ᠰᠢᠨᠠᠵᠠᠮ ᠰᠤᠮᠤ ᠲᠤᠭ᠎ᠠ ᠪᠦᠷᠢᠳᠬᠡᠯ ᠤᠨ ᠬᠠᠤᠯᠢ ᠶᠢᠨ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/10
    ᠲᠤᠭ᠎ᠠ ᠪᠦᠷᠢᠳᠬᠡᠯ ᠤᠨ ᠬᠠᠤᠯᠢ ᠴᠠᠭᠠᠵᠠ ᠶᠢᠨ ᠦᠵᠡᠯ ᠤᠬᠠᠮᠰᠠᠷ ᠢ ᠴᠢᠩᠭᠠᠳᠬᠠᠵᠤ᠂ ᠬᠠᠤᠯᠢ ᠶᠣᠰᠣᠭᠠᠷ ᠪᠦᠷᠢᠳᠬᠡᠬᠦ᠂ ᠬᠠᠤᠯᠢ ᠶᠣᠰᠣᠭᠠᠷ ᠨᠢᠭᠡᠳᠦᠯᠲᠡᠢ ᠬᠠᠮᠢᠶᠠᠷᠬᠤ ᠶᠢ ᠵᠠᠰᠠᠬᠤ ᠰᠠᠨᠠᠭᠠᠴᠢᠯᠠᠭᠠᠲᠤ ᠴᠢᠨᠠᠷ ᠪᠠ ᠤᠬᠠᠮᠰᠠᠷᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ 12 ᠰᠠᠷ᠎ᠠ ᠶᠢᠨ 6 ᠤ ᠡᠳᠦᠷ᠂ ᠰᠢᠨᠠᠵᠠᠮ ᠰᠤᠮᠤ ︽ᠲᠤᠭ᠎ᠠ ᠪᠦᠷᠢᠳᠬᠡᠯ ᠤᠨ ᠬᠠᠤᠯᠢ︾ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠬᠠᠤᠯᠢ ᠶᠣᠰᠣᠭᠠᠷ ᠲᠤᠭ᠎ᠠ ᠪᠦᠷᠢᠳᠬᠡᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠪᠠᠷ ᠭᠤᠣᠯ ᠰᠡᠳᠦᠪ ᠪᠣᠯᠭᠠᠵᠤ ᠲᠤᠭ᠎ᠠ ᠪᠦᠷᠢᠳᠬᠡᠯ ᠤᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠠᠵᠢᠯᠲᠠᠳ ᠮᠠᠯᠴᠢᠨ ᠲᠠᠷᠢᠶᠠᠴᠢᠨ ᠲᠦᠮᠡᠨ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠤᠭ᠎ᠠ ᠪᠦᠷᠢᠳᠬᠡᠯ ᠤᠨ ᠬᠠᠤᠯᠢ︾ ᠶᠢ ᠤᠬᠠᠭᠤᠯᠵᠤ᠂ ᠲᠤᠬᠠᠢ ᠶᠢᠨ ᠲᠠᠯᠠᠪᠤᠷ ᠲᠤ ᠲᠤᠭ᠎ᠠ ᠪᠦᠷᠢᠳᠬᠡᠯ ᠤᠨ ᠬᠠᠤᠯᠢ ᠶᠢᠨ ᠤᠬᠠᠭᠤᠯᠭ᠎ᠠ ᠶᠢᠨ ᠳᠡᠪᠲᠡᠷ ᠢ ᠲᠠᠷᠬᠠᠭᠠᠵᠤ᠂ ᠨᠠᠰᠢ ᠴᠠᠰᠢ ᠥᠩᠭᠡᠷᠡᠬᠦ ᠮᠠᠯᠴᠢᠨ ᠲᠠᠷᠢᠶᠠᠴᠢᠨ ᠲᠦᠮᠡᠨ ᠳᠤ ᠲᠤᠭ᠎ᠠ ᠪᠦᠷᠢᠳᠬᠡᠯ ᠤᠨ ᠬᠠᠤᠯᠢ ᠳᠤ ᠵᠠᠰᠠᠪᠤᠷᠢ ᠣᠷᠣᠭᠤᠯᠤᠭᠰᠠᠨ ᠠᠭᠤᠯᠭ᠎ᠠ ᠪᠠ ᠴᠢᠬᠤᠯᠠ ᠠᠴᠢ ᠬᠤᠯᠪᠣᠭᠳᠠᠯ ᠢ ᠨᠠᠷᠢᠨ ᠬᠢᠨᠠᠮᠠᠭᠠᠢ ᠲᠠᠶᠢᠯᠪᠤᠷᠢᠯᠠᠨ ᠥᠭᠴᠦ᠂ ᠮᠠᠯᠴᠢᠨ ᠲᠠᠷᠢᠶᠠᠴᠢᠨ ᠪᠣᠯᠤᠨ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠤᠨ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠤᠬᠠᠮᠰᠠᠷ ᠢ ᠴᠢᠩᠭᠠᠳᠬᠠᠬᠤ ᠶᠢ ᠠᠬᠢᠭᠤᠯᠪᠠ᠃ ᠲᠤᠰ ᠤᠳᠠᠭᠠᠨ ᠤ ᠠᠵᠢᠯᠯᠠᠭ᠎ᠠ ᠳᠤ ᠨᠡᠶᠢᠲᠡ 100 ᠭᠠᠷᠤᠢ ᠬᠤᠪᠢ ᠤᠬᠠᠭᠤᠯᠭ᠎ᠠ ᠶᠢᠨ ᠳᠡᠪᠲᠡᠷ ᠲᠠᠷᠬᠠᠭᠠᠪᠠ᠃    ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠪᠠ ᠲᠤᠭ᠎ᠠ ᠪᠦᠷᠢᠳᠬᠡᠯ ᠤᠨ ᠪᠠᠶᠢᠴᠠᠭᠠᠯᠲᠠ ᠶᠢᠨ ᠡᠲᠡᠭᠡᠳ ᠤᠨ ᠲᠤᠭ᠎ᠠ ᠪᠦᠷᠢᠳᠬᠡᠯ ᠤᠨ ᠬᠠᠤᠯᠢ ᠪᠠᠷ ᠵᠠᠰᠠᠬᠤ ᠦᠵᠡᠯᠲᠡ ᠶᠢ ᠤᠯᠠᠮ ᠨᠢᠭᠡ ᠠᠯᠬᠤᠮ ᠴᠢᠩᠭᠠᠳᠬᠠᠵᠤ᠂ ᠲᠤᠭ᠎ᠠ ᠪᠦᠷᠢᠳᠬᠡᠯ ᠤᠨ ᠠᠵᠢᠯ ᠤᠨ ᠴᠢᠬᠤᠯᠠ ᠴᠢᠨᠠᠷ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠦᠨ᠂ ᠣᠯᠠᠨ ᠲᠦᠮᠡᠨ ᠤ ᠲᠤᠭ᠎ᠠ ᠪᠦᠷᠢᠳᠬᠡᠯ ᠤᠨ ᠠᠵᠢᠯ ᠤᠨ ᠬᠠᠮᠵᠢᠯᠴᠠᠭ᠎ᠠ ᠪᠠ ᠳᠡᠮᠵᠢᠯᠭᠡ ᠶᠢᠨ ᠬᠡᠮᠵᠢᠶ᠎ᠡ ᠶᠢ ᠳᠡᠭᠡᠭᠰᠢᠯᠡᠭᠦᠯᠵᠦ᠂ ᠪᠦᠬᠦ ᠠᠷᠠᠳ ᠢᠶᠠᠷ ᠢᠶᠠᠨ ᠲᠤᠭ᠎ᠠ ᠪᠦᠷᠢᠳᠬᠡᠯ ᠳᠤ ᠣᠷᠣᠯᠴᠠᠬᠤ᠂ ᠲᠤᠭ᠎ᠠ ᠪᠦᠷᠢᠳᠬᠡᠯ ᠢ ᠳᠡᠮᠵᠢᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠢ ᠪᠣᠯᠭᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号