ᠡᠨᠡ ᠵᠢᠯ᠂ ᠮᠠᠨ ᠤ ᠤᠷᠤᠨ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠪᠠ ᠪᠣᠬᠢᠷᠲᠤᠯ ᠥᠬᠡᠶ ᠳ᠋ᠡᠶᠢᠰᠢ ᠬᠡᠯᠪᠡᠷᠢ ᠪᠠᠨ | ᠬᠤᠪᠢᠷᠠᠭᠤᠯᠬᠤ ᠶᠢ ᠨᠢᠭᠡᠳᠦᠯᠲᠡᠶ ᠲᠥᠯᠥᠪᠵᠢᠭᠦᠯᠵᠦ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠶ ᠪᠠᠷ | ᠠᠰᠢᠭᠯᠠᠬᠤ ᠶᠢ ᠦᠷᠭᠦᠯᠵᠢᠯᠡᠨ ᠴᠢᠩᠭᠠᠳᠬᠠᠵᠤ᠂ ᠡᠪᠦᠯ ᠤᠨ ᠤᠯᠠᠷᠢᠯ ᠤᠨ ᠡᠨᠧᠷᠭᠢ ᠶᠢᠨ ᠬᠠᠩᠭᠠᠯᠭ᠎ᠠ ᠶᠢ ᠡᠷᠴᠢᠮᠳᠡᠢ | ᠪᠠᠳᠤᠯᠠᠵᠤ ᠪᠠᠶᠢᠨ᠎ᠠ᠃ | ᠮᠠᠨ ᠤ ᠤᠷᠤᠨ ᠪᠥᠬᠦ ᠤᠯᠤᠰ ᠤᠨ 25 ᠮᠤᠵᠢ ᠦᠪᠡᠷᠳᠡᠭᠡᠨ ᠵᠠᠰᠠᠬᠤ ᠣᠷᠣᠨ ᠤ ᠨᠡᠭᠦᠷᠡᠰᠦᠨ ᠤ ᠬᠡᠷᠡᠭᠴᠡᠭᠡ ᠶᠢ | ᠪᠠᠲᠤᠯᠠᠵᠤ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢᠨ ᠬᠡᠮᠵᠢᠶ᠎ᠡ ᠪᠥᠬᠦ ᠤᠯᠤᠰ ᠤᠨ ᠲᠡᠷᠢᠭᠦᠨ ᠳᠤ | ᠵᠢᠬᠰᠠᠵᠤ ᠪᠤᠢ᠃ ᠮᠠᠨ ᠤ ᠣᠷᠣᠨ ᠤᠷᠢᠳ ᠬᠤᠵᠢᠳ ︽ᠨᠡᠭᠦᠷᠡᠰᠦᠨ ᠤ ᠬᠠᠮᠢᠶᠠᠷᠤᠯᠲᠠ ᠶᠢᠨ ᠲᠦᠷᠢᠮ︾᠂ ︽ | ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠢ ᠪᠥᠲᠥᠭᠡᠨ | ᠪᠠᠶᠢᠭᠤᠯᠬᠤ ᠶᠢ ᠠᠬᠢᠭᠤᠯᠬᠤ ᠲᠦᠷᠢᠮ︾᠂ ︽ᠨᠡᠭᠦᠷᠡᠰᠦᠨ ᠤ ᠠᠵᠤ ᠦᠢᠯᠡᠳᠪᠦᠷᠢ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠲᠤᠬᠠᠶ ᠰᠠᠨᠠᠯ︾ ᠵᠡᠷᠭᠡ ᠲᠥᠷᠥ ᠶᠢᠨ ᠪᠣᠳᠣᠯᠭ᠎ᠠ ᠲᠦᠷᠢᠮ ᠢ ᠨᠡᠶᠢᠲᠡᠯᠡᠵᠤ᠂ | ᠲᠠᠷᠠᠴᠢᠯᠠᠨ ᠡᠨᠡ ᠵᠢᠯ᠂ ᠨᠡᠭᠦᠷᠡᠰᠦᠨ ᠤ ᠦᠢᠯᠡᠳᠪᠦᠷᠢᠯᠡᠬᠦ ᠴᠢᠳᠠᠪᠤᠷᠢ ᠶᠢᠨ ᠪᠦᠲᠦᠴᠡ ᠶᠢ ᠦᠷᠭᠦᠯᠵᠢᠯᠡᠨ | ᠰᠢᠯᠢᠳᠡᠭᠵᠢᠭᠦᠯᠦᠨ ᠲᠣᠬᠢᠷᠠᠭᠤᠯᠵᠤ᠂ ᠦᠢᠯᠡᠳᠪᠦᠷᠢᠯᠡᠬᠦ ᠴᠢᠳᠠᠪᠤᠷᠢ ᠶᠢ ᠬᠠᠷᠭᠤᠭᠤᠯᠤᠨ ᠨᠡᠮᠡᠭᠳᠡᠭᠦᠯᠬᠦ᠂ ᠡᠭᠦᠳᠡ ᠶᠢ ᠨᠢ | ᠬᠠᠭᠠᠯᠭᠠᠵᠤ ᠪᠤᠴᠠᠭᠠᠨ ᠭᠠᠷᠭᠠᠬᠤ ᠶᠢ ᠬᠥᠲᠥᠯᠥᠨ ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ | ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠣᠳᠣᠬᠠᠨ ᠳᠤ ᠨᠢᠭᠡᠨᠲᠡ 148 | ᠪᠣᠬᠢᠷᠲᠤᠯ ᠦᠭᠡᠶ ᠨᠡᠭᠦᠷᠡᠰᠦᠨ ᠠᠭᠤᠷᠬᠠᠶ ᠶᠢ ᠪᠠᠶᠢᠭᠤᠯᠵᠤ᠂ ᠡᠨᠡ ᠨᠢ ᠦᠢᠯᠡᠳᠪᠦᠷᠢᠯᠡᠵᠦ ᠪᠠᠶᠢᠭ᠎ᠠ ᠪᠦᠬᠦ ᠨᠡᠭᠦᠷᠡᠰᠦᠨ | ᠠᠭᠤᠷᠬᠠᠶ ᠶᠢᠨ 48% ᠶᠢ ᠡᠵᠡᠯᠡᠵᠦ᠂ 2025 ᠣᠨ ᠪᠣᠯᠬᠤ ᠳᠤ ᠦᠢᠯᠡᠳᠪᠦᠷᠢᠯᠡᠵᠦ ᠪᠠᠶᠢᠭ᠎ᠠ ᠨᠡᠭᠦᠷᠡᠰᠦᠨ | ᠠᠭᠤᠷᠬᠠᠶ ᠶᠢ ᠪᠦᠬᠦᠨ ᠢ ᠬᠠᠮᠤᠷᠬᠤ ᠶᠢ ᠪᠡᠶᠡᠯᠡᠭᠦᠯᠬᠦ ᠪᠠᠷ ᠬᠦᠴᠤᠯᠠᠵᠤ ᠪᠠᠶᠢᠨ᠎ᠠ᠃ | ᠤᠶᠢᠯᠠᠭᠠᠭᠰᠠᠨ ᠢᠶᠠᠷ᠂ ᠮᠠᠨ ᠤ ᠤᠷᠤᠨ ᠤ ᠨᠡᠭᠦᠷᠡᠰᠦᠨ ᠤ ᠭᠠᠷᠤᠯᠲᠠ ᠲᠦᠷᠦᠬᠦᠦ 8 ᠰᠠᠷ᠎ᠠ ᠳᠤ 8.4 | ᠳ᠋ᠦᠩᠰᠢᠭᠤᠷ ᠲᠣᠨ ᠳᠤ ᠬᠦᠷᠴᠤ᠂ ᠲᠠᠷᠠᠴᠢᠯᠠᠨ ᠨᠡᠭᠦᠷᠡᠰᠦ ᠪᠠᠷ ᠲᠤᠰᠤ ᠬᠡᠢ ᠦᠢᠯᠡᠳᠬᠦ ᠵᠡᠷᠭᠡ ᠤᠳᠤ ᠦᠶ᠎ᠡ ᠶᠢᠨ | ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠲᠦᠷᠭᠡᠳᠴᠤ᠂ | ᠨᠡᠭᠦᠷᠡᠰᠦ ᠪᠠᠷ ᠬᠡᠢ ᠦᠢᠯᠡᠳᠬᠦ ᠦᠢᠯᠡᠳᠪᠦᠷᠢᠯᠡᠯ ᠤᠨ ᠴᠢᠳᠠᠪᠤᠷᠢ ᠪᠦᠬᠦ ᠤᠯᠤᠰ ᠲᠤ ᠲᠡᠷᠢᠭᠦᠯᠡᠵᠦ᠂ ᠵᠢᠯ ᠳᠤ 1 | ᠳ᠋ᠦᠩᠰᠢᠭᠤᠷ ᠭᠠᠷᠤᠢ ᠲᠣᠨ ᠲᠦᠭᠦᠬᠡᠢ ᠨᠡᠭᠦᠷᠡᠰᠦ ᠣᠨᠳᠣᠣᠰᠢᠭᠤᠯᠵᠤ ᠪᠠᠶᠢᠨ᠎ᠠ᠃ ᠤᠶᠤᠨᠴᠢᠯᠠᠭᠰᠠᠨ ᠪᠥᠲᠥᠭᠡᠨ | ᠪᠠᠶᠢᠭᠤᠯᠤᠯᠲᠠ ᠶᠢᠨ ᠲᠠᠯ᠎ᠠ ᠪᠠᠷ᠂ ᠮᠠᠨ ᠤ ᠤᠷᠤᠨ ᠪᠥᠬᠦ ᠤᠯᠤᠰ ᠤᠨ ᠡᠮᠦᠨ᠎ᠡ ᠡᠩᠨᠡᠭᠡᠨ ᠳᠤ ᠵᠢᠬᠰᠠᠵᠤ᠂ ᠣᠳᠣᠬᠠᠨ | ᠪᠣᠯᠲᠠᠯ᠎ᠠ ᠪᠥᠬᠦ ᠣᠷᠣᠨ ᠤ 174 ᠨᠡᠭᠦᠷᠡᠰᠦᠨ ᠠᠭᠤᠷᠬᠠᠶ ᠤᠶᠤᠨᠴᠢᠯᠠᠭᠰᠠᠨ ᠪᠥᠲᠥᠭᠡᠨ ᠪᠠᠶᠢᠭᠤᠯᠤᠯᠲᠠ ᠶᠢ | ᠪᠡᠶᠡᠯᠡᠭᠦᠯᠵᠦ᠂ ᠤᠶᠤᠨᠴᠢᠯᠠᠭᠰᠠᠨ ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠯ ᠤᠨ ᠴᠢᠳᠠᠪᠤᠷᠢ 10.24 | ᠳ᠋ᠦᠩᠰᠢᠭᠤᠷ ᠲᠣᠨ ᠳᠤ ᠬᠦᠷᠴᠦ᠂ ᠦᠢᠯᠡᠳᠪᠦᠷᠢᠯᠡᠵᠦ ᠪᠠᠶᠢᠭ᠎ᠠ ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠯ ᠤᠨ | ᠴᠢᠳᠠᠪᠤᠷᠢ ᠶᠢᠨ 84 % ᠶᠢ ᠡᠵᠡᠯᠠᠵᠤ ᠪᠤᠢ᠃ | |