︽ᠪᠢ ᠵᠣᠭᠤᠰ ᠣᠯᠵᠤ ᠳᠡᠶᠢᠯᠬᠦ ᠦᠭᠡᠢ ᠴᠦ ᠭᠡᠰᠡᠨ ᠡᠷᠬᠡᠪᠰᠢ ᠤᠯᠠᠮᠵᠢᠯᠠᠯᠲᠤ ᠴᠠᠭᠠᠨ ᠢᠳᠡᠭᠡᠨ ᠤ ᠭᠠᠷ | ᠤᠷᠠᠯᠠᠯ ᠢ ᠤᠯᠠᠮᠵᠢᠯᠠᠨ ᠵᠠᠯᠭᠠᠮᠵᠢᠯᠠᠵᠤ᠂ ᠮᠠᠨ ᠤ ᠮᠠᠩᠯᠠᠢ ᠭᠠᠴᠠᠭᠠᠨ ᠤ ᠴᠠᠭᠠᠨ ᠢᠳᠡᠭᠡᠨ ᠤ ᠨᠡᠷ᠎ᠡ ᠭᠠᠷᠭᠠᠵᠤ᠂ | ᠨᠤᠲᠤᠭ ᠤᠨ ᠠᠬ᠎ᠠ ᠳᠡᠭᠦᠦ ᠨᠡᠷ ᠢᠶᠠᠨ ᠳᠠᠭᠠᠭᠤᠯᠤᠨ ᠪᠠᠶᠠᠵᠢᠨ ᠴᠢᠨᠡᠭᠡᠯᠢᠭᠵᠢᠵᠦ᠂ ᠨᠤᠲᠤᠭ ᠤᠰᠤᠨ ᠳᠠᠭᠠᠨ ᠬᠤᠪᠢ | ᠨᠡᠮᠡᠷᠢ ᠦᠵᠡᠭᠦᠯᠦᠨ᠎ᠡ︾ ᠭᠡᠵᠦ ᠬᠡᠯᠡᠪᠡ᠃ ᠡᠨᠡ ᠪᠣᠯ ᠤᠯᠠᠮᠵᠢᠯᠠᠯᠲᠤ ᠴᠠᠭᠠᠨ ᠢᠳᠡᠭᠡ ᠦᠢᠯᠡᠳᠬᠦ ᠭᠠᠷ ᠤᠷᠠᠯᠠᠯ ᠤᠨ | ᠳᠥᠷᠪᠡᠳᠦᠭᠡᠷ ᠦᠶ᠎ᠡ ᠶᠢᠨ ᠤᠯᠠᠮᠵᠢᠯᠠᠭᠴᠢ ᠬᠤᠸᠠᠷ ᠪᠠᠲᠤᠴᠠᠭᠠᠨ ᠴᠠᠭᠠᠨ ᠢᠳᠡᠭᠡᠨ ᠤ ᠤᠭ ᠰᠠᠨᠠᠭ᠎ᠠ ᠪᠠ ᠢᠲᠡᠭᠡᠯ | ᠪᠢᠰᠢᠷᠡᠯ ᠪᠣᠯᠤᠨ᠎ᠠ᠃ ᠲᠡᠷᠡ ᠲᠦᠰᠢᠶᠡᠲᠦ ᠸᠠᠩ ᠤᠨ ᠣᠷᠳᠣᠨ ᠤ ᠤᠯᠠᠮᠵᠢᠯᠠᠯᠲᠤ ᠴᠠᠭᠠᠨ ᠢᠳᠡᠭᠡ ᠦᠢᠯᠡᠳᠬᠦ ᠭᠠᠷ | ᠤᠷᠠᠯᠠᠯ ᠢ ᠣᠳᠣ ᠦᠶ᠎ᠡ ᠶᠢᠨ ᠪᠣᠯᠪᠠᠰᠤᠷᠠᠭᠤᠯᠬᠤ ᠲᠥᠬᠦᠭᠡᠷᠦᠮᠵᠢ ᠲᠥᠬᠦᠭᠡᠷᠦᠮᠵᠢ ᠲᠠᠢ ᠤᠶᠠᠯᠳᠤᠭᠤᠯᠵᠤ᠂ | ᠦᠢᠯᠡᠳᠬᠦ ᠤᠷ᠎ᠠ ᠮᠡᠷᠭᠡᠵᠢᠯ ᠢᠶᠠᠨ ᠤᠯᠠᠮᠵᠢᠯᠠᠵᠤ᠂ ᠲᠣᠰᠬᠤᠨ ᠤ ᠠᠷᠠᠳ ᠢ ᠳᠠᠭᠠᠭᠤᠯᠤᠨ ᠣᠷᠣᠯᠭ᠎ᠠ ᠪᠠᠨ | ᠨᠡᠮᠡᠭᠳᠡᠭᠦᠯᠬᠦ ᠵᠠᠮ ᠢᠶᠠᠷ ᠵᠠᠮᠨᠠᠪᠠ᠃ | ᠪᠠᠲᠤᠴᠠᠭᠠᠨ ᠴᠠᠭᠠᠨ ᠢᠳᠡᠭᠡᠨ ᠤ ᠪᠣᠷᠣᠯᠠᠭᠤᠯᠭ᠎ᠠ ᠶᠢᠨ ᠳᠡᠯᠭᠡᠭᠦᠷ ᠲᠤ᠂ ᠡᠯ᠎ᠡ ᠵᠦᠢᠯ ᠤᠨ ᠴᠠᠭᠠᠨ ᠢᠳᠡᠭᠡᠨ ᠤ | ᠪᠦᠲᠦᠭᠡᠭᠳᠡᠬᠦᠨ ᠬᠠᠷᠠᠭᠳᠠᠨ᠎ᠠ᠃ ︽ᠪᠢ ᠦᠷᠭᠦᠯᠵᠢ ᠲᠡᠭᠦᠨ ᠤ ᠴᠠᠭᠠᠨ ᠢᠳᠡᠭᠡᠨ ᠢ ᠬᠤᠳᠠᠯᠳᠤᠨ ᠠᠪᠴᠤ ᠢᠳᠡᠳᠡᠭ᠂ | ᠪᠠᠲᠤᠴᠠᠭᠠᠨ ᠴᠠᠭᠠᠨ ᠢᠳᠡᠭᠡᠨ ᠨᠢ ᠮᠠᠰᠢ ᠠᠮᠲᠠᠲᠠᠢ᠂ ᠪᠢ ᠥᠨᠥᠳᠦᠷ ᠢᠷᠡᠵᠦ ᠬᠤᠷᠤᠳ ᠪᠠ ᠬᠤᠷᠤᠳ | ᠬᠤᠳᠠᠯᠳᠤᠨ ᠠᠪᠤᠪᠠ᠂ ᠲᠡᠳᠡᠨ ᠤ ᠭᠡᠷ ᠨᠢ ᠨᠡᠮᠡᠯᠲᠡ ᠡᠳ᠋ ᠦᠭᠡᠢ᠂ ᠡᠷᠡᠭᠦᠯ ᠴᠢᠭᠢᠷᠠᠭ ᠮᠥᠷᠲᠡᠭᠡᠨ ᠠᠮᠲᠠᠲᠠᠢ︾ | ᠬᠤᠳᠠᠯᠳᠤᠨ ᠠᠪᠬᠤ ᠪᠠᠷ ᠢᠷᠡᠭᠰᠡᠨ ᠵᠤᠴᠢᠳ ᠬᠡᠯᠡᠨ᠎ᠡ᠃ | ᠬᠤᠸᠠᠷ 2014 ᠣᠨ ᠳᠤ ᠥᠪᠥᠷ ᠮᠣᠩᠭᠤᠯ ᠤᠨ ᠪᠠᠲᠤᠴᠠᠭᠠᠨ ᠴᠠᠭᠠᠨ ᠢᠳᠡᠭᠡᠨ ᠤ ᠬᠢᠵᠠᠭᠠᠷᠲᠤ ᠺᠣᠮᠫᠠᠨᠢ ᠶᠢ | ᠪᠠᠶᠢᠭᠤᠯᠵᠤ᠂ ᠥᠪᠥᠷ ᠮᠣᠩᠭᠤᠯ ᠤᠨ ᠬᠤᠭᠤᠯᠠ ᠬᠢᠬᠦ ᠮᠡᠷᠭᠡᠵᠢᠯ ᠤᠨ ᠴᠢᠳᠠᠪᠤᠷᠢᠲᠠᠨ᠂ ᠬᠢᠩᠭᠠᠨ ᠰᠠᠶᠢᠨ ᠬᠥᠮᠦᠨ᠂ | ᠬᠢᠩᠭᠠᠨ ᠠᠶᠢᠮᠠᠭ ᠤᠨ ᠬᠤᠶᠠᠳᠤᠭᠠᠷ ᠬᠤᠭᠤᠴᠠᠭᠠᠨ ᠤ ᠶᠣᠰᠣ ᠰᠤᠷᠲᠠᠬᠤᠨ ᠤ ᠵᠢᠱᠢᠶᠡᠴᠢ᠂ ᠴᠠᠭᠠᠨ ᠢᠳᠡᠭᠡᠨ ᠤ | ᠤᠷ᠎ᠠ ᠮᠡᠷᠭᠡᠵᠢᠯ ᠤᠨ ᠲᠥᠷᠥᠯ ᠵᠦᠢᠯ ᠤᠨ ᠠᠶᠢᠮᠠᠭ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ | ᠲᠥᠯᠥᠭᠡᠯᠡᠬᠦ ᠴᠢᠨᠠᠷᠲᠠᠢ ᠤᠯᠠᠮᠵᠢᠯᠠᠭᠴᠢ᠂ 2019 ᠣᠨ ᠳᠤ ᠪᠦᠬᠦ ᠤᠯᠤᠰ ᠤᠨ ᠬᠠᠮᠤᠭ ᠤᠨ ᠭᠤᠶᠣ ᠭᠡᠷ ᠪᠦᠯᠢ | ᠵᠡᠷᠭᠡ ᠢᠷᠠᠭᠤ ᠠᠯᠳᠠᠷ ᠤᠨ ᠴᠣᠯᠠ ᠶᠢ ᠬᠦᠷᠲᠡᠵᠦ ᠥᠩᠭᠡᠷᠡᠵᠡᠢ᠃ ᠲᠡᠷᠡ ᠺᠣᠮᠫᠠᠨᠢ ᠶᠢᠨ ᠴᠠᠭᠠᠨ ᠢᠳᠡᠭᠡᠨ ᠤ | ᠦᠢᠯᠡᠳᠪᠦᠷᠢᠯᠡᠯ ᠤᠨ ᠲᠠᠰᠤᠭ ᠢ ᠳᠠᠶᠢᠴᠢᠨᠲᠠᠯ᠎ᠠ ᠰᠤᠮᠤ ᠶᠢᠨ ᠮᠠᠩᠯᠠᠢ ᠭᠠᠴᠠᠭ᠎ᠠ ᠳᠤ ᠪᠦᠲᠦᠭᠡᠨ ᠪᠠᠶᠢᠭᠤᠯᠵᠤ᠂ | ᠲᠤᠬᠠᠢ ᠶᠢᠨ ᠭᠠᠵᠠᠷ ᠤᠨ ᠣᠷᠣᠯᠭ᠎ᠠ ᠪᠠᠭᠠᠲᠠᠢ ᠭᠡᠷ ᠪᠦᠯᠢ ᠶᠢᠨ ᠬᠥᠳᠡᠯᠮᠦᠷᠢ ᠬᠦᠴᠦᠨ ᠢ ᠰᠢᠩᠭᠡᠭᠡᠨ ᠠᠪᠴᠤ᠂ | ᠲᠡᠳᠡᠨ ᠢ ᠣᠶᠢᠷ᠎ᠠ ᠬᠠᠪᠢ ᠳᠠᠭᠠᠨ ᠠᠮᠢᠳᠤᠯᠢᠭ ᠢᠶᠠᠷ ᠠᠵᠢᠯ ᠣᠯᠭᠤᠬᠤ ᠶᠢ ᠪᠡᠶᠡᠯᠡᠭᠦᠯᠪᠡ᠃ ᠲᠡᠷᠡ ᠪᠠᠰᠠ ᠭᠠᠴᠠᠭ᠎ᠠ | ᠲᠣᠰᠬᠤᠨ ᠤ ᠠᠷᠠᠳ ᠤᠨ ᠦᠨᠢᠶᠡᠨ ᠰᠦ ᠶᠢ ᠬᠤᠳᠠᠯᠳᠤᠨ ᠠᠪᠬᠤ ᠪᠠᠷ ᠳᠠᠮᠵᠢᠭᠤᠯᠤᠨ᠂ ᠴᠠᠭᠠᠨ ᠢᠳᠡᠭᠡᠨ ᠳᠤ | ᠴᠢᠳᠠᠮᠠᠭᠠᠢ ᠭᠡᠷ ᠪᠦᠯᠢ ᠶᠢᠨ ᠡᠮᠡᠭᠲᠡᠶᠢᠴᠦᠳ ᠢ ᠦᠢᠯᠡᠳᠪᠦᠷᠢᠯᠡᠯ ᠤᠨ ᠲᠠᠰᠤᠭ ᠲᠤ ᠤᠷᠢᠵᠤ ᠠᠵᠢᠯᠯᠠᠭᠤᠯᠵᠤ᠂ ᠴᠠᠭᠠᠨ | ᠢᠳᠡᠭᠡ ᠪᠣᠯᠪᠠᠰᠤᠷᠠᠭᠤᠯᠵᠤ᠂ ᠥᠪᠡᠷ ᠤᠨ ᠪᠣᠳᠠᠲᠤ ᠴᠣᠭᠴᠠ ᠶᠢᠨ ᠳᠡᠯᠭᠡᠭᠦᠷ ᠲᠡᠭᠡᠨ ᠬᠤᠳᠠᠯᠳᠤᠵᠤ᠂ ᠡᠷᠭᠢᠨ | ᠲᠣᠭᠤᠷᠢᠨ ᠤ ᠲᠣᠰᠬᠤᠨ ᠤ ᠠᠷᠠᠳ ᠲᠤ ᠦᠨᠡᠨ ᠪᠣᠳᠠᠲᠠᠢ ᠠᠵᠤ ᠠᠬᠤᠢ ᠶᠢᠨ ᠦᠷ᠎ᠡ ᠠᠰᠢᠭ ᠠᠪᠴᠢᠷᠠᠵᠤ ᠥᠭᠪᠡ᠃ | | ᠬᠤᠸᠠᠷ ᠶᠢᠨ ᠬᠦᠦ ᠯᠢᠦ ᠺᠦᠨ ᠫᠧᠩ ᠰᠤᠷᠪᠤᠯᠵᠢᠯᠠᠭᠴᠢ ᠳᠤ ᠪᠠᠲᠤᠴᠠᠭᠠᠨ ᠴᠠᠭᠠᠨ ᠢᠳᠡᠭᠡᠨ ᠤ | ᠣᠳᠣᠬᠠᠨ ᠤ ᠬᠥᠭᠵᠢᠯᠲᠡ ᠶᠢᠨ ᠪᠠᠶᠢᠳᠠᠯ ᠢ ᠶᠠᠷᠢᠪᠠ᠂ ︽ᠮᠠᠨ ᠤ ᠺᠣᠮᠫᠠᠨᠢ ᠣᠳᠣ 17 ᠠᠵᠢᠯᠳᠡᠠ ᠲᠠᠢ᠂ ᠴᠠᠯᠢᠩ ᠨᠢ | ᠳᠤᠮᠳᠠᠴᠢ ᠪᠠᠷ 3000 ᠲᠥᠭᠦᠷᠢᠭ ᠣᠷᠴᠢᠮ᠂ ᠠᠵᠢᠯ ᠬᠢᠵᠦ ᠪᠠᠶᠢᠭ᠎ᠠ ᠠᠵᠢᠯᠲᠠᠨ ᠤ ᠴᠠᠭ ᠨᠢ ᠣᠬᠤᠷᠬᠠᠨ ᠨᠢᠭᠡ | ᠬᠤᠶᠠᠷ ᠵᠢᠯ᠂ ᠴᠠᠭ ᠨᠢ ᠤᠷᠲᠤ ᠮᠥᠷᠲᠡᠭᠡᠨ ᠪᠠᠰᠠ ᠳᠣᠯᠤᠭ᠎ᠠ ᠨᠠᠢᠮᠠᠨ ᠵᠢᠯ ᠪᠣᠯᠵᠤ ᠪᠠᠶᠢᠨ᠎ᠠ᠂ ᠦᠨᠳᠦᠰᠦᠨ ᠳᠡᠭᠡᠨ | ᠴᠥᠮ ᠮᠠᠨ ᠤ ᠭᠠᠴᠠᠭᠠᠨ ᠤ ᠬᠠᠪᠢ ᠳᠤ ᠪᠠᠶᠢᠭ᠎ᠠ ᠢᠳᠡᠷ ᠨᠠᠰᠤᠨ ᠤ ᠡᠮᠡᠭᠲᠡᠶᠢᠴᠦᠳ ᠮᠥᠨ᠂ ᠵᠢᠯ ᠪᠦᠷᠢ ᠶᠢᠨ ᠮᠠᠨ ᠤ | ᠡᠵᠡᠩᠨᠡᠯᠲᠡ ᠶᠢᠨ ᠨᠣᠷᠮ᠎ᠠ ᠨᠢ 300 ᠲᠦᠮᠡᠨ ᠲᠥᠭᠦᠷᠢᠭ ᠣᠷᠴᠢᠮ ᠬᠦᠷᠴᠦ ᠪᠣᠯᠤᠨ᠎ᠠ︾ ᠬᠡᠵᠡᠢ᠃ | ᠤᠭ ᠰᠠᠨᠠᠭ᠎ᠠ ᠪᠠᠨ ᠦᠯᠦ ᠮᠠᠷᠲᠠᠨ ᠦᠨᠳᠦᠰᠦᠲᠡᠨ ᠤ ᠭᠠᠷ ᠤᠷᠠᠯᠠᠯ ᠢ ᠤᠯᠠᠮᠵᠢᠯᠠᠨ ᠵᠠᠯᠭᠠᠮᠵᠢᠯᠠᠵᠤ᠂ ᠲᠡᠭ ᠠᠴᠠ | ᠡᠬᠢᠯᠡᠨ ᠴᠠᠭᠠᠨ ᠢᠳᠡᠭᠡᠨ ᠤ ᠺᠣᠮᠫᠠᠨᠢ ᠪᠠᠶᠢᠭᠤᠯᠵᠤ᠂ ᠣᠯᠠᠨ ᠵᠢᠯ ᠤᠨ ᠴᠢᠷᠮᠠᠶᠢᠯᠭ᠎ᠠ ᠪᠠᠷ ᠳᠠᠮᠵᠢᠨ᠂ ᠲᠡᠭᠦᠨ ᠤ | ᠡᠵᠡᠩᠨᠡᠵᠦ ᠪᠠᠶᠢᠭ᠎ᠠ ᠴᠠᠭᠠᠨ ᠢᠳᠡᠭᠡ ᠨᠢ ᠪᠦᠬᠦ ᠤᠯᠤᠰ ᠤᠨ ᠡᠯ᠎ᠡ ᠭᠠᠵᠠᠷ ᠢᠶᠠᠷ ᠪᠣᠷᠣᠯᠠᠭᠤᠯᠵᠤ᠂ ᠲᠡᠭᠦᠨ ᠢ | ᠳᠠᠭᠠᠭᠤᠯᠤᠨ ᠠᠵᠢᠯᠯᠠᠵᠤ᠂ ᠴᠠᠭᠠᠨ ᠢᠳᠡᠭᠡᠨ ᠤ ᠢᠷᠡᠯᠲᠡ ᠶᠢᠨ ᠪᠣᠭᠤᠮᠲᠠ᠂ ᠪᠣᠯᠪᠠᠰᠤᠷᠠᠭᠤᠯᠬᠤ ᠪᠣᠭᠤᠮᠲᠠ᠂ | ᠡᠵᠡᠩᠨᠡᠬᠦ ᠪᠣᠭᠤᠮᠲᠠ ᠶᠢ ᠴᠢᠩᠭ᠎ᠠ ᠠᠳᠬᠤᠵᠤ᠂ ᠦᠨᠡᠨᠴᠢ ᠢᠲᠡᠭᠡᠮᠵᠢ ᠪᠠᠷ ᠬᠡᠷᠡᠭᠯᠡᠭᠴᠢᠳ ᠤᠨ ᠨᠡᠶᠢᠳᠡᠮ ᠮᠠᠭᠲᠠᠭᠠᠯ | ᠰᠠᠶᠢᠰᠢᠶᠠᠯ ᠢ ᠣᠯᠵᠤ᠂ ᠠᠵᠤ ᠠᠬᠤᠶᠢᠯᠠᠯ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠪᠠᠲᠤᠴᠠᠭᠠᠨ | ᠴᠠᠭᠠᠨ ᠢᠳᠡᠭᠡᠨ ᠤ ᠢᠷᠡᠭᠡᠳᠦᠢ ᠶᠢᠨ ᠲᠤᠬᠠᠢ ᠬᠤᠸᠠᠷ ᠨᠡᠩ ᠶᠡᠭᠡ ᠬᠥᠭᠵᠢᠯᠲᠡ ᠶᠢᠨ ᠲᠥᠯᠥᠪᠵᠢᠭᠦᠯᠭᠡ ᠪᠠ ᠬᠦᠰᠡᠯ | ᠡᠷᠡᠮᠡᠯᠵᠡᠯ ᠲᠠᠢ ᠶᠤᠮ᠂ ︽ᠤᠯᠠᠮᠵᠢᠯᠠᠯᠲᠤ ᠴᠠᠭᠠᠨ ᠢᠳᠡᠭᠡᠨ ᠤ ᠭᠠᠷ ᠤᠷᠠᠯᠠᠯ ᠤᠨ ᠤᠯᠠᠮᠵᠢᠯᠠᠭᠴᠢ ᠪᠣᠯᠤᠭᠰᠠᠨ ᠤ | ᠬᠤᠪᠢ ᠳᠤ᠂ ᠪᠢ ᠭᠠᠷ ᠤᠷᠠᠯᠠᠯ ᠢᠶᠠᠨ ᠰᠠᠶᠢᠲᠤᠷ ᠤᠯᠠᠮᠵᠢᠯᠠᠨ ᠪᠠᠳᠠᠷᠠᠭᠤᠯᠵᠤ᠂ ᠴᠠᠭᠠᠨ ᠢᠳᠡᠭᠡᠨ ᠤ ᠠᠵᠤ | ᠦᠢᠯᠡᠰ ᠢ ᠰᠢᠨᠵᠢᠯᠡᠬᠦ ᠤᠬᠠᠭᠠᠨᠴᠢ ᠪᠠᠷ ᠡᠵᠡᠩᠨᠡᠵᠦ᠂ ᠴᠠᠭᠠᠨ ᠢᠳᠡᠭᠡᠨ ᠤ ᠰᠠᠭᠤᠷᠢᠨ ᠭᠠᠵᠠᠷ ᠤᠨ ᠬᠡᠪᠴᠢᠶ᠎ᠡ ᠪᠠᠨ | ᠥᠷᠭᠡᠳᠬᠡᠵᠦ᠂ ᠤᠯᠠᠮᠵᠢᠯᠠᠯᠲᠤ ᠴᠠᠭᠠᠨ ᠢᠳᠡᠭᠡᠨ ᠤ ᠦᠨᠦᠷ ᠠᠮᠲᠠ ᠶᠢ ᠪᠦᠬᠦ ᠤᠯᠤᠰ ᠤᠨ ᠡᠯ᠎ᠡ ᠭᠠᠵᠠᠷ ᠲᠤ | ᠠᠮᠲᠠᠯᠠᠭᠤᠯᠤᠨ᠎ᠠ᠃ ᠣᠳᠣᠬᠠᠨ ᠳᠤ ᠪᠢᠳᠡ ᠪᠠᠰᠠ ᠦᠬᠡᠷ ᠤᠨ ᠪᠣᠷᠴᠠ ᠵᠡᠷᠭᠡ ᠣᠯᠠᠨ ᠲᠥᠷᠥᠯ ᠤᠨ ᠢᠳᠡᠭᠡᠨ ᠢ | ᠦᠢᠯᠡᠳᠴᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠪᠣᠷᠣᠯᠠᠭᠤᠯᠵᠤ᠂ ᠨᠡᠩ ᠣᠯᠠᠨ ᠡᠮᠡᠭᠲᠡᠶᠢᠴᠦᠳ ᠢ | ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠬᠦᠰᠡᠵᠦ ᠪᠠᠶᠢᠨ᠎ᠠ︾ ᠭᠡᠵᠡᠢ᠃ |