ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠣᠯᠤᠨ ᠬᠠᠶᠢᠳᠢᠶᠠᠨ ᠲᠣᠭᠤᠷᠢᠭ ︽ᠬᠠᠮᠵᠢᠯᠴᠠᠬᠤ ᠠᠶ᠎ᠠ︾ ᠶᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2024/12/16
   2021 ᠣᠨ ᠤ 8 ᠰᠠᠷ᠎ᠠ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠂ ᠪᠡᠭᠡᠵᠢᠩ ᠬᠤᠲᠠ ᠶᠢᠨ ᠬᠠᠢ ᠳ᠋ᠢᠶᠠᠨ ᠲᠣᠭᠤᠷᠢᠭ ᠤᠨ ᠱᠠᠨ ᠬᠠᠢ ᠮᠢᠩᠭᠠᠨ ᠭᠠᠵᠠᠷ ᠤᠨ ᠲᠥᠷᠥᠯ ᠰᠠᠳᠤᠨ ᠢᠶᠠᠨ ᠬᠤᠯᠪᠣᠵᠤ᠂ ᠭᠠᠷ ᠬᠤᠯᠪᠣᠨ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠡᠷᠡᠭᠴᠡᠭᠡ᠂ ᠬᠠᠢ ᠳ᠋ᠢᠶᠠᠨ ᠲᠣᠭᠤᠷᠢᠭ ᠤᠨ ᠴᠢᠳᠠᠪᠤᠷᠢᠲᠠᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ ᠂ ᠰᠣᠶᠣᠯ ᠵᠢᠭᠤᠯᠴᠢᠯᠠᠯ᠂ ᠰᠤᠷᠭᠠᠨ ᠬᠥᠮᠦᠵᠢᠯ ᠡᠮ ᠡᠮᠨᠡᠯᠭᠡ᠂ ᠪᠡᠯᠡ ᠮᠥᠩᠭᠦ ᠶᠢᠨ ᠳᠡᠮᠵᠢᠯᠭᠡ᠂ ᠴᠢᠳᠠᠪᠤᠷᠢᠲᠠᠨ ᠤ ᠰᠣᠯᠢᠯᠴᠠᠭ᠎ᠠ᠂ ᠬᠡᠷᠡᠭᠯᠡᠭᠡ ᠪᠠᠷ ᠬᠠᠪᠰᠤᠷᠤᠨ ᠲᠡᠳᠬᠦᠬᠦ ᠵᠡᠷᠭᠡ ᠨᠢᠭᠡ ᠢᠵᠢ ︽ᠬᠠᠮ ᠨᠢᠳᠤᠷᠭ᠎ᠠ︾ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠡᠨ ᠰᠡᠳᠬᠢᠯᠭᠡ ᠪᠠᠷ᠂ ᠵᠢᠩᠬᠢᠨᠢ ᠬᠦᠴᠦ ᠣᠷᠣᠭᠤᠯᠵᠤ᠂ ︽ᠠᠮᠢ ᠠᠬᠤᠢ ᠨᠣᠭᠤᠭᠠᠷᠠᠭᠤᠯᠬᠤ᠂ ᠠᠵᠤ ᠦᠢᠯᠡᠰ ᠬᠥᠭᠵᠢᠭᠦᠯᠬᠦ᠂ ᠡᠬᠢ ᠪᠠᠶᠠᠯᠢᠭ ᠴᠢᠩᠭ᠎ᠠ᠂ ᠠᠷᠠᠳ ᠤᠨ ᠠᠮᠢᠳᠤᠷᠠᠯ ᠲᠣᠭᠲᠠᠭᠤᠨ ︾ ᠭᠡᠬᠦ ︽ᠬᠠᠮᠵᠢᠯᠴᠠᠬᠤ ᠠᠶ᠎ᠠ︾ ᠶᠢ ᠴᠤᠤᠷᠢᠶᠠᠲᠤᠭᠤᠯᠪᠠ᠃    ᠰᠡᠳᠬᠢᠯ ᠨᠢᠭᠡᠳᠦᠨ ︽ᠨᠣᠭᠤᠭᠠᠨ︾ ᠪᠠᠶᠢᠭᠰᠠᠨ ᠨᠢ ᠬᠥᠬᠡᠮᠳᠦᠭ ᠨᠣᠭᠤᠭᠠᠨ ᠠᠭᠤᠯᠠ ᠤᠰᠤ ᠶᠢ ᠠᠯᠲᠠ ᠮᠥᠩᠭᠦᠨ ᠠᠭᠤᠯᠠ ᠪᠣᠯᠭᠠᠨ ᠬᠤᠪᠢᠷᠠᠭᠤᠯᠵᠤ ︽ᠥᠩᠭᠡᠷᠡᠭᠰᠡᠨ ᠳᠤ ᠥᠨᠳᠥᠷ ᠳᠣᠣᠷ᠎ᠠ ᠨᠢ ᠳᠡᠭᠳᠡᠵᠦ ᠪᠠᠶᠢᠭᠰᠠᠨ ᠠᠯᠲᠠᠨ ᠰᠢᠷᠭᠠᠯ ᠡᠯᠡᠰᠦᠨ ᠳᠣᠪᠤ ᠣᠳᠣ ᠠᠭᠠᠵᠢᠮ ᠢᠶᠠᠷ ᠨᠣᠭᠤᠭᠠᠷᠠᠵᠤ᠂ ᠮᠠᠨ ᠤ ᠠᠮᠢᠳᠤᠷᠠᠯ ᠴᠤ ᠠᠭᠠᠵᠢᠮ ᠢᠶᠠᠷ ᠰᠠᠶᠢᠵᠢᠷᠠᠭᠰᠠᠨ ᠪᠠᠶᠢᠨ᠎ᠠ︾ ᠭᠡᠵᠦ ᠠᠷᠪᠠᠨ ᠰᠠᠷ᠎ᠠ ᠶᠢᠨ ᠨᠠᠮᠤᠷ ᠤᠨ ᠰᠠᠯᠬᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤᠨ ᠤ ᠶᠠ ᠮᠧᠨ ᠮᠣᠳᠣ ᠭᠠᠴᠠᠭ᠎ᠠ ᠳᠤ ᠳᠠᠬᠢᠨᠲᠠ ᠦᠯᠢᠶᠡᠵᠦ᠂ ᠨᠢᠭᠡ ᠵᠢᠯ ᠤᠨ ᠡᠮᠦᠨᠡᠬᠢ ᠡᠨᠡ ᠬᠦ ᠭᠠᠵᠠᠷ ᠰᠢᠷᠣᠢ ᠪᠠᠨ ᠡᠷᠭᠢᠴᠡᠭᠦᠯᠵᠦ᠂ ᠲᠣᠰᠬᠤᠨ ᠤ ᠠᠷᠠᠳ ᠴᠧᠨ ᠶᠢᠨ ᠬᠠᠢ ᠪᠠᠶᠠᠷ ᠤᠨ ᠦᠯᠡᠳᠡᠪᠦᠷᠢ ᠰᠡᠳᠬᠢᠯ ᠪᠠᠭ᠋ᠠᠷᠴᠤ ᠪᠠᠶᠢᠯ᠎ᠠ᠃ ᠡᠨᠡ ᠬᠦ ᠵᠣᠯ ᠵᠢᠷᠭᠠᠯᠲᠤ ᠲᠥᠷᠥᠭᠳᠡᠯ ᠪᠣᠯ ᠬᠠᠢ ᠳ᠋ᠢᠶᠠᠨ ᠲᠣᠭᠤᠷᠢᠭ ᠠᠴᠠ ᠢᠷᠡᠭᠰᠡᠨ ᠰᠡᠳᠬᠢᠯ ᠵᠢᠷᠦᠬᠡ ᠪᠠᠨ ᠲᠥᠪᠯᠡᠷᠡᠭᠦᠯᠦᠨ ︽ᠨᠣᠭᠤᠭᠠᠨ︾ ᠪᠠᠶᠢᠵᠤ᠂ ᠨᠢᠭᠡ ᠤᠳᠠᠭ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ᠢᠷᠡᠭᠰᠡᠨ ︽ᠪᠣᠬᠢᠷᠲᠤᠯ ᠦᠭᠡᠢ ᠪᠣᠯᠵᠤᠭ᠎ᠠ︾᠃    ᠣᠶᠢᠷ᠎ᠠ ᠶᠢᠨ ᠵᠢᠯ ᠠᠴᠠ᠂ ᠬᠠᠶᠢᠳᠢᠶᠠᠨ ᠲᠣᠭᠤᠷᠢᠭ ᠨᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠬᠤ ᠳᠤ ᠬᠦᠴᠦᠨ ᠨᠡᠮᠡᠷᠢᠯᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠰᠢᠨ᠎ᠡ ᠭᠠᠶᠢᠬᠠᠮᠰᠢᠭ ᠢ ᠡᠭᠦᠳᠪᠡ᠃ ᠲᠤᠰ ᠲᠣᠭᠤᠷᠢᠭ ᠨᠢ ᠳᠤᠮᠳᠠᠳᠤ ᠤᠯᠤᠰ ᠤᠨ ᠬᠥᠳᠡᠭᠡ ᠲᠣᠰᠬᠤᠨ ᠤ ᠬᠥᠭᠵᠢᠯᠲᠡ ᠶᠢᠨ ᠰᠠᠭᠤᠷᠢ ᠮᠥᠩᠭᠦᠨ ᠤ ᠨᠡᠶᠢᠭᠡᠮᠯᠢᠭ ᠲᠠᠢ ᠵᠣᠬᠢᠴᠠᠭᠤᠯᠵᠤ᠂ ᠰᠢᠷᠭᠤᠯᠵᠢ ᠶᠢᠨ ᠣᠢ ᠰᠢᠭᠤᠢ ᠶᠢᠨ ᠲᠥᠷᠥᠯ ᠵᠦᠢᠯ ᠢᠶᠠᠷ ᠳᠠᠮᠵᠢᠭᠤᠯᠵᠤ᠂ 2023 ᠤᠨ ᠪᠠ 2024 ᠣᠨ ᠳᠤ 4106 ᠲᠦᠮᠡᠨ ᠲᠥᠭᠦᠷᠢᠭ ᠤᠨ ᠪᠡᠯᠡ ᠮᠥᠩᠭᠦ ᠣᠷᠣᠭᠤᠯᠵᠤ᠂ 5 ᠰᠤᠮᠤ ᠪᠠᠯᠭᠠᠰᠤᠨ ᠳᠤ ᠮᠣᠳᠣ ᠲᠠᠷᠢᠵᠤ ᠣᠶᠢᠵᠢᠭᠤᠯᠬᠤ᠂ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠥᠷᠨᠢᠭᠦᠯᠵᠦ᠂ ᠡᠯᠡᠰᠦᠷᠬᠡᠭ ᠭᠠᠵᠠᠷ ᠢ ᠵᠠᠰᠠᠬᠤ ᠲᠠᠯᠠᠪᠠᠢ ᠳᠤ 4.7 ᠲᠦᠮᠡᠨ ᠮᠦ ᠳᠤ ᠬᠤᠯᠪᠣᠭᠳᠠᠪᠠ︔ ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠪᠡᠯᠡ ᠮᠥᠩᠭᠦ ᠳᠤ 800 ᠭᠠᠷᠤᠢ ᠲᠦᠮᠡᠨ ᠲᠥᠭᠦᠷᠢᠭ ᠣᠷᠣᠭᠤᠯᠵᠤ᠂ ᠡᠪᠡᠰᠦ ᠪᠣᠷᠳᠣᠭᠠᠨ ᠤ ᠠᠵᠤ ᠦᠢᠯᠡᠰ ᠤᠨ ᠡᠳ᠋ᠰᠢᠭᠦᠯᠦᠯᠲᠡ ᠪᠠᠷᠠᠭᠠᠨ ᠤ ᠭᠦᠢᠯᠭᠡᠭᠡᠨ ᠤ ᠠᠷᠠᠯᠵᠢᠶᠠᠨ ᠤ ᠬᠦᠷᠢᠶᠡᠯᠡᠩ ᠲᠣᠭᠤᠷᠢᠭ ᠢ ᠪᠠᠶᠢᠭᠤᠯᠬᠤ ᠶᠢᠨ ᠬᠠᠮᠲᠤ ᠡᠯ᠎ᠡ ᠰᠤᠮᠤ ᠪᠠᠯᠭᠠᠰᠤᠨ ᠳᠤ ᠬᠢᠶᠠᠭ ᠡᠪᠡᠰᠦ᠂ ᠲᠡᠵᠢᠭᠡᠯ ᠡᠪᠡᠰᠦ ᠵᠡᠷᠭᠡ ᠶᠢ ᠲᠠᠷᠢᠵᠤ᠂ ᠲᠤᠬᠠᠢ ᠶᠢᠨ ᠭᠠᠵᠠᠷ ᠤᠨ ᠨᠤᠲᠤᠭ ᠪᠡᠯᠴᠢᠭᠡᠷ ᠤᠨ ᠠᠮᠢ ᠠᠬᠤᠢ ᠶᠢ ᠰᠡᠷᠭᠦᠭᠡᠨ ᠵᠠᠰᠠᠬᠤ ᠳᠤ ᠴᠢᠨᠠᠷ ᠰᠠᠶᠢᠲᠠᠢ ᠲᠡᠵᠢᠭᠡᠯ ᠡᠪᠡᠰᠦᠨ ᠤ ᠡᠬᠢ ᠰᠤᠷᠪᠤᠯᠵᠢ ᠬᠠᠩᠭᠠᠪᠠ᠃ ︽ᠡᠯᠡᠰᠦᠷᠬᠡᠭ ᠭᠠᠵᠠᠷ ᠢ ᠵᠠᠰᠠᠬᠤ᠂ ᠣᠢ ᠮᠣᠳᠣ ᠲᠠᠷᠢᠬᠤ ᠠᠴᠠ ᠪᠣᠯᠵᠤ ᠪᠤᠢ ᠪᠣᠯᠤᠭᠰᠠᠨ ᠬᠡᠭᠡᠷ᠎ᠡ ᠶᠢᠨ ᠲᠠᠤᠯᠠᠢ ᠶᠢᠨ ᠪᠥᠭᠡᠷ᠎ᠡ᠂ ᠯᠣᠣ ᠭᠠᠷᠤᠳᠢ ᠵᠢᠮᠢᠰ᠂ ᠲᠠᠬᠢᠶᠠᠨ ᠵᠢᠷᠦᠬᠡᠨ ᠵᠢᠮᠢᠰ᠂ ᠬᠡᠭᠡᠷ᠎ᠡ ᠶᠢᠨ ᠭᠦᠢᠯᠡᠰᠦ᠂ ᠴᠠᠷᠭᠠᠰᠤ ᠵᠡᠷᠭᠡ ᠣᠨᠴᠠ ᠭᠠᠷᠤᠯᠲᠠ ᠨᠢ ᠴᠦ ︽ᠡᠯᠡᠰᠦ ᠮᠠᠩᠬ᠎ᠠ ᠶᠢ ᠠᠯᠲᠠ ᠪᠣᠯᠭᠠᠨ ᠬᠤᠪᠢᠷᠠᠭᠤᠯᠵᠤ︾᠂ ᠨᠡᠩ ᠴᠤ ᠲᠤᠬᠠᠢ ᠶᠢᠨ ᠭᠠᠵᠠᠷ ᠤᠨ ᠠᠷᠠᠳ ᠣᠯᠠᠨ ᠤ ᠠᠵᠢᠯ ᠣᠯᠭᠤᠯᠲᠠ ᠪᠠ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠬᠤ ᠴᠢᠬᠤᠯᠠ ᠢᠷᠡᠯᠲᠡ ᠪᠣᠯᠵᠤ᠂ ︿ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ﹀ ᠥᠪᠥᠷ ᠮᠣᠩᠭᠤᠯ ᠤᠨ ᠡᠬᠡ ᠭᠠᠵᠠᠷ ᠲᠤ ᠠᠮᠢᠳᠤᠯᠢᠭ ᠦᠢᠯᠡᠳᠦᠯᠭᠡ ᠪᠣᠯᠤᠭᠰᠠᠨ ᠪᠠᠶᠢᠨ᠎ᠠ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠮᠧᠨ ᠴᠤᠸᠠᠨ ᠮᠢᠨ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号