ᠡᠪᠦᠯ ᠤᠨ ᠤᠯᠠᠷᠢᠯ ᠳᠤ ᠪᠠᠷᠢᠯᠭ᠎ᠠ ᠶᠠᠪᠤᠭᠳᠠᠭᠤᠯᠵᠤ ᠳᠦᠷᠦᠯ ᠵᠦᠢᠯ ᠤᠨ ᠠᠬᠢᠴᠠ ᠶᠢ ᠲᠦᠷᠭᠡᠳᠬᠡᠨ᠎ᠡ
ᠨᠡᠶᠢᠲᠡᠯᠡᠭᠰᠡᠨ ᠴᠠᠭ᠄
2024/12/17
   ᠰᠢᠨ᠎ᠡ ᠪᠠᠷ ᠪᠠᠶᠢᠭᠤᠯᠤᠭᠰᠠᠨ ᠰᠢᠨ᠎ᠡ ᠡᠨᠧᠷᠭᠢ ᠶᠢᠨ ᠲᠥᠷᠥᠯ ᠵᠦᠢᠯ ᠢ ᠴᠠᠭ ᠲᠤᠬᠠᠢ ᠳᠤᠨᠢ ᠭᠠᠷᠭᠠᠬᠤ ᠶᠢ ᠪᠠᠲᠤᠯᠠᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠲᠣᠬᠤᠮ ᠪᠠᠯᠭᠠᠰᠤ ᠶᠢᠨ 500kV ᠰᠢᠨ᠎ᠡ ᠡᠨᠧᠷᠭᠢ ᠶᠢᠨ ᠬᠤᠷᠠᠮᠠᠯ ᠬᠦᠴᠦᠳᠡᠯ ᠥᠭᠡᠷᠡᠴᠢᠯᠡᠬᠦ ᠢᠨᠵᠧᠨᠧᠷᠢᠩ ᠡᠪᠦᠯ ᠤᠨ ᠤᠯᠠᠷᠢᠯ ᠳᠤ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠪᠡ᠃    ᠣᠶᠢᠷ᠎ᠠ ᠶᠢᠨ ᠡᠳᠦᠷ᠂ ᠳᠤᠬᠤᠮ 500 kV ᠱᠢᠨ᠎ᠡ ᠡᠨᠧᠷᠭᠢ ᠬᠤᠷᠠᠮᠳᠤᠭᠤᠯ ᠤᠭᠴᠢ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ᠂ ᠰᠤᠷᠪᠤᠯᠵᠢᠯᠠᠭᠴᠢ ᠠᠵᠢᠯᠴᠢᠳ ᠠᠳᠠᠯᠢ ᠪᠤᠰᠤ ᠭᠠᠵᠠᠷ ᠣᠷᠣᠨ ᠳᠤ ᠲᠥᠬᠦᠭᠡᠷᠦᠮᠵᠢ ᠶᠢᠨ ᠰᠠᠭᠤᠷᠢ ᠪᠠᠷᠢᠯᠭ᠎ᠠ ᠬᠢᠵᠦ᠂ ᠮᠠᠯᠲᠠᠭᠤᠷ ᠮᠠᠱᠢᠨ ᠶᠠᠭ ᠭᠠᠵᠠᠷ ᠱᠢᠷᠣᠢ ᠶᠢ ᠲᠡᠭᠱᠢᠵᠦ ᠪᠠᠶᠢᠬᠤ ᠶᠢ ᠣᠯᠵᠤ ᠦᠵᠡᠪᠡ᠂ ᠲᠤᠬᠠᠢ ᠶᠢᠨ ᠲᠠᠯᠠᠪᠠᠢ ᠳᠤ ᠪᠠᠷᠢᠯᠭ᠎ᠠ ᠶᠢᠨ ᠪᠣᠯᠣᠳ ᠪᠦᠲᠦᠴᠡ ᠶᠢ ᠤᠭᠰᠠᠷᠠᠬᠤ ᠠᠵᠢᠯ ᠨᠢᠭᠡᠨᠲᠡ ᠠᠩᠬᠠᠨ ᠤ ᠳᠦᠷᠰᠦ ᠪᠣᠯᠵᠤ᠂ ᠪᠦᠬᠦ᠋ᠢᠯᠡ ᠪᠠᠷᠢᠯᠭ᠎ᠠ ᠶᠢᠨ ᠲᠥᠷᠥᠯ ᠵᠦᠢᠯ ᠤᠨ ᠲᠤᠬᠠᠢ ᠶᠢᠨ ᠲᠠᠯᠠᠪᠠᠢ ᠳᠤ ᠮᠠᠱᠢ ᠶᠠᠭᠠᠷᠠᠤ ᠪᠥᠭᠡᠳ ᠡᠮᠬᠢ ᠵᠢᠷᠤᠮ ᠲᠠᠢ ᠪᠠᠶᠢᠳᠠᠯ ᠢᠯᠡᠷᠡᠪᠡ᠃    ᠣᠶᠢᠯᠠᠭᠠᠭᠰᠠᠨ ᠢᠶᠠᠷ᠂ ᠲᠣᠬᠤᠮ 500 kV ᠰᠢᠨ᠎ᠡ ᠡᠨᠧᠷᠭᠢ ᠶᠢᠨ ᠬᠤᠷᠠᠮᠠᠯ ᠴᠠᠬᠢᠯᠭᠠᠨ ᠬᠤᠪᠢᠰᠬᠠᠬᠤ ᠢᠨᠵᠧᠨᠧᠷᠢᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠦᠯᠢᠶᠡᠮᠤᠳᠤ ᠪᠠᠯᠭᠠᠰᠤᠨ ᠤ ᠬᠢᠯᠢ ᠳᠤ ᠪᠠᠶᠢᠷᠢᠯᠠᠵᠤ᠂ ᠶᠡᠷᠦᠩᠬᠡᠢ ᠪᠡᠯᠡ ᠣᠷᠣᠭᠤᠯᠤᠯᠲᠠ ᠨᠢ 4.52 ᠳ᠋ᠦᠩᠰᠢᠭᠤᠷ ᠲᠥᠭᠦᠷᠢᠭ ᠲᠤ ᠬᠦᠷᠴᠦ᠂ 500 ᠺᠢᠯᠣᠸᠠᠲ ᠤᠨ ᠬᠦᠴᠦᠳᠡᠯ ᠥᠭᠡᠷᠡᠴᠢᠯᠡᠬᠦ ᠥᠷᠲᠡᠭᠡ ᠶᠢ 1 ᠰᠢᠨ᠎ᠡ ᠪᠠᠷ ᠪᠠᠶᠢᠭᠤᠯᠬᠤ ᠪᠠᠷ ᠲᠥᠯᠥᠪᠯᠡᠵᠦ᠂ ᠲᠤᠰ ᠬᠤᠭᠤᠴᠠᠭᠠᠨ ᠳᠤ 1200 ᠰᠠᠶ᠎ᠠ ᠸᠣᠯᠲ ᠠᠮᠫᠧᠷ ᠤᠨ ᠭᠤᠣᠯ ᠴᠠᠬᠢᠯᠭᠠᠨ ᠬᠤᠪᠢᠰᠬᠠᠬᠤ ᠭᠠᠵᠠᠷ ᠢ 1 ᠰᠢᠨ᠎ᠡ ᠪᠠᠷ ᠪᠠᠶᠢᠭᠤᠯᠵᠤ᠂ 500 ᠺᠢᠯᠣᠸᠠᠲ ᠤᠨ ᠬᠡᠯᠬᠢᠶ᠎ᠡ ᠶᠢ 4 ᠪᠣᠢ᠂ ᠬᠡᠯᠬᠢᠶ᠎ᠡ ᠶᠢᠨ ᠤᠷᠲᠤ ᠨᠢ ᠪᠠᠷᠤᠭ 20.4 ᠺᠢᠯᠤᠮᠧᠲᠷ ᠪᠣᠯᠤᠨ᠎ᠠ᠃ ᠢᠨᠵᠧᠨᠧᠷᠢᠩ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ ᠲᠣᠣᠷ ᠤᠨ ᠲᠣᠭᠲᠠᠭᠤᠨ ᠪᠥᠭᠡᠳ ᠨᠠᠶᠢᠳᠠᠪᠤᠷᠢᠲᠠᠢ ᠠᠵᠢᠯᠯᠠᠭᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ᠂ ᠡᠨᠧᠷᠭᠢ ᠶᠢᠨ ᠠᠵᠤ ᠦᠢᠯᠡᠰ ᠤᠨ ︽ᠰᠢᠨ᠎ᠡ ᠬᠥᠳᠡᠯᠭᠡᠭᠦᠷ︾ ᠢ ᠪᠣᠢ ᠪᠣᠯᠭᠠᠬᠤ ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠭᠰᠠᠨ ᠪᠠᠶᠢᠨ᠎ᠠ᠃ ᠤᠯᠤᠰ ᠤᠨ ᠴᠠᠬᠢᠯᠭᠠᠨ ᠲᠣᠣᠷ ᠤᠨ ᠬᠢᠩᠭᠠᠨ ᠴᠠᠬᠢᠯᠭᠠᠨ ᠬᠠᠩᠭᠠᠬᠤ ᠺᠣᠮᠫᠠᠨᠢ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠤ ᠨᠢᠭᠡᠳᠦᠭᠡᠷ ᠥᠮᠴᠢᠲᠡᠨ ᠤ ᠲᠥᠷᠥᠯ ᠵᠦᠢᠯ ᠤᠨ ᠬᠡᠯᠲᠡᠰ ᠤᠨ ᠠᠮᠤᠷ ᠲᠦᠪᠰᠢᠨ ᠤ ᠲᠤᠰᠬᠠᠢ ᠬᠠᠷᠢᠭᠤᠴᠠᠯᠭ᠎ᠠ ᠯᠢ ᠶᠢᠨ ᠾᠦᠢ᠄ ︽ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠬᠤᠶᠠᠳᠤᠭᠠᠷ ᠪᠦᠯᠦᠭ ᠤᠨ ᠪᠠᠲᠤᠯᠠᠭ᠎ᠠ ᠶᠢᠨ ᠴᠢᠨᠠᠷᠲᠠᠢ ᠲᠣᠣᠷᠵᠢᠭᠤᠯᠤᠭᠰᠠᠨ ᠰᠢᠨ᠎ᠡ ᠡᠨᠧᠷᠭᠢ ᠶᠢᠨ ᠲᠥᠷᠥᠯ ᠵᠦᠢᠯ ᠤᠨ ᠬᠡᠷᠡᠭᠴᠡᠭᠡ ᠶᠢ ᠰᠢᠢᠳᠪᠦᠷᠢᠯᠡᠵᠦ ᠴᠢᠳᠠᠬᠤ ᠪᠠᠷ ᠪᠠᠷᠠᠬᠤ ᠦᠭᠡᠢ᠂ ᠡᠭᠦᠨ ᠤ ᠬᠠᠮᠲᠤ ᠭᠠᠵᠠᠷ ᠣᠷᠣᠨ ᠤ ᠶᠡᠭᠡ ᠬᠡᠪᠴᠢᠶᠡᠨ ᠤ ᠰᠢᠨ᠎ᠡ ᠡᠨᠧᠷᠭᠢ ᠶᠢᠨ ᠣᠶᠢᠷ᠎ᠠ ᠬᠠᠪᠢ ᠳᠠᠭᠠᠨ ᠲᠣᠣᠷᠵᠢᠭᠤᠯᠤᠭᠰᠠᠨ ᠪᠠ ᠬᠦᠷᠭᠡᠬᠦ ᠬᠡᠷᠡᠭᠴᠡᠭᠡ ᠶᠢ ᠬᠠᠩᠭᠠᠵᠤ᠂ ᠤᠷᠲᠤ ᠬᠤᠭᠤᠴᠠᠭ᠎ᠠ ᠪᠠᠷ ᠥᠷᠭᠡᠳᠬᠡᠨ ᠪᠠᠶᠢᠭᠤᠯᠤᠭᠰᠠᠨ ᠤ ᠳᠠᠷᠠᠭ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠵᠠᠷ ᠣᠷᠣᠨ ᠤ ᠴᠠᠬᠢᠯᠭᠠᠨ ᠬᠠᠩᠭᠠᠬᠤ ᠠᠮᠤᠷ ᠲᠦᠪᠰᠢᠨ ᠤ ᠨᠠᠶᠢᠳᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃     ︽ᠳᠠᠷᠠᠭᠠᠴᠢ ᠶᠢᠨ ᠠᠯᠬᠤᠮ ᠳᠤ᠂ ᠮᠠᠨ ᠤ ᠺᠣᠮᠫᠠᠨᠢ ᠪᠠᠷᠢᠯᠭ᠎ᠠ ᠶᠢᠨ ᠡᠭᠦᠷᠭᠡ ᠪᠠᠨ ᠵᠦᠢ ᠵᠣᠬᠢᠰᠲᠠᠢ ᠲᠣᠬᠢᠷᠠᠭᠤᠯᠵᠤ᠂ ᠬᠠᠬᠢᠷ ᠬᠦᠢᠲᠡᠨ ᠠᠭᠤᠷ ᠠᠮᠢᠰᠬᠤᠯ ᠤᠨ ᠠᠰᠢᠭ ᠦᠭᠡᠢ ᠨᠥᠯᠥᠭᠡ ᠶᠢ ᠢᠯᠠᠨ ᠳᠠᠪᠠᠵᠤ᠂ 2025 ᠣᠨ ᠤ 6 ᠳ᠋ᠤᠭᠠᠷ ᠰᠠᠷ᠎ᠠ ᠶᠢᠨ 30 ᠤ ᠡᠳᠦᠷ ᠠᠴᠠ ᠡᠮᠦᠨ᠎ᠡ ᠪᠦᠲᠦᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠬᠦ ᠪᠠᠷ ᠴᠢᠷᠮᠠᠶᠢᠨ᠎ᠠ︾ ᠭᠡᠵᠡᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号