ᠮᠠᠨ ᠤ ᠤᠷᠤᠨ ᠮᠠᠯ ᠠᠵᠤ ᠠᠬᠤᠶ ᠲᠠᠷᠢᠶᠠᠯᠠᠩ ᠤᠨ ᠬᠦᠷᠢᠶᠡᠨ ᠳᠠᠬᠢ 50 ᠵᠦᠢᠯ ᠤᠨ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2024/11/5
   ᠦᠪᠡᠷᠲᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ ᠠᠴᠠ ᠤᠶᠢᠯᠠᠭᠠᠭᠰᠠᠨ ᠢᠢᠡᠷ᠂ ᠮᠠᠨ ᠤ ᠤᠷᠤᠨ ᠲᠦᠷᠦᠭᠦᠬᠡᠨ ᠵᠧᠵᠢᠶᠠᠩ ᠮᠤᠵᠢ ᠢᠢᠨ ᠬᠠᠩᠵᠧᠦ ᠬᠤᠲᠠ ᠳᠤ ᠡᠷᠬᠢᠯᠡᠨ ᠶᠠᠪᠤᠭᠳᠠᠭᠤᠯᠤᠭᠰᠠᠨ ᠪᠤᠬᠢᠷᠳᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠭᠦᠨ ᠢᠢᠡᠨ ᠪᠤᠷᠤᠯᠠᠭᠤᠯᠬᠤ ᠰᠢᠷᠢᠰ ᠠᠵᠢᠯᠯᠠᠭ᠎ᠠ ᠳᠤ ᠪᠦᠬᠦ ᠤᠷᠤᠨ ᠤ ᠮᠠᠯ ᠠᠵᠤ ᠠᠬᠤᠶ ᠲᠠᠷᠢᠶᠠᠯᠠᠩ ᠤᠨ ᠬᠦᠷᠢᠶᠡᠨ ᠳᠠᠬᠢ 50 ᠵᠦᠢᠯ ᠤᠨ ᠴᠢᠬᠤᠯᠠ ᠶᠡᠭᠡ ᠰᠢᠨ᠎ᠡ ᠡᠭᠦᠳᠦᠯᠲᠡ ᠢᠢᠨ ᠦᠷ᠎ᠡ ᠪᠦᠲᠦᠭᠡᠯ ᠢ ᠨᠡᠶᠢᠲᠡᠯᠡᠪᠡ᠃    ᠲᠤᠰ ᠤᠳᠠᠭ᠎ᠠ ᠶᠢᠨ ᠨᠡᠶᠢᠲᠡᠯᠡᠭᠰᠡᠨ ᠴᠢᠬᠤᠯᠠ ᠶᠡᠭᠡ ᠰᠢᠨ᠎ᠡ ᠡᠭᠦᠳᠦᠯᠲᠡ ᠶᠢᠨ ᠦᠷ᠎ᠡ ᠪᠦᠲᠦᠭᠡᠯ ᠳᠤ ᠲᠠᠷᠢᠶᠠᠯᠠᠩ ᠤᠨ ᠭᠤᠤᠯ ᠳᠡᠯᠭᠡᠷᠡᠭᠦᠯᠬᠦ ᠮᠡᠷᠭᠡᠵᠢᠯ᠂ ᠰᠢᠯᠢᠳᠡᠭ ᠰᠠᠶᠢᠨ ᠲᠠᠷᠢᠮᠠᠯ ᠤᠨ ᠡᠭᠦᠯᠳᠡᠷ᠂ ᠰᠢᠯᠢᠳᠡᠭ ᠰᠠᠶᠢᠨ ᠮᠠᠯ ᠤᠨ ᠡᠭᠦᠯᠳᠡᠷ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠪᠣᠯᠪᠠᠰᠤᠷᠠᠭᠤᠯᠬᠤ᠂ ᠦᠪᠡᠷᠮᠢᠴᠡ ᠤᠨᠴᠠᠯᠢᠭ ᠲᠠᠢ ᠳᠠᠪᠠᠭᠤᠯᠢᠭᠲᠦ ᠲᠠᠷᠢᠶᠠᠯᠠᠩ ᠤᠨ ᠮᠠᠰᠢᠨ ᠵᠡᠷᠭᠡ ᠲᠠᠪᠤᠨ ᠶᠡᠭᠡ ᠲᠥᠷᠥᠯ ᠤᠨ 50 ᠵᠦᠢᠯ ᠢ ᠪᠠᠭᠲᠠᠭᠠᠪᠠ᠃ ᠡᠭᠦᠨ ᠳᠤ ᠣᠷᠣᠨ ᠤ ᠳᠣᠲᠣᠨ᠎ᠠ ᠭᠠᠳᠠᠨ᠎ᠠ ᠠᠯᠳᠠᠷᠰᠢᠭᠰᠠᠨ ᠦᠵᠦᠮᠦᠴᠢᠨ ᠬᠤᠨᠢ᠂ ᠬᠤᠸᠠᠰᠢ ᠦᠬᠡᠷ ᠂ ︽ᠮᠣᠩᠭᠤᠯ ᠪᠤᠷᠴᠠᠭ 1137︾᠂ ︽ᠪᠠᠶᠠᠨᠨᠠᠭᠤᠷ ᠤᠨ ᠪᠤᠭᠤᠳᠠᠢ 13︾ ᠵᠡᠷᠭᠡ ᠤᠷᠤᠨ ᠨᠤᠲᠤᠭ ᠤᠨ ᠰᠠᠶᠢᠨ ᠡᠭᠦᠯᠳᠡᠷ ᠪᠠᠶᠢᠬᠤ ᠠᠴᠠ ᠭᠠᠳᠠᠨ᠎ᠠ ᠪᠠᠰᠠ ᠥᠪᠥᠷ ᠮᠣᠩᠭᠤᠯ ᠤᠨ ᠪᠡᠶ᠎ᠡ ᠪᠠᠨ ᠳᠠᠭᠠᠭᠠᠵᠤ ᠰᠢᠨ᠎ᠡ ᠢᠢ ᠡᠭᠦᠳᠬᠦ ᠬᠡᠯᠪᠡᠷᠢ ᠢᠢᠨ ᠬᠠᠲᠤᠨ ᠭᠤᠤᠯ ᠤᠨ ᠤᠰᠤ ᠶᠢ ᠲᠤᠩᠭᠠᠵᠤ ᠤᠰᠤ ᠪᠣᠷᠲᠣᠭᠤᠷ ᠢ ᠨᠢᠭᠡ ᠴᠣᠭᠴᠠᠵᠢᠭᠤᠯᠤᠨ ᠲᠤᠰᠤᠯᠭᠠᠨ ᠤᠰᠤᠯᠠᠬᠤ ᠰᠢᠯᠵᠢᠮᠠᠯ ᠲᠥᠬᠦᠭᠡᠷᠦᠮᠵᠢ᠂ ᠰᠢᠨ᠎ᠡ ᠬᠡᠯᠪᠡᠷᠢ ᠢᠢᠨ ᠡᠯᠡᠰᠦᠨ ᠬᠠᠯᠬᠠᠪᠴᠢ ᠳᠡᠪᠢᠰᠭᠦ ᠲᠥᠬᠦᠭᠡᠷᠦᠮᠵᠢ ᠵᠡᠷᠭᠡ ᠲᠡᠷᠢᠭᠦᠨ ᠤ ᠲᠠᠷᠢᠶᠠᠯᠠᠩ ᠤᠨ ᠮᠠᠰᠢᠨ ᠤ ᠲᠣᠨᠤᠭ ᠲᠥᠬᠦᠭᠡᠷᠦᠮᠵᠢ ᠪᠤᠢ᠂ ᠨᠠᠩ ᠴᠤ ᠬᠤᠨᠢᠨ ᠠᠷᠠᠰᠤ ᠶᠢᠨ ᠴᠠᠪᠠᠤᠯᠢᠭ ᠤᠭᠤᠷᠠᠭ ᠤᠨ ᠫᠧᠫᠲ᠋ᠢᠳ᠋ ᠢ ᠢᠳᠡᠭᠡᠨ ᠪᠤᠯᠭᠠᠨ ᠪᠤᠯᠪᠠᠰᠤᠷᠠᠭᠤᠯᠬᠤ᠂ ᠬᠤᠨᠢᠨ ᠰᠡᠭᠦᠯ ᠤᠨ ᠲᠣᠰᠣ ᠢᠢ ᠶᠡᠷᠦᠩᠬᠡᠶᠢᠯᠡᠨ ᠠᠰᠢᠭᠯᠠᠬᠤ ᠵᠡᠷᠭᠡ ᠨᠠᠷᠢᠯᠢᠭ ᠡᠳ᠋ᠰᠢᠭᠦᠯᠬᠦ ᠮᠡᠷᠭᠡᠵᠢᠯ ᠢ ᠪᠠᠭᠲᠠᠭᠠᠵᠤ᠂ ᠮᠠᠨ ᠤ ᠤᠷᠤᠨ ᠤ ᠮᠠᠯ ᠠᠵᠤ ᠠᠬᠤᠶ ᠲᠠᠷᠢᠶᠠᠯᠠᠩ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠭᠰᠡᠨ ᠴᠢᠬᠤᠯᠠ ᠶᠡᠭᠡ ᠦᠷ᠎ᠠ ᠪᠦᠳᠦᠬᠡᠯ ᠢ ᠨᠠᠶᠢᠲᠠᠮ ᠬᠠᠮᠤᠷᠴᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号