12 ᠰᠠᠷ᠎ᠠ ᠶᠢᠨ 8 ᠤ ᠡᠳᠦᠷ ᠪᠣᠯ ︽ᠲᠤᠭ᠎ᠠ ᠪᠦᠷᠢᠳᠬᠡᠯ ᠤᠨ ᠬᠠᠤᠯᠢ︾ ᠶᠢ ᠨᠡᠶᠢᠲᠡᠯᠡᠭᠰᠡᠨ 41 ᠵᠢᠯ ᠤᠨ | ᠣᠢ ᠶᠢᠨ ᠳᠤᠷᠠᠰᠬᠠᠯ ᠤᠨ ᠡᠳᠦᠷ ᠪᠣᠯᠤᠨ᠎ᠠ᠃ 12 ᠰᠠᠷ᠎ᠠ ᠶᠢᠨ 6 ᠤ ᠡᠳᠦᠷ᠂ ᠪᠠᠶᠠᠨᠬᠤᠰᠢᠭᠤ ᠪᠠᠯᠭᠠᠰᠤ ︽ | ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠪᠠᠳᠠᠷᠠᠭᠤᠯᠵᠤ ᠬᠠᠤᠯᠢ ᠪᠠᠷ ᠨᠣᠶᠠᠷᠬᠠᠬᠤ ᠶᠢ ᠭᠦᠨᠵᠡᠭᠡᠢ | ᠠᠬᠢᠭᠤᠯᠬᠤ︾ ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠥᠷᠨᠢᠭᠦᠯᠵᠦ᠂ | ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠪᠠᠶᠠᠨᠬᠤᠰᠢᠭᠤ ᠪᠠᠯᠭᠠᠰᠤ ᠬᠥᠨᠳᠡᠯᠡᠨ ᠪᠢᠴᠢᠭᠡᠰᠦ ᠡᠯᠭᠦᠬᠦ᠂ | ᠤᠬᠠᠭᠤᠯᠭ᠎ᠠ ᠶᠢᠨ ᠭᠠᠷ ᠳᠡᠪᠲᠡᠷ ᠲᠠᠷᠬᠠᠭᠠᠬᠤ᠂ ᠲᠤᠬᠠᠢ ᠶᠢᠨ ᠲᠠᠯᠠᠪᠠᠢ ᠳᠤ ᠲᠠᠶᠢᠯᠤᠮᠵᠢ ᠬᠢᠬᠦ ᠵᠡᠷᠭᠡ ᠠᠷᠭ᠎ᠠ | ᠬᠡᠯᠪᠡᠷᠢ ᠪᠠᠷ ᠣᠯᠠᠨ ᠲᠦᠮᠡᠨ ᠳᠤ ᠦᠨᠳᠦᠰᠦᠨ ᠬᠠᠤᠯᠢ᠂ ᠲᠤᠭ᠎ᠠ ᠪᠦᠷᠢᠳᠬᠡᠯ ᠤᠨ ᠬᠠᠤᠯᠢ ᠶᠢᠨ ᠰᠠᠭᠤᠷᠢ ᠮᠡᠳᠡᠯᠭᠡ | ᠪᠣᠯᠤᠨ ᠬᠠᠤᠯᠢ ᠶᠣᠰᠣᠭᠠᠷ ᠪᠦᠷᠢᠳᠬᠡᠬᠦ ᠦᠨᠳᠦᠰᠦᠨ ᠣᠶᠢᠯᠠᠭᠠᠭᠳᠠᠬᠤᠨ ᠢ ᠲᠦᠭᠡᠮᠡᠯᠵᠢᠭᠦᠯᠵᠦ᠂ ᠣᠯᠠᠨ ᠲᠦᠮᠡᠨ ᠳᠤ | ᠦᠨᠳᠦᠰᠦᠨ ᠬᠠᠤᠯᠢ᠂ ᠲᠤᠭ᠎ᠠ ᠪᠦᠷᠢᠳᠬᠡᠯ ᠤᠨ ᠬᠠᠤᠯᠢ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠨᠠᠩ | ᠰᠢᠭᠤᠳ ᠣᠶᠢᠯᠠᠭᠠᠭᠤᠯᠵᠤ᠂ ᠬᠠᠤᠯᠢ ᠶᠢ ᠲᠣᠳᠣᠷᠬᠠᠢ ᠪᠣᠯᠭᠠᠵᠤ᠂ ᠬᠠᠤᠯᠢ ᠶᠢ ᠰᠠᠬᠢᠬᠤ ᠬᠡᠷᠡᠭᠲᠡᠢ᠃ ᠡᠭᠦᠨ ᠤ | ᠬᠠᠮᠲᠤ᠂ ᠠᠵᠢᠯᠲᠠᠳ ᠠᠵᠤ ᠠᠬᠤᠶᠢᠯᠠᠯ᠂ ᠬᠤᠪᠢ ᠶᠢᠨ ᠡᠷᠦᠬᠡ ᠶᠢ ᠭᠦᠨᠵᠡᠭᠡᠢ ᠰᠤᠷᠪᠤᠯᠵᠢᠯᠠᠵᠤ᠂ ᠨᠢᠭᠤᠷᠳᠠᠨ | ᠰᠣᠯᠢᠯᠴᠠᠬᠤ ᠠᠷᠭ᠎ᠠ ᠮᠠᠶ᠋ᠢᠭ ᠢᠶᠠᠷ ᠤᠬᠠᠭᠤᠯᠵᠤ᠂ ᠦᠨᠳᠦᠰᠦᠨ ᠬᠠᠤᠯᠢ᠂ ᠲᠤᠭ᠎ᠠ ᠪᠦᠷᠢᠳᠬᠡᠯ ᠤᠨ ᠬᠠᠤᠯᠢ ᠶᠢ | ᠦᠨᠡᠨ ᠬᠦ ᠬᠥᠮᠦᠰ ᠤᠨ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠪᠠ᠃ | ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠭᠤᠯᠤᠨ᠂ ᠦᠨᠳᠦᠰᠦᠨ ᠬᠠᠤᠯᠢ᠂ ᠲᠤᠭ᠎ᠠ ᠪᠦᠷᠢᠳᠬᠡᠯ ᠤᠨ | ᠬᠠᠤᠯᠢ ᠶᠢᠨ ᠲᠤᠬᠠᠢ ᠣᠯᠠᠨ ᠲᠦᠮᠡᠨ ᠤ ᠲᠠᠨᠢᠯᠲᠠ ᠶᠢ ᠪᠦᠲᠦᠮᠵᠢᠲᠡᠢ ᠳᠡᠭᠡᠭᠰᠢᠯᠡᠭᠦᠯᠪᠡ᠃ ᠮᠠᠨ ᠤ ᠪᠠᠯᠭᠠᠰᠤᠨ ᠤ | ᠬᠠᠤᠯᠢ ᠶᠣᠰᠣᠭᠠᠷ ᠨᠢᠭᠡᠳᠬᠡᠬᠦ ᠶᠢ ᠠᠬᠢᠭᠤᠯᠬᠤ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ᠂ ᠲᠤᠭ᠎ᠠ ᠪᠦᠷᠢᠳᠬᠡᠯ ᠤᠨ ᠠᠵᠢᠯ ᠢ ᠠᠬᠢᠭᠤᠯᠬᠤ ᠳᠤ ᠰᠠᠶᠢᠨ ᠰᠠᠭᠤᠷᠢ ᠲᠠᠯᠪᠢᠵᠤ ᠥᠭᠪᠡ᠃ |