ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠠᠯᠠᠭᠤ ᠺᠠᠳ᠋ᠷᠴᠤᠳ ᠤᠨ ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠢᠴᠢ ᠰᠣᠩᠭᠤᠨ ᠰᠢᠯᠵᠢᠭᠦᠯᠬᠦ ᠰᠤᠷᠤᠭᠴᠢ ᠶᠢᠨ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/11/26
   ᠺᠠᠳ᠋ᠷ ᠤᠨ ᠲᠤᠰᠬᠠᠢ ᠮᠡᠷᠭᠡᠵᠢᠯ ᠤᠨ ᠴᠢᠳᠠᠪᠤᠷᠢ ᠶᠢ ᠳᠡᠭᠡᠭᠰᠢᠯᠡᠭᠦᠯᠬᠦ ︽ᠨᠥᠬᠦᠪᠥᠷᠢᠯᠡᠬᠦ︾ ᠲᠥᠯᠥᠪᠯᠡᠭᠡ ᠶᠢ ᠨᠠᠶᠢᠳᠠᠪᠤᠷᠢᠵᠢᠭᠤᠯᠵᠤ᠂ ᠵᠠᠯᠠᠭᠤ ᠺᠠᠳ᠋ᠷᠴᠤᠳ ᠤᠨ ᠤᠯᠤᠰ ᠲᠥᠷᠥ ᠶᠢᠨ ᠬᠡᠪ ᠴᠢᠨᠠᠷ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 11 ᠰᠠᠷ᠎ᠠ ᠶᠢᠨ 18 ᠤ ᠡᠳᠦᠷ ᠠᠴᠠ 22 ᠤᠨ ᠡᠳᠦᠷ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠠᠶᠢᠮᠠᠭ ᠤᠨ ᠨᠠᠮ ᠤᠨ ᠰᠤᠷᠭᠠᠭᠤᠯᠢ ᠳᠤ ᠵᠠᠯᠠᠭᠤ ᠺᠠᠳ᠋ᠷᠴᠤᠳ ᠤᠨ ᠤᠯᠤᠰ ᠲᠥᠷᠥ ᠶᠢᠨ ᠴᠢᠳᠠᠪᠤᠷᠢ ᠶᠢ ᠳᠡᠭᠡᠭᠰᠢᠯᠡᠭᠦᠯᠬᠦ ᠵᠢᠴᠢ ᠰᠣᠩᠭᠤᠨ ᠰᠢᠯᠵᠢᠭᠦᠯᠬᠦ ᠰᠤᠷᠤᠭᠴᠢ ᠶᠢᠨ ᠪᠣᠯᠪᠠᠰᠤᠷᠠᠯ ᠤᠨ ᠠᠩᠭᠢ ᠡᠷᠬᠢᠯᠡᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠢᠶᠠᠩ ᠪᠧᠢ ᠫᠢᠩ᠂ ᠠᠶᠢᠮᠠᠭ ᠤᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠳᠡᠳ᠋ ᠵᠠᠬᠢᠷᠤᠯ ᠯᠢ ᠵᠦᠩ ᠬᠠᠢ ᠰᠤᠷᠤᠯᠭ᠎ᠠ ᠡᠬᠢᠯᠡᠬᠦ ᠶᠣᠰᠣᠯᠠᠯ ᠳᠤ ᠣᠷᠣᠯᠴᠠᠵᠤ᠂ ᠪᠦᠬᠦ ᠬᠤᠰᠢᠭᠤᠨ ᠤ ᠬᠡᠰᠡᠭ ᠰᠣᠩᠭᠤᠨ ᠰᠢᠯᠵᠢᠭᠦᠯᠬᠦ ᠰᠤᠷᠤᠭᠴᠢ ᠵᠢᠴᠢ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ 48 ᠵᠠᠯᠠᠭᠤ ᠺᠠᠳ᠋ᠷ ᠪᠣᠯᠪᠠᠰᠤᠷᠠᠯ ᠳᠤ ᠣᠷᠣᠯᠴᠠᠪᠠ᠃    ᠲᠤᠰ ᠤᠳᠠᠭᠠᠨ ᠤ ᠪᠣᠯᠪᠠᠰᠤᠷᠠᠭᠤᠯᠤᠯ ᠤᠨ ᠬᠤᠭᠤᠴᠠᠭ᠎ᠠ ᠨᠢ 5 ᠡᠳᠦᠷ ᠪᠠᠶᠢᠵᠤ᠂ ᠣᠨᠣᠯ ᠤᠨ ᠬᠢᠴᠢᠶᠡᠯᠯᠡᠭᠡ᠂ ᠭᠤᠣᠯ ᠰᠡᠳᠦᠪᠲᠦ ᠰᠤᠳᠤᠯᠤᠨ ᠶᠠᠷᠢᠯᠴᠠᠬᠤ᠂ ᠲᠤᠬᠠᠢ ᠶᠢᠨ ᠲᠠᠯᠠᠪᠤᠷ ᠲᠤ ᠲᠣᠭᠤᠷᠢᠨ ᠦᠵᠡᠬᠦ ᠵᠡᠷᠭᠡ ᠣᠯᠠᠨ ᠵᠦᠢᠯ ᠤᠨ ᠬᠢᠴᠢᠶᠡᠯᠯᠡᠬᠦ ᠬᠡᠯᠪᠡᠷᠢ ᠶᠢ ᠠᠪᠴᠠᠢ᠃ ᠪᠣᠯᠪᠠᠰᠤᠷᠠᠯ ᠤᠨ ᠠᠭᠤᠯᠭ᠎ᠠ ᠨᠢ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠶᠡᠷᠦᠩᠬᠡᠶᠢᠯᠡᠭᠰᠡᠨ ᠡᠬᠡ ᠪᠢᠴᠢᠭ ᠤᠨ ᠵᠣᠬᠢᠶᠠᠨ ᠪᠢᠴᠢᠬᠦ ᠵᠡᠷᠭᠡ ᠶᠢ ᠬᠠᠮᠤᠷᠴᠤ᠂ ᠪᠣᠯᠪᠠᠰᠤᠷᠠᠯ ᠳᠤ ᠣᠷᠣᠯᠴᠠᠭᠰᠠᠳ ᠢ ᠬᠥᠲᠥᠯᠥᠨ ᠵᠢᠯᠣᠭᠤᠳᠴᠤ ᠪᠠᠶᠢᠭᠠᠳ ᠨᠠᠮᠴᠢ ᠴᠢᠨᠠᠷ ᠤᠨ ᠪᠣᠯᠪᠠᠰᠤᠷᠠᠯ ᠢ ᠨᠢ ᠲᠠᠰᠤᠷᠠᠯᠲᠠ ᠦᠭᠡᠢ ᠴᠢᠩᠭᠠᠳᠬᠠᠵᠤ᠂ ᠤᠯᠤᠰ ᠲᠥᠷᠥ ᠶᠢᠨ ᠤᠬᠠᠮᠰᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠨᠢ ᠳᠡᠭᠡᠭᠰᠢᠯᠡᠭᠦᠯᠪᠡ︔ ᠥᠪᠥᠷ ᠮᠣᠩᠭᠤᠯ ᠤᠨ ᠦᠨᠳᠦᠰᠦᠲᠡᠨ ᠤ ᠴᠢᠯᠥᠭᠡᠯᠡᠯᠲᠡ ᠶᠢᠨ ᠳᠤᠷᠠᠰᠬᠠᠯ ᠤᠨ ᠣᠷᠳᠣᠨ᠂ ︽5 · 1︾ ᠤ ᠬᠠᠭᠤᠴᠢᠨ ᠪᠠᠭᠤᠷᠢ᠂ ᠤᠯᠠᠭᠠᠨᠬᠦᠦ ᠶᠢᠨ ᠠᠵᠢᠯᠯᠠᠵᠤ ᠪᠠᠶᠢᠭᠰᠠᠨ ᠬᠠᠭᠤᠴᠢᠨ ᠪᠠᠭᠤᠷᠢ᠂ ︽ᠮᠣᠩᠭᠤᠯ ᠮᠣᠷᠢᠨ ᠤ ᠵᠣᠷᠢᠭ ᠰᠠᠨᠠᠭ᠎ᠠ ︾ ᠭᠡᠬᠦ ᠭᠤᠣᠯ ᠰᠡᠳᠦᠪᠲᠦ ᠬᠢᠴᠢᠶᠡᠯ ᠤᠨ ᠭᠡᠷ ᠵᠡᠷᠭᠡ ᠭᠠᠵᠠᠷ ᠢᠶᠠᠷ ᠲᠣᠭᠤᠷᠢᠨ ᠦᠵᠡᠵᠦ᠂ ᠬᠤᠪᠢᠰᠬᠠᠯ ᠤᠨ ᠳᠤᠷᠠᠰᠤᠮᠵᠢ ᠶᠢ ᠡᠷᠢᠯᠬᠢᠯᠡᠵᠦ᠂ ᠡᠷᠡᠯᠬᠡᠭᠯᠡᠨ ᠤᠷᠤᠭᠰᠢᠯᠠᠬᠤ ᠬᠦᠴᠦᠨ ᠢ ᠰᠢᠩᠭᠡᠭᠡᠨ ᠠᠪᠤᠨ᠎ᠠ︔ ᠤᠯᠠᠭᠠᠨᠬᠤᠲᠠ ᠶᠢᠨ ᠤᠯᠠᠭᠠᠨᠬᠠᠳᠠ ᠪᠠᠯᠭᠠᠰᠤ ᠶᠢᠨ ᠰᠠᠨ ᠾᠧ ᠲᠣᠰᠬᠤᠨ ᠢ ᠲᠣᠭᠤᠷᠢᠨ ᠦᠵᠡᠵᠦ᠂ ᠤᠯᠠᠭᠠᠨᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠡᠷᠢᠭᠦᠨ ᠤ ᠲᠤᠷᠰᠢᠯᠭ᠎ᠠ ᠠᠷᠭ᠎ᠠ ᠬᠢᠳᠡᠯ ᠢ ᠰᠤᠷᠤᠯᠴᠠᠪᠠ᠃    ᠲᠤᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠨᠢ ᠪᠠᠶᠠᠯᠢᠭ᠂ ᠬᠡᠯᠪᠡᠷᠢ ᠨᠢ ᠣᠯᠠᠨ ᠶᠠᠩᠵᠤ ᠶᠢᠨ ᠪᠠᠶᠢᠵᠤ ᠂ ᠪᠣᠯᠪᠠᠰᠤᠷᠠᠭᠤᠯᠤᠯ ᠳᠤ ᠣᠷᠣᠯᠴᠠᠭᠰᠠᠨ ᠰᠤᠷᠤᠭᠴᠢᠳ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠺᠠᠯᠼ ᠨᠥᠬᠦᠨ ᠰᠦᠭ ᠰᠦᠨᠡᠰᠦ ᠶᠢ ᠱᠤᠭᠤᠵᠤ᠂ ᠴᠠᠬᠢᠯᠭᠠᠨ ᠴᠡᠨᠡᠭᠯᠡᠬᠦ ᠴᠢᠳᠠᠪᠤᠷᠢ ᠶᠢ ᠬᠠᠳᠠᠭᠠᠯᠠᠵᠤ᠂ ᠵᠠᠯᠠᠭᠤ ᠺᠠᠳ᠋ᠷᠴᠤᠳ ᠤᠨ ᠬᠦᠰᠡᠯᠡᠩ ᠢᠲᠡᠭᠡᠯ ᠪᠢᠰᠢᠷᠡᠯ ᠤᠨ ᠰᠠᠭᠤᠷᠢ ᠶᠢ ᠪᠠᠬᠢᠵᠢᠭᠦᠯᠵᠦ᠂ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠬᠤ ᠳᠣᠲᠣᠭᠠᠳᠤ ᠬᠥᠳᠡᠯᠭᠡᠬᠦ ᠬᠦᠴᠦᠨ ᠢ ᠲᠠᠰᠤᠷᠠᠯᠲᠠ ᠥᠬᠡᠶ ᠬᠥᠭᠵᠢᠭᠡᠪᠡ᠃ ᠪᠣᠯᠪᠠᠰᠤᠷᠠᠯ ᠳᠤ ᠣᠷᠣᠯᠴᠠᠭᠰᠠᠨ ᠰᠤᠷᠤᠭᠴᠢᠳ᠂ ᠲᠤᠬᠠᠶᠢᠯᠠᠭᠰᠠᠨ ᠠᠵᠢᠯ ᠤᠨ ᠪᠠᠶᠢᠷᠢ ᠳᠠᠭᠠᠨ ᠰᠠᠭᠤᠷᠢᠯᠠᠨ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠪᠦᠬᠦ ᠲᠠᠯ᠎ᠠ ᠪᠠᠷ ᠬᠤᠪᠢᠷᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠣᠳᠣᠬᠢᠴᠢᠯᠠᠭᠰᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠴᠠᠭᠠᠷᠠᠭᠰᠠᠨ ᠴᠢᠳᠠᠪᠤᠷᠢ ᠪᠠᠨ ᠳᠠᠪᠲᠠᠨ ᠪᠣᠯᠪᠠᠰᠤᠷᠠᠭᠤᠯᠬᠤ ᠶᠢ ᠴᠢᠩᠭᠠᠳᠬᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠳᠤ ᠣᠶᠤᠨ ᠤᠬᠠᠭᠠᠨ ᠪᠠ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号