ᠴᠢᠬᠤᠯᠠ ᠶᠡᠭᠡ ᠲᠥᠷᠥᠯ ᠵᠦᠢᠯ ᠪᠣᠯ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ︽ᠬᠦᠴᠦᠷᠬᠡᠭ | ᠬᠥᠳᠡᠯᠭᠡᠭᠦᠷ︾ ᠪᠠ ︽ᠬᠠᠲᠠᠭᠤ ᠲᠤᠯᠭᠠᠭᠤᠷᠢᠯᠠᠯ︾ ᠪᠣᠯᠤᠨ᠎ᠠ᠃ ᠡᠨᠡ ᠵᠢᠯ ᠠᠴᠠ ᠨᠠᠰᠢ᠂ ᠬᠤᠷᠴᠢᠨ ᠪᠠᠷᠠᠭᠤᠨ | ᠭᠠᠷᠤᠨ ᠳᠤᠮᠳᠠᠳᠤ ᠬᠤᠰᠢᠭᠤ ︽ᠲᠥᠷᠥᠯ ᠵᠦᠢᠯ ᠢᠶᠠᠷ ᠭᠤᠣᠯ ᠪᠣᠯᠭᠠᠬᠤ︾ ᠣᠨᠣᠯᠵᠢᠬᠤᠨ ᠢ ᠢᠮᠠᠭᠲᠠ ᠪᠠᠲᠤ ᠪᠠᠬᠢ | ᠪᠣᠢ ᠪᠣᠯᠭᠠᠵᠤ᠂ ᠠᠵᠢᠯ ᠤᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠦᠨ᠂ ᠶᠡᠷᠦᠩᠬᠡᠶᠢᠯᠡᠭᠰᠡᠨ ᠠᠷᠭ᠎ᠠ | ᠪᠣᠳᠣᠯᠭ᠎ᠠ ᠬᠡᠷᠡᠭᠵᠢᠭᠦᠯᠵᠦ᠂ ᠨᠠᠷᠢᠯᠢᠭ ᠣᠨᠣᠴᠠᠲᠠᠢ ᠪᠠᠷ ᠬᠦᠴᠦᠯᠡᠨ᠂ ᠰᠢᠨ᠎ᠡ ᠡᠨᠧᠷᠭᠢ᠂ ᠰᠠᠭᠤᠷᠢ ᠲᠥᠬᠦᠭᠡᠷᠦᠮᠵᠢ | ᠵᠡᠷᠭᠡ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ | ᠲᠦᠷᠭᠡᠳᠬᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ | ᠲᠠᠰᠤᠷᠠᠯᠲᠠ ᠦᠭᠡᠢ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃ | ᠣᠶᠢᠷ᠎ᠠ ᠳᠤ᠂ ᠰᠤᠷᠪᠤᠯᠵᠢᠯᠠᠭᠴᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠢᠷᠢᠮ ᠤᠨ 4.3 | ᠲᠦᠮᠡᠨ ᠺᠢᠯᠣᠸᠠᠲ ᠤᠨ ᠨᠡᠶᠢᠯᠡᠮᠡᠯ ᠬᠡᠷᠡᠯ ᠴᠡᠨᠡᠭ ᠤᠨ ᠲᠥᠷᠥᠯ ᠵᠦᠢᠯ ᠤᠨ ᠲᠤᠬᠠᠢ ᠶᠢᠨ ᠲᠠᠯᠠᠪᠠᠢ ᠳᠤ ᠬᠦᠷᠬᠦ ᠳᠤ᠂ | ᠪᠠᠷᠢᠯᠭ᠎ᠠ ᠶᠢᠨ ᠲᠤᠬᠠᠢ ᠶᠢᠨ ᠲᠠᠯᠠᠪᠠᠢ ᠡᠮᠬᠢ ᠳᠢᠭᠯᠢᠮ ᠲᠠᠢ ᠪᠠᠶᠢᠵᠤ᠂ 7000 ᠭᠠᠷᠤᠢ ᠬᠡᠷᠡᠯ ᠴᠡᠨᠡᠭ ᠤᠨ | ᠪᠠᠭᠠᠨ᠎ᠠ ᠶᠢ ᠲᠡᠷᠢ ᠲᠡᠭᠰᠢ ᠵᠢᠭᠰᠠᠭᠠᠵᠤ᠂ ᠠᠵᠢᠯᠴᠢᠳ ᠶᠠᠭ ᠬᠤᠳᠬᠤᠭᠤᠷ ᠲᠡᠷᠭᠡ ᠶᠢ ᠵᠢᠯᠣᠭᠤᠳᠤᠨ ᠰᠠᠭᠤᠷᠢ | ᠲᠠᠯᠪᠢᠵᠤ ᠴᠢᠳᠬᠤᠬᠤ ᠪᠠ ᠪᠤᠯᠠᠵᠤ ᠤᠭᠰᠠᠷᠠᠬᠤ ᠠᠵᠢᠯ ᠬᠢᠵᠦ ᠪᠠᠶᠢᠬᠤ ᠶᠢ ᠣᠯᠵᠤ ᠬᠠᠷᠠᠪᠠ᠃ | ᠪᠠᠷᠢᠯᠭ᠎ᠠ ᠶᠢᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠤᠰ ᠢᠨᠵᠧᠨᠧᠷᠢᠩ ᠤᠨ | ᠲᠥᠯᠥᠪᠵᠢᠭᠦᠯᠭᠡ ᠶᠢᠨ ᠪᠠᠭᠲᠠᠭᠠᠮᠵᠢ ᠨᠢ 42.9MW ᠪᠠᠶᠢᠵᠤ᠂ ᠪᠣᠳᠠᠲᠠᠢ ᠪᠠᠶᠢᠷᠢᠯᠠᠭᠤᠯᠤᠭᠰᠠᠨ ᠪᠠᠭᠲᠠᠭᠠᠮᠵᠢ ᠨᠢ | 51.16644 MWp ᠪᠣᠯᠤᠨ᠎ᠠ᠃ ᠬᠡᠷᠡᠯ ᠴᠡᠨᠡᠭ ᠤᠨ ᠵᠢᠭᠰᠠᠭᠠᠯ ᠨᠢ 3.3MW ᠶᠢᠨ ᠤᠭᠰᠠᠷᠠᠭ᠎ᠠ | ᠬᠡᠯᠪᠡᠷᠢ ᠶᠢᠨ 13 ᠵᠢᠭᠰᠠᠭᠠᠯ ᠲᠠᠢ ᠪᠠᠶᠢᠵᠤ᠂ ᠳᠠᠩ ᠲᠠᠯᠠᠰᠲᠤ ᠬᠤᠣᠰ ᠰᠢᠯ ᠬᠤᠣᠰ ᠭᠠᠳᠠᠷ ᠨᠢ 620W ᠶᠢᠨ | pN ᠬᠡᠯᠪᠡᠷᠢ ᠶᠢᠨ ᠭᠡᠷᠡᠯ ᠴᠡᠨᠡᠭ ᠤᠨ ᠲᠤᠨᠤᠭ ᠢ ᠬᠡᠷᠡᠭᠯᠡᠪᠡ᠃ ᠭᠡᠷᠡᠯ ᠴᠡᠨᠡᠭ ᠤᠨ ᠲᠠᠯᠠᠪᠠᠢ ᠶᠢᠨ ᠲᠣᠭᠤᠷᠢᠭ ᠲᠤ | ᠨᠡᠶᠢᠲᠡ 2 ᠤᠳᠠᠭ᠎ᠠ 35kV ᠴᠠᠬᠢᠯᠭᠠᠨ ᠬᠤᠷᠢᠶᠠᠭᠤᠷ ᠲᠣᠬᠢᠷᠠᠭᠤᠯᠵᠤ᠂ ᠶᠢᠨ ᠯᠢᠶᠠᠨ ᠬᠤᠷᠴᠢᠨ ᠪᠠᠷᠠᠭᠤᠨ ᠭᠠᠷᠤᠨ | ᠳᠤᠮᠳᠠᠳᠤ ᠬᠤᠰᠢᠭᠤᠨ ᠤ ᠵᠢᠷᠢᠮ ᠰᠠᠯᠬᠢᠨ ᠬᠦᠴᠦᠨ ᠤ ᠴᠠᠬᠢᠯᠭᠠᠨ ᠤ ᠲᠠᠯᠠᠪᠠᠢ ᠶᠢᠨ F63 ᠨᠣᠮᠧᠷᠲᠤ ᠰᠠᠯᠬᠢᠨ | ᠬᠦᠴᠦᠨ ᠤ ᠮᠠᠰᠢᠨ ᠤ 35KV ᠬᠤᠷᠠᠮᠠᠯ ᠴᠠᠬᠢᠯᠭᠠᠨ ᠬᠤᠷᠢᠶᠠᠭᠤᠷ ᠤᠨ ᠦᠵᠦᠭᠦᠷ ᠤᠨ ᠰᠤᠪᠤᠷᠭ᠎ᠠ ᠳᠡᠭᠡᠷ᠎ᠡ | ᠲᠣᠬᠢᠷᠠᠭᠤᠯᠪᠠ᠃ | ᠶᠢᠨ ᠯᠢᠶᠠᠨ ᠰᠢᠨ᠎ᠡ ᠡᠨᠧᠷᠭᠢ ᠶᠢᠨ ᠺᠣᠮᠫᠠᠨᠢ ᠶᠢᠨ ᠶᠡᠷᠦᠩᠬᠡᠢ ᠢᠨᠵᠧᠨᠧᠷ ᠯᠢ ᠹᠧᠩ ᠰᠢᠶᠠᠨ᠄ ︽ ᠶᠢᠨ ᠯᠢᠶᠠᠨ | ᠬᠤᠷᠴᠢᠨ ᠪᠠᠷᠠᠭᠤᠨ ᠭᠠᠷᠤᠨ 43 ᠰᠠᠶ᠎ᠠ ᠸᠠᠲ ᠤᠨ ᠬᠡᠷᠡᠯ ᠴᠡᠨᠡᠭ ᠤᠨ ᠲᠥᠷᠥᠯ ᠵᠦᠢᠯ ᠨᠢ ᠣᠳᠣᠬᠠᠨ ᠳᠤ ᠶᠠᠭ | ᠪᠠᠭᠠᠨ᠎ᠠ ᠶᠢᠨ ᠰᠠᠭᠤᠷᠢ ᠶᠢ ᠴᠢᠳᠬᠤᠬᠤ ᠪᠠᠷᠢᠯᠭ᠎ᠠ ᠬᠢᠵᠦ ᠪᠠᠶᠢᠨ᠎ᠠ᠂ 11 ᠰᠠᠷ᠎ᠠ ᠶᠢᠨ ᠡᠬᠢ ᠪᠠᠷ ᠲᠤᠯᠬᠤ ᠵᠢᠶᠠᠰᠠ ᠶᠢ | ᠤᠭᠰᠠᠷᠠᠵᠤ᠂ 11 ᠰᠠᠷ᠎ᠠ ᠶᠢᠨ ᠰᠡᠭᠦᠯᠴᠢ ᠪᠠᠷ 12 ᠰᠠᠶ᠎ᠠ ᠸᠠᠲ ᠤᠨ ᠲᠣᠨᠤᠭ ᠤᠭᠰᠠᠷᠠᠬᠤ ᠠᠵᠢᠯ ᠢ ᠪᠡᠶᠡᠯᠡᠭᠦᠯᠵᠦ᠂ | ᠢᠷᠡᠬᠦ ᠵᠢᠯ ᠤᠨ 8 ᠰᠠᠷ᠎ᠠ ᠳᠤ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠵᠤ᠂ ᠵᠢᠯ ᠤᠨ ᠴᠠᠬᠢᠯᠭᠠᠨ ᠭᠠᠷᠭᠠᠬᠤ | ᠬᠡᠮᠵᠢᠶ᠎ᠡ ᠨᠢ ᠪᠠᠷᠤᠭ 6000 ᠲᠦᠮᠡᠨ ᠭᠷᠠᠳᠦ᠋ᠰ ᠠᠴᠠ ᠳᠡᠭᠡᠭᠰᠢ ᠪᠣᠯᠤᠨ᠎ᠠ︾ ᠭᠡᠵᠦ ᠬᠡᠯᠡᠪᠡ᠃ | ᠮᠥᠨ ᠴᠦ ᠪᠦᠬᠦ ᠬᠤᠰᠢᠭᠤᠨ ᠤ ᠴᠢᠬᠤᠯᠠ ᠶᠡᠭᠡ ᠲᠥᠷᠥᠯ ᠵᠦᠢᠯ ᠤᠨ ᠨᠢᠭᠡ ᠪᠣᠯᠤᠭᠰᠠᠨ ᠤ ᠬᠤᠪᠢ ᠳᠤ᠂ | ᠯᠦᠩ ᠶᠤᠸᠠᠨ ᠬᠢᠩᠭᠠᠨ ᠠᠶᠢᠮᠠᠭ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠣᠯᠠ ᠶᠢᠨ ᠰᠠᠯᠬᠢᠨ | ᠬᠦᠴᠦᠨ ᠤ ᠴᠠᠬᠢᠯᠭᠠᠨ ᠤ ᠲᠥᠷᠥᠯ ᠵᠦᠢᠯ ᠤᠨ ᠪᠠᠷᠢᠯᠭ᠎ᠠ ᠴᠤ ᠬᠥᠷ ᠬᠥᠭᠵᠢᠶᠡᠨ ᠲᠠᠢ ᠶᠠᠪᠤᠭᠳᠠᠵᠤ ᠪᠤᠢ᠃ ᠴᠤ ᠭᠦ᠋ | ᠯᠡ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ | ᠲᠠᠯᠠᠪᠠᠢ ᠳᠤ᠂ 30 ᠰᠢᠬᠠᠮ ᠠᠵᠢᠯᠴᠢᠨ ᠪᠣᠯᠤᠨ ᠣᠯᠠᠨ ᠲᠣᠮᠣ ᠬᠡᠯᠪᠡᠷᠢ ᠶᠢᠨ ᠲᠥᠬᠦᠭᠡᠷᠦᠮᠵᠢ ᠶᠠᠭ ᠬᠠᠮᠵᠢᠯᠴᠠᠨ | ᠠᠵᠢᠯᠯᠠᠵᠤ᠂ ᠳᠡᠪᠢᠭᠦᠷ ᠨᠠᠪᠴᠢ᠂ ᠳᠡᠭᠦᠵᠢᠯᠡᠭᠦᠷ ᠮᠠᠰᠢᠨ ᠤ ᠥᠷᠥᠭᠡ᠂ ᠲᠠᠯᠠᠪᠤᠷ ᠭᠠᠵᠠᠷ ᠢ ᠴᠡᠪᠡᠷᠯᠡᠬᠦ ᠵᠡᠷᠭᠡ | ᠠᠵᠢᠯ ᠢ ᠬᠢᠵᠦ ᠪᠠᠶᠢᠨ᠎ᠠ᠃ | ᠯᠦᠩ ᠶᠤᠸᠠᠨ ᠴᠠᠬᠢᠯᠭᠠᠨ ᠬᠦᠴᠦᠨ ᠤ ᠮᠧᠩ ᠳ᠋ᠦᠩ ᠰᠠᠯᠬᠢᠨ ᠬᠦᠴᠦᠨ ᠤ ᠴᠠᠬᠢᠯᠭᠠᠨ ᠤ ᠲᠥᠷᠥᠯ | ᠵᠦᠢᠯ ᠤᠨ ᠳᠠᠭᠠᠭᠠᠮᠠᠯ ᠸᠠᠩ ᠱᠤᠸᠠᠢ ᠬᠡᠯᠡᠭᠰᠡᠨ ᠨᠢ᠄ ︽ᠯᠦᠩ ᠶᠤᠸᠠᠨ ᠮᠧᠩ ᠳ᠋ᠦᠩ ᠺᠣᠮᠫᠠᠨᠢ ᠶᠢᠨ ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠥᠬᠦᠯ ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠦᠢᠯ᠂ ᠨᠡᠶᠢᠲᠡ | ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠨᠢ 49.3 ᠰᠠᠶ᠎ᠠ ᠸᠠᠲ᠂ ᠨᠡᠶᠢᠲᠡ 10 ᠰᠠᠤᠷᠢ ᠰᠠᠯᠬᠢᠨ ᠬᠦᠴᠦᠨ ᠤ | ᠮᠠᠰᠢᠨ ᠴᠣᠭᠴᠠᠯᠠᠪᠤᠷᠢ᠃ ᠣᠳᠣᠬᠠᠨ ᠳᠤ ᠨᠢᠭᠡᠨᠲᠡ 5 ᠰᠠᠤᠷᠢ ᠰᠠᠯᠬᠢᠨ ᠬᠦᠴᠦᠨ ᠤ ᠮᠠᠰᠢᠨ ᠢ ᠤᠭᠰᠠᠷᠠᠵᠤ᠂ ᠪᠢᠳᠡ | ᠳᠠᠪᠬᠤᠷ ᠳᠠᠪᠬᠤᠷ ᠬᠦᠴᠢᠷᠳᠡᠯ ᠢ ᠢᠯᠠᠨ ᠳᠠᠪᠠᠵᠤ᠂ 12 ᠰᠠᠷ᠎ᠠ ᠶᠢᠨ 30 ᠤ ᠡᠳᠦᠷ ᠪᠦᠬᠦ ᠪᠠᠭᠲᠠᠭᠠᠮᠵᠢ ᠪᠠᠷ | ᠲᠣᠣᠷ ᠲᠤ ᠨᠡᠶᠢᠯᠡᠭᠦᠯᠬᠦ ᠪᠠᠷ ᠴᠢᠷᠮᠠᠶᠢᠨ᠎ᠠ︾ ᠭᠡᠵᠦ ᠬᠡᠯᠡᠪᠡ᠃ | ᠣᠶᠢᠯᠠᠭᠠᠭᠰᠠᠨ ᠢᠶᠠᠷ᠂ ᠲᠤᠰ ᠲᠥᠷᠥᠯ ᠵᠦᠢᠯ ᠨᠢ ᠨᠢᠭᠡᠨᠲᠡ 2013 ᠣᠨ ᠳᠤ 10.5MW ᠶᠢ ᠪᠠᠶᠢᠭᠤᠯᠵᠤ | ᠳᠠᠭᠤᠰᠬᠠᠨ᠂ ᠲᠤᠰ ᠬᠤᠭᠤᠴᠠᠭᠠᠨ ᠳᠤ ᠪᠣᠳᠠᠲᠠᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 38.8MW ᠶᠢ | ᠦᠷᠭᠦᠯᠵᠢᠯᠡᠨ ᠪᠠᠶᠢᠭᠤᠯᠵᠤ᠂ 10 ᠰᠠᠯᠬᠢᠨ ᠬᠦᠴᠦᠨ ᠤ ᠴᠠᠬᠢᠯᠭᠠᠨ ᠤ ᠮᠠᠰᠢᠨ ᠴᠣᠭᠴᠠᠯᠠᠪᠤᠷᠢ ᠶᠢ ᠤᠭᠰᠠᠷᠠᠬᠤ ᠪᠠᠷ | ᠲᠥᠯᠥᠪᠯᠡᠵᠦ᠂ 2 ᠰᠠᠭᠤᠷᠢ ᠳᠠᠩ ᠮᠠᠰᠢᠨ ᠤ ᠪᠠᠭᠲᠠᠭᠠᠮᠵᠢ 3.4MW ᠪᠠ ᠳᠠᠩ ᠮᠠᠰᠢᠨ ᠤ ᠪᠠᠭᠲᠠᠭᠠᠮᠵᠢ 4. | 0MW ᠶᠢᠨ ᠰᠠᠯᠬᠢᠨ ᠬᠦᠴᠦᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ᠂ ᠶᠡᠷᠦᠩᠬᠡᠢ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ 38.8MW ᠪᠠᠶᠢᠵᠤ᠂ ᠨᠢᠭᠡᠨᠲᠡ 220kV ᠳᠠᠶᠢᠴᠢᠨᠲᠠᠯ᠎ᠠ ᠶᠢᠨ ᠰᠠᠯᠬᠢᠨ | ᠬᠦᠴᠦᠨ ᠤ ᠴᠠᠬᠢᠯᠭᠠᠨ ᠤ ᠲᠠᠯᠠᠪᠠᠢ ᠶᠢᠨ ᠬᠦᠴᠦᠳᠡᠯ ᠳᠡᠭᠡᠭᠰᠢᠯᠡᠭᠦᠯᠬᠦ ᠥᠷᠲᠡᠭᠡ ᠶᠢ ᠪᠠᠶᠢᠭᠤᠯᠵᠤ 220kV | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠦᠴᠦᠳᠡᠯ ᠥᠭᠡᠷᠡᠴᠢᠯᠡᠬᠦ ᠥᠷᠲᠡᠭᠡ ᠶᠢ ᠨᠡᠪᠲᠡᠷᠡᠭᠦᠯᠬᠦ ᠪᠠᠷ | ᠪᠠᠶᠢᠨ᠎ᠠ᠃ | 2024 ᠣᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠵᠠᠰᠠᠭ ᠤᠨ ᠣᠷᠳᠣᠨ ᠤ ᠪᠡᠯᠡ | ᠣᠷᠣᠭᠤᠯᠤᠯᠲᠠ 5000 ᠲᠦᠮᠡᠨ ᠲᠥᠭᠦᠷᠢᠭ᠂ ᠠᠵᠤ ᠠᠬᠤᠶᠢᠯᠠᠯ ᠤᠨ ᠪᠡᠯᠡ ᠣᠷᠣᠭᠤᠯᠤᠯᠲᠠ ᠳ᠋ᠦᠩᠰᠢᠭᠤᠷ | ᠲᠥᠭᠦᠷᠢᠭ ᠠᠴᠠ ᠳᠡᠭᠡᠭᠰᠢᠬᠢ 31 ᠴᠢᠬᠤᠯᠠ ᠶᠡᠭᠡ ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ᠂ ᠶᠡᠷᠦᠩᠬᠡᠢ | ᠪᠡᠯᠡ ᠣᠷᠣᠭᠤᠯᠤᠯᠲᠠ 282 ᠳ᠋ᠦᠩᠰᠢᠭᠤᠷ ᠲᠥᠭᠦᠷᠢᠭ ᠪᠠᠶᠢᠵᠤ᠂ ᠵᠢᠯ ᠤᠨ ᠳᠣᠲᠣᠷ᠎ᠠ 81.45 ᠳ᠋ᠦᠩᠰᠢᠭᠤᠷ | ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 19% ᠪᠠᠷ | ᠨᠡᠮᠡᠭᠳᠡᠭᠦᠯᠬᠦ ᠪᠠᠷ ᠲᠥᠯᠥᠪᠯᠡᠵᠦ ᠪᠤᠢ᠃ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠪᠡᠯᠡ ᠣᠷᠣᠭᠤᠯᠤᠯᠲᠠ ᠶᠢᠨ ᠲᠠᠰᠤᠭ ᠤᠨ ᠲᠤᠬᠠᠶᠢᠯᠠᠭᠰᠠᠨ ᠠᠵᠢᠯ ᠤᠨ ᠠᠵᠢᠯᠲᠠᠨ ᠪᠠᠶᠠᠨᠭᠠᠷᠤᠳᠢ᠄ ︽ᠬᠤᠷᠴᠢᠨ | ᠪᠠᠷᠠᠭᠤᠨ ᠭᠠᠷᠤᠨ ᠳᠤᠮᠳᠠᠳᠤ ᠬᠤᠰᠢᠭᠤ ᠣᠳᠣ ᠪᠣᠯᠲᠠᠯ᠎ᠠ ᠨᠡᠶᠢᠲᠡ 488 ᠲᠦᠮᠡᠨ ᠺᠢᠯᠣᠸᠠᠲ ᠡᠨᠧᠷᠭᠢ ᠶᠢᠨ | ᠰᠤᠷᠪᠤᠯᠵᠢ ᠶᠢ ᠪᠠᠶᠢᠭᠤᠯᠵᠤ ᠳᠠᠭᠤᠰᠬᠠᠪᠠ᠂ ᠡᠭᠦᠨ ᠳᠤ ᠣᠶᠢᠷ᠎ᠠ ᠶᠢᠨ ᠬᠤᠶᠠᠷ ᠵᠢᠯ ᠳᠤ ᠪᠦᠲᠦᠭᠡᠨ ᠪᠠᠶᠢᠭᠤᠯᠤᠭᠰᠠᠨ | ᠵᠥᠩ ᠭᠤᠸᠠᠩ ᠴᠥᠮ᠎ᠡ ᠶᠢᠨ 200 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠢᠶᠠᠷ ᠶᠠᠳᠠᠭᠤ ᠶᠢ | ᠲᠡᠳᠬᠦᠬᠦ ᠲᠥᠷᠥᠯ ᠵᠦᠢᠯ ᠨᠢᠭᠡᠨᠲᠡ ᠴᠠᠬᠢᠯᠭᠠᠨ ᠭᠠᠷᠭᠠᠵᠤ ᠠᠰᠢᠭᠯᠠᠯᠲᠠ ᠳᠤ ᠣᠷᠣᠵᠤ᠂ 2024 ᠣᠨ ᠳᠤ ᠰᠠᠯᠬᠢᠨ | ᠬᠦᠴᠦᠨ ᠤ ᠴᠠᠬᠢᠯᠭᠠᠨ ᠭᠡᠷᠡᠯ ᠴᠡᠨᠡᠭ ᠢ ᠣᠳᠣ ᠨᠢᠭᠡᠨᠲᠡ ᠳᠥᠷᠪᠡᠨ ᠲᠥᠷᠥᠯ ᠵᠦᠢᠯ ᠢ ᠠᠵᠢᠯ ᠡᠬᠢᠯᠡᠭᠦᠯᠦᠨ | ᠪᠦᠲᠦᠭᠡᠨ ᠪᠠᠶᠢᠭᠤᠯᠪᠠ᠃ 11 ᠰᠠᠷ᠎ᠠ ᠳᠤ ᠵᠦᠩ ᠭᠤᠸᠠᠩ ᠴᠥᠮ᠎ᠡ ᠶᠢᠨ ᠰᠠᠯᠬᠢ ᠭᠡᠷᠡᠯ ᠢ ᠨᠢᠭᠡ | ᠴᠣᠭᠴᠠᠵᠢᠭᠤᠯᠤᠭᠰᠠᠨ ᠰᠢᠨ᠎ᠡ ᠡᠨᠧᠷᠭᠢ ᠶᠢᠨ ᠲᠥᠷᠥᠯ ᠵᠦᠢᠯ ᠢ ᠡᠬᠢᠯᠡᠭᠦᠯᠵᠦ᠂ ᠶᠡᠷᠦᠩᠬᠡᠢ ᠪᠡᠯᠡ ᠣᠷᠣᠭᠤᠯᠤᠯᠲᠠ ᠨᠢ | 21 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠤᠨ ᠳᠣᠲᠣᠷ᠎ᠠ 5 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ᠂ ᠬᠤᠯᠪᠣᠭᠳᠠᠯ ᠪᠦᠬᠦᠢ ᠠᠵᠤ ᠦᠢᠯᠡᠰ ᠤᠨ ᠬᠥᠭᠵᠢᠯᠲᠡ ᠶᠢ | ᠳᠠᠶᠢᠴᠢᠯᠠᠵᠤ᠂ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠨᠡᠮᠡᠭᠳᠡᠭᠦᠯᠵᠦ᠂ ᠣᠷᠣᠨ ᠨᠤᠲᠤᠭ ᠤᠨ ᠠᠵᠤ | ᠠᠬᠤᠢ ᠶᠢᠨ ᠨᠡᠮᠡᠭᠳᠡᠯ ᠢ ᠤᠯᠠᠮ ᠨᠢᠭᠡ ᠠᠯᠬᠤᠮ ᠠᠬᠢᠭᠤᠯᠵᠤ ᠪᠣᠯᠤᠨ᠎ᠠ᠃ |