ᠳᠥᠷᠥᠯᠵᠢ ᠪᠠᠯᠭᠠᠰᠤᠨ ᠤ ᠱᠤᠸᠠᠩ ᠶᠢᠨ ᠭᠠᠴᠠᠭ᠎ᠠ ᠳᠤ᠂ ᠨᠢᠭᠡᠨ ᠰᠢᠯᠭᠠᠷᠠᠭᠰᠠᠨ ᠡᠮᠡᠭᠲᠡᠢ ᠪᠦᠦ ᠶᠢᠨ ᠯᠢᠶᠠᠨ ᠲᠠᠢ | ᠶᠤᠮ᠂ ᠲᠡᠷᠡ ᠪᠣᠯ ᠠᠵᠤ ᠦᠢᠯᠡᠰ ᠢᠶᠠᠷ ᠪᠠᠶᠠᠵᠢᠬᠤ ᠶᠢ ᠬᠥᠲᠥᠯᠥᠨ ᠳᠠᠭᠠᠭᠤᠯᠬᠤ ᠬᠤᠰᠢᠭᠤᠴᠢ ᠪᠣᠯᠬᠤ ᠪᠠᠷ ᠪᠠᠷᠠᠬᠤ | ᠦᠭᠡᠢ᠂ ᠨᠡᠩ ᠴᠤ ᠬᠥᠳᠡᠭᠡ ᠲᠣᠰᠬᠤᠨ ᠤ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠦᠷᠢᠶᠡᠨ ᠤ ᠡᠷᠡᠯᠬᠡᠭ | ᠪᠠᠭᠠᠲᠤᠷᠯᠢᠭ ᠦᠢᠯᠡᠳᠦᠯᠭᠡᠵᠢᠭᠦᠯᠦᠭᠴᠢ ᠪᠣᠯᠤᠨ᠎ᠠ᠃ 11 ᠰᠠᠷ᠎ᠠ ᠶᠢᠨ 22 ᠤᠨ ᠡᠳᠦᠷ᠂ ᠳᠥᠷᠥᠯᠵᠢ ᠪᠠᠯᠭᠠᠰᠤᠨ ᠤ | ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠲᠢᠩᠬᠢᠮ ᠳᠤ ︽ᠨᠠᠷᠠᠨ ᠤ | ᠲᠥᠯᠥᠪ︾ ᠪᠦᠲᠦᠭᠡᠭᠳᠡᠬᠦᠨ ᠢ ᠤᠭᠲᠤᠨ ᠠᠪᠴᠢᠷᠠᠵᠤ᠂ ᠡᠭᠦᠨ ᠳᠤ ᠠᠯᠲᠠᠨ ᠯᠢᠩᠬᠸ᠎ᠠ ᠶᠢᠨ ᠭᠠᠪᠢᠶ᠎ᠠ ᠪᠠᠶᠢᠭᠤᠯᠵᠤ | ᠳᠡᠶᠢᠯᠬᠦ ᠦᠭᠡᠢ ᠪᠣᠯᠵᠠᠢ᠃ | ᠡᠬᠢᠨ ᠳᠤ᠂ ᠪᠦᠦ ᠶᠢᠨ ᠯᠢᠶᠠᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠪᠠ ᠴᠠᠭᠠᠨ ᠢᠳᠡᠭᠡ | ᠡᠳ᠋ᠰᠢᠭᠦᠯᠦᠨ ᠪᠣᠷᠣᠯᠠᠭᠤᠯᠬᠤ ᠲᠠᠯ᠎ᠠ ᠪᠠᠷ ᠨᠠᠷᠢᠯᠢᠭ ᠰᠠᠶᠢᠬᠠᠨ ᠤᠯᠠᠮᠵᠢᠯᠠᠯᠲᠤ ᠭᠠᠷ ᠤᠷᠠᠯᠠᠯ ᠢᠶᠠᠷ ᠴᠠᠭᠠᠨ ᠢᠳᠡᠭᠡᠨ ᠤ | ᠬᠦᠷᠢᠶᠡᠨ ᠳᠤ ᠠᠩᠬ᠎ᠠ ᠢᠯᠡᠷᠡᠪᠡ᠃ ᠣᠳᠣᠬᠠᠨ ᠳᠤ᠂ ᠲᠡᠷᠡ ᠡᠯᠧᠺᠲᠷᠤᠨ ᠬᠤᠳᠠᠯᠳᠤᠭᠠᠨ ᠤ ᠲᠠᠪᠴᠠᠩ ᠢ ᠠᠰᠢᠭᠯᠠᠨ | ᠂ ᠦᠬᠡᠷ ᠤᠨ ᠪᠣᠷᠴᠠ ᠪᠣᠷᠣᠯᠠᠭᠤᠯᠬᠤ ᠰᠢᠨ᠎ᠡ ᠠᠶᠠᠨ ᠢ ᠡᠬᠢᠯᠡᠭᠦᠯᠵᠦ᠂ ᠳᠥᠷᠥᠯᠵᠢ ᠪᠠᠯᠭᠠᠰᠤᠨ ᠤ ᠠᠵᠤ ᠦᠢᠯᠡᠰ ᠤᠨ | ᠤᠯᠠᠨ ᠡᠰᠢᠵᠢᠭᠰᠡᠨ ᠬᠥᠭᠵᠢᠯᠲᠡ ᠳᠤ ᠪᠠᠲᠤ ᠪᠠᠬᠢ ᠬᠡᠷᠡᠭᠵᠢᠭᠦᠯᠵᠦ ᠪᠣᠯᠬᠤᠶᠢᠴᠠ ᠵᠠᠮ ᠢ ᠨᠡᠭᠡᠭᠡᠵᠦ ᠥᠭᠴᠡᠢ᠃ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠬᠦᠴᠦᠲᠡᠢ ᠠᠬᠢᠭᠤᠯᠤᠯ ᠳᠣᠣᠷ᠎ᠠ᠂ ︽ᠰᠢᠶᠣᠤ | ᠵᠢᠩ ᠮᠠᠶ᠋ᠢᠭ︾ ᠤᠨ ᠠᠵᠤ ᠦᠢᠯᠡᠰ ᠤᠨ ᠳᠠᠭᠠᠭᠤᠯᠤᠭᠴᠢ ᠶᠢᠨ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ | ᠦᠢᠯᠡᠳᠦᠯ ᠳᠣᠣᠷ᠎ᠠ᠂ ᠥᠷᠭᠡᠨ ᠣᠯᠠᠨ ᠮᠠᠯᠴᠢᠨ ᠲᠠᠷᠢᠶᠠᠴᠢᠨ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ | ᠨᠡᠮᠡᠭᠳᠡᠭᠦᠯᠬᠦ ᠰᠠᠷᠠᠭᠤᠯ ᠳᠠᠷᠳᠠᠩ ᠵᠠᠮ ᠢᠶᠠᠷ ᠠᠮᠵᠢᠯᠲᠠ ᠲᠠᠢ ᠠᠯᠬᠤᠪᠠ᠃ ᠪᠦᠦ ᠶᠢᠨ ᠯᠢᠶᠠᠨ ᠪᠣᠯ ᠳᠠᠷᠤᠢ ᠡᠨᠡ ᠬᠦ | ᠳᠠᠷᠳᠠᠩ ᠵᠠᠮ ᠤᠨ ᠳᠠᠭᠠᠭᠤᠯᠤᠭᠴᠢ ᠮᠥᠨ᠂ ᠲᠡᠷᠡ ᠴᠢᠨᠠᠷ ᠰᠠᠶᠢᠲᠠᠢ ᠮᠣᠩᠭᠤᠯ ᠦᠨᠳᠦᠰᠦᠲᠡᠨ ᠤ ᠤᠯᠠᠮᠵᠢᠯᠠᠯᠲᠤ | ᠭᠠᠷ ᠤᠷᠠᠯᠠᠯ ᠤᠨ ᠴᠠᠭᠠᠨ ᠢᠳᠡᠭᠡ ᠪᠠᠷ ᠤᠯᠠᠮᠵᠢᠯᠠᠯᠲᠤ ᠴᠠᠭᠠᠨ ᠢᠳᠡᠭᠡᠨ ᠤ ᠠᠵᠤ ᠦᠢᠯᠡᠰ ᠲᠤ ᠰᠢᠨ᠎ᠡ | ᠠᠮᠢᠵᠢᠷᠠᠯ ᠤᠨ ᠬᠦᠴᠦᠨ ᠨᠡᠮᠡᠷᠢᠯᠡᠭᠰᠡᠨ ᠪᠠᠶᠢᠨ᠎ᠠ᠃ ᠲᠡᠷᠡ ᠣᠶᠤᠨ ᠤᠬᠠᠭᠠᠨ᠂ ᠰᠥᠰᠥ ᠵᠣᠷᠢᠭ ᠪᠣᠯᠤᠨ ᠰᠢᠨ᠎ᠡ ᠶᠢ | ᠡᠭᠦᠳᠬᠦ ᠵᠣᠷᠢᠭ ᠰᠠᠨᠠᠭ᠎ᠠ ᠳᠠᠭᠠᠨ ᠲᠦᠰᠢᠭᠯᠡᠵᠦ᠂ ᠲᠠᠷᠢᠶᠠᠯᠠᠩ ᠲᠤᠰᠠᠯᠠᠬᠤ ᠠᠵᠤ ᠠᠬᠤᠢ ᠶᠢᠨ ᠪᠦᠲᠦᠭᠡᠭᠳᠡᠬᠦᠨ ᠤ | ᠭᠠᠷᠤᠯᠲᠠ ᠪᠣᠯᠤᠨ ᠶᠠᠰᠤ ᠴᠢᠨᠠᠷ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ᠂ ᠪᠠᠰᠠ ᠪᠣᠷᠣᠯᠠᠭᠤᠯᠭ᠎ᠠ ᠶᠢᠨ ᠠᠷᠭ᠎ᠠ | ᠵᠠᠮ ᠢ ᠥᠷᠭᠡᠳᠬᠡᠵᠦ᠂ ᠮᠠᠯᠴᠢᠨ ᠲᠠᠷᠢᠶᠠᠴᠢᠨ ᠤ ᠰᠢᠷᠭᠠᠭᠤ ᠬᠥᠳᠡᠯᠮᠦᠷᠢ ᠶᠢ ᠦᠨᠡᠨ ᠪᠣᠳᠠᠲᠠᠢ ᠠᠵᠤ ᠠᠬᠤᠢ ᠶᠢᠨ | ᠠᠰᠢᠭ ᠣᠷᠣᠯᠭ᠎ᠠ ᠪᠣᠯᠭᠠᠨ ᠬᠤᠪᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ | ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠰᠢᠶᠠᠩ ᠪᠠᠯᠭᠠᠰᠤᠨ ᠤ ᠠᠵᠤ ᠠᠬᠤᠢ ᠨᠡᠶᠢᠭᠡᠮ ᠤᠨ ᠬᠥᠭᠵᠢᠯ ᠴᠡᠴᠡᠭᠯᠡᠯ | ᠪᠣᠯᠤᠨ ᠲᠣᠭᠲᠠᠭᠤᠨ ᠢ ᠬᠦᠴᠦᠲᠡᠢ ᠠᠬᠢᠭᠤᠯᠤᠭᠰᠠᠨ ᠪᠥᠭᠡᠳ ᠰᠢᠨ᠎ᠡ ᠴᠠᠭ ᠦᠶ᠎ᠡ ᠶᠢᠨ ᠣᠨᠴᠠᠯᠢᠭᠲᠤ | ᠲᠠᠷᠢᠶᠠᠯᠠᠩ ᠤᠨ ᠬᠥᠭᠵᠢᠯᠲᠡ ᠶᠢᠨ ᠵᠠᠭᠪᠤᠷ ᠤᠨ ᠳᠣᠣᠷᠠᠬᠢ ᠢᠳᠡᠪᠬᠢᠲᠡᠢ ᠦᠷ᠎ᠡ ᠪᠦᠲᠦᠮᠵᠢ ᠪᠣᠯᠤᠨ ᠬᠢᠵᠠᠭᠠᠯᠠᠰᠢ | ᠦᠭᠡᠢ ᠳᠠᠯᠳᠠ ᠬᠦᠴᠦᠨ ᠢ ᠢᠯᠡᠷᠡᠭᠦᠯᠦᠭᠰᠡᠨ ᠪᠠᠶᠢᠨ᠎ᠠ᠃ | ᠨᠢᠭᠡ ᠳᠤ᠂ ᠲᠡᠵᠢᠭᠡᠨ ᠦᠷᠡᠵᠢᠭᠦᠯᠬᠦ ᠦᠵᠡᠯᠲᠡ ᠪᠠᠨ ᠢᠳᠡᠪᠬᠢᠲᠡᠢ ᠬᠤᠪᠢᠷᠠᠭᠤᠯᠵᠤ᠂ ᠴᠢᠨᠠᠷ ᠰᠠᠶᠢᠲᠠᠢ | ᠰᠦ ᠶᠢᠨ ᠢᠷᠡᠯᠲᠡ ᠶᠢ ᠪᠦᠬᠦ ᠬᠦᠴᠦᠨ ᠢᠶᠠᠷ ᠢᠶᠠᠨ ᠪᠤᠶᠢᠵᠢᠭᠤᠯᠤᠨ᠎ᠠ᠃ ᠪᠦᠦ ᠶᠢᠨ ᠯᠢᠶᠠᠨ ᠨᠠᠮ ᠤᠨ ᠲᠥᠷᠥ ᠶᠢᠨ | ᠪᠣᠳᠣᠯᠭ᠎ᠠ ᠶᠢᠨ ᠵᠢᠯᠣᠭᠤᠳᠣᠯᠭ᠎ᠠ ᠶᠢ ᠴᠢᠩᠭ᠎ᠠ ᠳᠠᠭᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ | ᠲᠡᠵᠢᠭᠡᠨ ᠦᠷᠡᠵᠢᠭᠦᠯᠬᠦ ᠳᠤ ᠠᠷᠠᠳ ᠲᠤ ᠠᠰᠢᠭ ᠬᠦᠷᠲᠡᠭᠡᠬᠦ᠂ ᠣᠨᠴᠠᠯᠢᠭᠲᠤ ᠲᠡᠵᠢᠭᠡᠨ ᠦᠷᠡᠵᠢᠭᠦᠯᠬᠦ ᠶᠢ | ᠵᠣᠷᠢᠭᠵᠢᠭᠤᠯᠬᠤ ᠶᠡᠭᠡ ᠰᠠᠶᠢᠨ ᠠᠵᠠ ᠲᠣᠬᠢᠶᠠᠯ ᠢ ᠪᠠᠲᠤ ᠡᠵᠡᠮᠳᠡᠵᠦ᠂ ︽ᠦᠬᠡᠷ ᠢ ᠰᠠᠶᠢᠲᠤᠷ ᠲᠡᠵᠢᠭᠡᠬᠦ᠂ ᠰᠠᠶᠢᠨ | ᠰᠦ ᠬᠤᠳᠠᠯᠳᠤᠬᠤ᠂ ᠭᠠᠷ ᠤᠷᠠᠯᠠᠯ ᠢ ᠪᠠᠲᠤ ᠰᠠᠬᠢᠬᠤ︾ ᠣᠶᠢᠯᠠᠭᠠᠭᠳᠠᠬᠤᠨ ᠢ ᠪᠠᠷᠢᠮᠲᠠᠯᠠᠵᠤ᠂ ᠲᠡᠵᠢᠭᠡᠨ | ᠦᠷᠡᠵᠢᠭᠦᠯᠬᠦ ᠦᠵᠡᠯᠲᠡ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠠᠯᠬᠤᠮ ᠠᠯᠬᠤᠮ ᠢᠶᠠᠷ | ᠪᠡᠶᠡᠯᠡᠭᠦᠯᠦᠨ᠎ᠡ᠃ ᠲᠡᠷᠡ ᠲᠡᠵᠢᠭᠡᠪᠦᠷᠢ ᠶᠢᠨ ᠭᠤᠣᠯᠳᠠᠯᠭ᠎ᠠ ᠪᠠᠨ ᠴᠢᠨᠠᠷ ᠰᠠᠶᠢᠲᠠᠢ ᠰᠠᠭᠠᠯᠢ ᠶᠢᠨ ᠦᠨᠢᠶ᠎ᠡ | ᠰᠠᠶᠢᠵᠢᠷᠠᠭᠤᠯᠬᠤ ᠲᠡᠶᠢᠰᠢ ᠰᠢᠯᠵᠢᠭᠦᠯᠵᠦ᠂ ᠰᠢᠮᠧᠨ᠋ᠳᠠᠷ ᠦᠬᠡᠷ ᠤᠨ ᠡᠭᠦᠯᠳᠡᠷ ᠢ ᠠᠮᠵᠢᠯᠲᠠ ᠲᠠᠢ ᠣᠷᠣᠭᠤᠯᠪᠠ᠃ ᠡᠨᠡ | ᠬᠦ ᠶᠠᠪᠤᠴᠠ ᠳᠤ᠂ ᠲᠡᠷᠡ ᠥᠪᠡᠷ ᠤᠨ ᠠᠵᠤ ᠦᠢᠯᠡᠰ ᠤᠨ ᠬᠥᠭᠵᠢᠯᠲᠡ ᠳᠤ ᠬᠦᠴᠦ ᠨᠡᠮᠡᠭᠰᠡᠨ ᠢᠶᠠᠷ ᠪᠠᠷᠠᠬᠤ ᠦᠭᠡᠢ᠂ | ᠮᠠᠯᠴᠢᠨ ᠲᠠᠷᠢᠶᠠᠴᠢᠨ ᠳᠤ ᠶᠡᠭᠡ ᠬᠡᠮᠵᠢᠶᠡᠨ ᠤ ᠠᠵᠢᠯ ᠣᠯᠬᠤ ᠲᠣᠬᠢᠶᠠᠯ ᠣᠯᠭᠤᠭᠰᠠᠨ ᠪᠠᠶᠢᠨ᠎ᠠ᠂ ᠲᠡᠷᠡ ᠦᠬᠡᠷᠴᠢᠨ | 1 ᠨᠡᠷ᠎ᠡ ᠬᠥᠯᠥᠰᠥᠯᠡᠵᠦ᠂ ᠡᠭᠦᠨ ᠤ ᠬᠠᠮᠲᠤ ᠴᠠᠭᠠᠨ ᠢᠳᠡᠭᠡ ᠵᠢᠴᠢ ᠬᠠᠲᠠᠭᠠᠭᠰᠠᠨ ᠭᠠᠷ ᠤᠷᠠᠯᠢᠭᠴᠢᠨ 7 ᠨᠡᠷ᠎ᠡ | ᠪᠠᠶᠢᠵᠤ᠂ ᠭᠠᠴᠠᠭᠠᠨ ᠤ 6 ᠲᠡᠵᠢᠭᠡᠨ ᠦᠷᠡᠵᠢᠭᠦᠯᠬᠦ ᠡᠷᠦᠬᠡ ᠶᠢ ᠳᠠᠶᠢᠴᠢᠯᠠᠨ ᠴᠠᠭᠠᠨ ᠢᠳᠡᠭᠡ ᠪᠣᠯᠪᠠᠰᠤᠷᠠᠭᠤᠯᠬᠤ | ᠦᠢᠯᠡᠳᠪᠦᠷᠢ ᠳᠤ ᠨᠠᠩ ᠴᠢᠨᠠᠷ ᠰᠠᠶᠢᠲᠠᠢ ᠰᠦ ᠬᠠᠩᠭᠠᠵᠤ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠬᠦᠷᠲᠡᠬᠦ ᠶᠢ | ᠪᠡᠶᠡᠯᠡᠭᠦᠯᠪᠡ᠃ | ᠬᠤᠶᠠᠷ ᠲᠤ᠂ ᠲᠠᠷᠢᠶᠠᠯᠠᠩ ᠰᠣᠶᠣᠯ ᠵᠤᠭᠠᠴᠠᠯ ᠢ ᠠᠭᠤᠰᠤᠯᠴᠠᠭᠤᠯᠬᠤ ᠲᠦᠷᠭᠡᠨ ᠲᠡᠷᠭᠡᠨ ᠳᠤ ᠰᠠᠭᠤᠵᠤ᠂ | ᠳᠠᠩᠰᠠᠯᠠᠭᠤᠯᠬᠤ ᠲᠦᠷᠦᠯ ᠲᠡᠮᠳᠡᠭ ᠢ ᠨᠠᠷᠢᠨ ᠨᠢᠮᠪᠠᠢ ᠡᠭᠦᠳᠦᠨ᠎ᠡ᠃ ᠲᠠᠷᠢᠶᠠᠯᠠᠩ ᠰᠣᠶᠣᠯ ᠵᠢᠭᠤᠯᠴᠢᠯᠠᠯ | ᠠᠭᠤᠰᠤᠯᠴᠠᠭᠰᠠᠨ ᠴᠠᠭ ᠦᠶ᠎ᠡ ᠶᠢᠨ ᠳᠠᠪᠠᠯᠭᠠᠨ ᠳᠤᠮᠳᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ | ᠪᠠᠲᠤᠴᠠᠭᠠᠨ ᠤ ᠨᠠᠪᠴᠢ ᠤᠯᠠᠶᠢᠭᠰᠠᠨ ᠭᠠᠵᠠᠷ︾ ᠪᠣᠯᠤᠭᠰᠠᠨ ᠤ ᠬᠤᠪᠢ ᠳᠤ᠂ ᠲᠠᠪᠤᠨ ᠨᠠᠭᠤᠷ ᠳᠥᠷᠪᠡᠨ ᠳᠠᠯᠠᠢ ᠶᠢᠨ | ᠵᠤᠭᠠᠴᠠᠭᠰᠠᠳ ᠤᠨ ᠠᠩᠬᠠᠷᠤᠯ ᠢ ᠲᠠᠲᠠᠵᠤ ᠪᠠᠶᠢᠨ᠎ᠠ᠃ ᠪᠦᠦ ᠶᠢᠨ ᠯᠢᠶᠠᠨ ᠤ ᠴᠠᠭᠠᠨ ᠢᠳᠡᠭᠡ ᠨᠢ ᠴᠤ | ᠵᠢᠭᠤᠯᠴᠢᠯᠠᠭᠴᠢᠳ ᠤᠨ ᠠᠯᠤᠰ ᠬᠤᠯᠠ ᠠᠴᠠ ᠭᠠᠷᠴᠤ ᠪᠦᠬᠦ ᠬᠢᠲᠠᠳ ᠤᠨ ᠬᠡᠮᠵᠢᠶᠡᠨ ᠳᠤ ᠬᠦᠷᠪᠡ᠃ ᠳᠥᠷᠥᠯᠵᠢ | ᠪᠠᠯᠭᠠᠰᠤᠨ ᠤ ᠨᠠᠮ ᠤᠨ ᠬᠤᠷᠢ᠊ ᠡᠶ᠎ᠡ᠂ ᠵᠠᠰᠠᠭ ᠤᠨ ᠣᠷᠳᠣᠨ ᠤ ᠬᠦᠴᠦᠲᠡᠢ ᠳᠡᠮᠵᠢᠯᠭᠡ ᠳᠣᠣᠷ᠎ᠠ᠂ ᠲᠡᠷᠡ ᠴᠠᠭ ᠤᠨ | ᠪᠠᠶᠢᠳᠠᠯ ᠢ ᠲᠠᠭᠠᠨ ᠠᠵᠢᠯᠯᠠᠵᠤ᠂ ︽ᠨᠠᠷᠠᠳᠠᠢ︾ ᠴᠠᠭᠠᠨ ᠢᠳᠡᠭᠡᠨ ᠤ ᠲᠠᠸᠠᠷ ᠤᠨ ᠲᠡᠮᠳᠡᠭ ᠢ ᠠᠮᠵᠢᠯᠲᠠ ᠲᠠᠢ ᠪᠠᠷ | ᠳᠠᠩᠰᠠᠯᠠᠭᠤᠯᠤᠭᠰᠠᠨ ᠪᠥᠭᠡᠳ ᠡᠯ᠎ᠡ ᠲᠥᠷᠥᠯ ᠤᠨ ᠳᠡᠯᠭᠡᠨ ᠪᠣᠷᠣᠯᠠᠭᠤᠯᠬᠤ ᠴᠤᠭᠯᠠᠭᠠᠨ ᠳᠤ ᠢᠳᠡᠪᠬᠢᠲᠡᠢ ᠣᠷᠣᠯᠴᠠᠵᠤ | ᠂ ᠬᠢᠩᠭᠠᠨ ᠠᠶᠢᠮᠠᠭ ᠤᠨ ᠣᠷᠣᠨ ᠪᠦᠰᠡ ᠶᠢᠨ ᠣᠯᠠᠨ ᠨᠡᠶᠢᠲᠡ ᠶᠢᠨ ᠨᠡᠷᠡᠲᠦ ᠲᠡᠮᠳᠡᠭ ᠤᠨ ︽ᠬᠢᠩᠭᠠᠨ ᠳᠤ ᠢᠷᠡᠬᠦ︾ | ᠳᠤ ᠥᠪᠡᠷ ᠤᠨ ᠬᠦᠴᠦᠨ ᠴᠢᠳᠠᠯ ᠢᠶᠠᠨ ᠡᠷᠭᠦᠵᠡᠢ᠃ | ᠭᠤᠷᠪᠠ ᠳᠤ᠂ ᠡᠯᠧᠺᠲᠷᠤᠨ ᠬᠤᠳᠠᠯᠳᠤᠭᠠᠨ ᠤ ᠲᠠᠪᠴᠠᠩ ᠤᠨ ᠵᠡᠭᠦᠨ ᠰᠠᠯᠬᠢ ᠶᠢ ᠠᠰᠢᠭᠯᠠᠵᠤ᠂ ᠠᠵᠤ | ᠦᠢᠯᠡᠰ ᠤᠨ ᠬᠡᠪᠯᠡᠯ ᠤᠨ ᠵᠢᠷᠤᠭ ᠢ ᠶᠡᠬᠡᠪᠡᠷ ᠥᠷᠭᠡᠳᠬᠡᠨ᠎ᠡ᠃ ᠪᠦᠦ ᠶᠢᠨ ᠯᠢᠶᠠᠨ ᠤ ᠴᠠᠭᠠᠨ ᠢᠳᠡᠭᠡᠨ ᠠᠭᠠᠵᠢᠮ ᠢᠶᠠᠷ | ᠣᠯᠠᠨ ᠤ ᠬᠠᠷᠠᠭᠠᠨ ᠳᠤ ᠣᠷᠣᠬᠤ ᠳᠤ᠂ ᠲᠡᠷᠡ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠤᠷᠴᠠ ᠰᠡᠷᠭᠡᠭ ᠢᠶᠠᠷ ᠣᠯᠵᠤ | ᠮᠡᠳᠡᠵᠡᠢ᠃ ᠲᠤᠰ ᠭᠠᠵᠠᠷ ᠤᠨ ᠰᠠᠭᠤᠭᠠᠯᠢ ᠠᠷᠠᠳ ᠭᠡᠰᠡᠨ ᠦᠭᠡᠢ᠂ ᠭᠠᠳᠠᠷ ᠣᠷᠣᠨ ᠤ ᠵᠤᠭᠠᠴᠠᠭᠰᠠᠳ ᠭᠡᠰᠡᠨ | ᠦᠬᠡᠢ᠂ ᠪᠠᠶᠠᠷ ᠤᠨ ᠡᠳᠦᠷ ᠤᠨ ᠶᠣᠰᠣᠯᠠᠯ ᠪᠤᠶᠤ ᠭᠡᠷ ᠪᠦᠯᠢ ᠶᠢᠨ ᠴᠤᠭᠯᠠᠭᠠᠨ ᠭᠡᠰᠡᠨ ᠦᠭᠡᠢ᠂ ᠴᠠᠭᠠᠨ ᠢᠳᠡᠭᠡ | ᠬᠢᠭᠡᠳ ᠦᠬᠡᠷ ᠤᠨ ᠪᠣᠷᠴᠠ ᠶᠢᠨ ︽ᠣᠨᠴᠠᠯᠢᠭᠲᠤ ᠬᠠᠮᠲᠤᠷᠠᠯ︾ ᠨᠢ ᠬᠥᠮᠦᠰ ᠤᠨ ᠲᠠᠭᠠᠰᠢᠶᠠᠯ ᠢ ᠣᠯᠪᠠ᠃ | ᠲᠡᠭᠡᠭᠡᠳ ᠲᠡᠷᠡ ᠥᠪᠡᠷ ᠤᠨ ᠬᠠᠲᠠᠬᠠᠨ ᠮᠢᠬᠠᠨ ᠤ ᠨᠡᠷᠡᠲᠦ ᠲᠡᠮᠳᠡᠭ ᠢᠶᠠᠨ ᠡᠭᠦᠳᠬᠦ ᠪᠠᠷ ᠡᠷᠡᠰ ᠰᠢᠢᠳᠴᠡᠢ᠃ | ᠭᠡᠲᠡᠯ᠎ᠡ ᠴᠠᠭᠠᠨ ᠢᠳᠡᠭᠡ ᠴᠦ ᠭᠡᠰᠡᠨ ᠦᠬᠡᠷ ᠤᠨ ᠪᠣᠷᠴᠠ ᠴᠤ ᠭᠡᠰᠡᠨ ᠦᠢᠯᠡᠳᠪᠦᠷᠢᠯᠡᠯ ᠤᠨ ᠶᠠᠪᠤᠴᠠ ᠨᠢ | ᠦᠢᠯᠡᠳᠪᠦᠷᠢ ᠶᠢᠨ ᠲᠠᠰᠤᠭ ᠤᠨ ᠣᠷᠴᠢᠨ ᠲᠣᠭᠤᠷᠢᠨ ᠳᠤ ᠮᠠᠰᠢ ᠥᠨᠳᠥᠷ ᠱᠠᠭᠠᠷᠳᠠᠯᠭ᠎ᠠ ᠲᠠᠯᠪᠢᠵᠤ ᠪᠠᠶᠢᠪᠠ᠃ | ᠳᠥᠷᠥᠯᠵᠢ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠦᠬᠦ ᠬᠦᠴᠦᠨ ᠤ ᠵᠣᠬᠢᠴᠠᠭᠤᠯᠭ᠎ᠠ | ᠬᠠᠪᠰᠤᠷᠤᠯᠭ᠎ᠠ ᠳᠣᠣᠷ᠎ᠠ᠂ ᠲᠡᠭᠦᠨ ᠤ ᠦᠢᠯᠡᠳᠪᠦᠷᠢ ᠶᠢᠨ ᠭᠡᠷ ᠪᠠᠶᠢᠰᠢᠩ ᠨᠢ 2018 ᠣᠨ ᠤ 70 ᠲᠡᠭᠰᠢ | ᠳᠥᠷᠪᠡᠯᠵᠢᠨ ᠮᠧᠲᠷ ᠠᠴᠠ ᠣᠳᠣ 600 ᠲᠡᠭᠰᠢ ᠳᠥᠷᠪᠡᠯᠵᠢᠨ ᠮᠧᠲᠷ ᠪᠣᠯᠭᠠᠨ ᠥᠷᠭᠡᠳᠬᠡᠨ ᠪᠠᠶᠢᠭᠤᠯᠪᠠ᠃ | ᠣᠳᠣᠬᠠᠨ ᠳᠤ᠂ ᠳᠥᠷᠥᠯᠵᠢ ᠡᠯᠧᠺᠳ᠋ᠷᠣᠨ ᠬᠤᠳᠠᠯᠳᠤᠭᠠᠨ ᠤ ᠲᠠᠪᠴᠠᠩ ᠢ ᠠᠰᠢᠭᠯᠠᠨ᠂ ᠲᠡᠭᠦᠨ ᠤ ︽ᠬᠠᠲᠠᠭᠠᠭᠰᠠᠨ | ᠪᠣᠷᠴᠠ︾ ᠶᠢᠨ ᠬᠦᠰᠡᠯ ᠵᠡᠭᠦᠳᠦ ᠡᠴᠦᠰ ᠲᠡᠭᠡᠨ ᠪᠡᠶᠡᠯᠡᠭᠳᠡᠪᠡ᠃ ᠣᠶᠢᠷ᠎ᠠ ᠶᠢᠨ ᠵᠢᠯ ᠳᠤ᠂ ᠳᠥᠷᠥᠯᠵᠢ ᠪᠠᠯᠭᠠᠰᠤ | ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠨᠤᠲᠤᠭ ᠨᠤᠲᠤᠭ ᠤᠨ ᠨᠡᠷᠡᠲᠦ ᠲᠡᠮᠳᠡᠭᠲᠦ ᠶᠢ | ᠪᠤᠶᠢᠵᠢᠭᠤᠯᠵᠤ᠂ ᠣᠨᠴᠠᠯᠢᠭᠲᠤ ᠠᠵᠤ ᠦᠢᠯᠡᠰ ᠲᠤ ᠬᠦᠴᠦᠨ ᠨᠡᠮᠡᠷᠢᠯᠡᠵᠦ᠂ ᠲᠠᠷᠢᠶᠠᠯᠠᠩ ᠲᠤᠰᠠᠯᠠᠬᠤ ᠠᠵᠤ | ᠠᠬᠤᠢ ᠶᠢᠨ ᠪᠦᠲᠦᠭᠡᠭᠳᠡᠬᠦᠨ ᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠳᠥᠷᠥᠯᠵᠢ ᠪᠠᠯᠭᠠᠰᠤᠨ ᠤ ᠡᠯᠧᠺᠲᠷᠤᠨ | ᠬᠤᠳᠠᠯᠳᠤᠭᠠᠨ ᠤ ᠲᠠᠪᠴᠠᠩ ᠤᠨ ᠬᠥᠭᠵᠢᠯᠲᠡ ᠨᠢ ᠦᠨᠡᠨ ᠪᠣᠳᠠᠲᠠᠢ ᠠᠵᠤ ᠠᠬᠤᠢ ᠶᠢᠨ ᠦᠷ᠎ᠡ ᠠᠰᠢᠭ ᠢ | ᠠᠪᠴᠢᠷᠠᠭᠰᠠᠨ ᠢᠶᠠᠷ ᠪᠠᠷᠠᠬᠤ ᠦᠭᠡᠢ᠂ ᠨᠠᠩ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠲᠠᠰᠤᠷᠠᠯᠲᠠ | ᠥᠬᠡᠶ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠦ᠂ ᠳᠥᠷᠥᠯᠵᠢ ᠪᠠᠯᠭᠠᠰᠤᠨ ᠤ ᠣᠨᠴᠠᠯᠢᠭᠲᠤ ᠪᠦᠲᠦᠭᠡᠭᠳᠡᠬᠦᠨ ᠢ | ᠠᠭᠤᠯᠠ ᠤᠰᠤ ᠠᠯᠤᠰᠯᠠᠨ ᠲᠤᠰᠠᠭᠠᠷᠯᠠᠵᠤ᠂ ᠰᠢᠶᠠᠩ ᠪᠠᠯᠭᠠᠰᠤ ᠠᠴᠠ ᠪᠦᠬᠦ ᠤᠯᠤᠰ ᠲᠡᠶᠢᠰᠢ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠶᠢ ᠪᠢᠴᠢᠭᠯᠡᠪᠡ᠃ |