠯ ᠤᠨ ᠬᠠᠮᠵᠢᠯᠴᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ᠂ | ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ ᠶᠢ ᠭᠦᠨᠵᠡᠭᠡᠶᠢᠷᠡᠭᠦᠯᠵᠦ᠂ ᠳᠠᠪᠠᠭᠤᠯᠢᠭ ᠠᠵᠤ ᠦᠢᠯᠡᠰ ᠤᠨ | ᠬᠥᠭᠵᠢᠯᠲᠡ ᠪᠣᠯᠤᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠤᠨ ᠡᠭᠦᠷᠭᠡ ᠶᠢ ᠪᠣᠳᠠᠲᠠᠢ ᠳᠤ | ᠨᠠᠶᠢᠳᠠᠪᠤᠷᠢᠵᠢᠭᠤᠯᠬᠤ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ᠂ ᠳᠡᠭᠡᠳᠦ ᠱᠠᠲᠤ ᠨᠢ ᠳᠣᠣᠷᠠᠳᠤ ᠱᠠᠲᠤ ᠪᠠᠨ ᠳᠠᠭᠠᠭᠤᠯᠬᠤ ᠶᠢ ᠲᠤᠪᠤᠶᠢᠯᠭᠠᠵᠦ᠂ | ᠬᠤᠰᠢᠭᠤᠨ ᠤ ᠱᠠᠲᠤᠨ ᠤ ᠤᠳᠤᠷᠢᠳᠤᠯᠭ᠎ᠠ ᠵᠢᠱᠢᠶ᠎ᠡ ᠦᠵᠡᠭᠦᠯᠵᠦ ᠳᠠᠭᠠᠭᠤᠯᠬᠤ ᠦᠢᠯᠡᠳᠦᠯ ᠢᠶᠠᠨ ᠦᠨᠡᠨ ᠬᠦ | ᠪᠠᠳᠠᠷᠠᠭᠤᠯᠵᠤ᠂ ︽ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ | ᠬᠥᠩᠭᠡᠷᠡᠭᠦᠯᠬᠦ ᠲᠤᠬᠠᠢ ᠲᠣᠭᠲᠠᠭᠠᠯ ᠤᠳ︾ ᠤᠨ ᠡᠯ᠎ᠡ ᠵᠦᠢᠯ ᠤᠨ ᠱᠠᠭᠠᠷᠳᠠᠯᠭ᠎ᠠ ᠶᠢ ᠡᠯ᠎ᠡ ᠱᠤᠭᠤᠮ᠂ ᠡᠯ᠎ᠡ ᠬᠦᠷᠢᠶ᠎ᠡ | ᠂ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠬᠡᠷᠡᠭᠲᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢ᠊ ᠡᠶ᠎ᠡ ᠶᠢᠨ ︿ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠬᠤᠷᠢᠶ᠎ᠠ ︵ | ᠨᠠᠮ ᠤᠨ ᠤᠳᠤᠷᠢᠳᠬᠤ ᠳᠤᠭᠤᠶᠢᠯᠠᠩ︶ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠬᠤ | ᠳᠦᠷᠢᠮ︾ ᠢ ᠲᠤᠭᠤᠰᠢᠯᠠᠭᠤᠯᠬᠤ ᠬᠡᠷᠡᠭᠵᠢᠭᠦᠯᠬᠦ ᠨᠠᠷᠢᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ | ᠰᠤᠷᠤᠯᠴᠠᠭᠰᠠᠨ ᠪᠠᠶᠢᠳᠠᠯ ᠢ ᠦᠷᠭᠦᠯᠵᠢ ᠰᠤᠳᠤᠯᠵᠤ᠂ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠵᠤ᠂ | ᠱᠠᠯᠠᠪᠳᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠰᠣᠷᠣᠭᠰᠠᠨ ᠢᠶᠠᠨ ᠬᠡᠷᠡᠭᠯᠡᠬᠦ᠂ ᠰᠤᠷᠤᠭᠰᠠᠨ ᠢᠶᠠᠨ | ᠠᠬᠢᠭᠤᠯᠬᠤ ᠶᠢ ᠠᠬᠢᠭᠤᠯᠵᠤ᠂ ᠣᠨᠣᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ | ᠲᠠᠰᠤᠷᠠᠯᠲᠠ ᠥᠬᠡᠶ ᠠᠬᠢᠭᠤᠯᠬᠤ ᠬᠡᠷᠡᠭᠲᠡᠢ᠃ ᠠᠶᠢᠮᠠᠭ ᠤᠨ ᠲᠣᠭᠤᠷᠢᠨ ᠰᠣᠨᠣᠰᠬᠤ ᠠᠵᠢᠯ ᠤᠨ ᠳᠤᠭᠤᠶᠢᠯᠠᠩ | ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃ |