ᠨᠢᠭᠡ ᠳᠤ ᠣᠶᠤᠨᠴᠢ ᠪᠣᠳᠤᠯᠲᠠ ᠶᠢᠨ ᠬᠦᠴᠦᠨ ᠢ ᠬᠠᠮᠲᠤ ᠪᠠᠷ ᠬᠦᠷᠲᠡᠬᠦ ᠦᠢᠯᠡᠴᠢᠯᠡᠭᠡᠨ ᠤ ᠲᠠᠪᠴᠠᠩ ᠢ | ᠬᠠᠮᠲᠤ ᠪᠠᠷ ᠪᠠᠶᠢᠭᠤᠯᠪᠠ᠃ ᠪᠡᠭᠡᠵᠢᠩ ᠤᠨ ᠵᠣᠬᠢᠶᠠᠮᠠᠯ ᠣᠶᠤᠨᠴᠢ ᠣᠯᠠᠨ ᠨᠡᠶᠢᠲᠡ ᠶᠢᠨ ᠪᠣᠳᠤᠯᠲᠠ ᠶᠢᠨ ᠬᠦᠴᠦᠨ ᠤ | ᠲᠠᠪᠴᠠᠩ ᠤᠨ ᠬᠥᠬᠡᠬᠤᠲᠠ ᠳᠠᠬᠢ ᠰᠠᠭᠤᠷᠢᠨ ᠭᠠᠵᠠᠷ ᠨᠢ ᠵᠡᠭᠦᠨ ᠣᠷᠣᠨ ᠤ ᠳ᠋ᠠᠶᠢᠲ᠋ᠠ ᠶᠢ ᠪᠠᠷᠠᠭᠤᠨ ᠣᠷᠣᠨ ᠳᠤ | ᠪᠣᠳᠣᠬᠤ ᠢᠨᠵᠧᠨᠧᠷᠢᠩ ᠤᠨ ︽ᠪᠡᠭᠡᠵᠢᠩ ᠤᠨ ᠳ᠋ᠠᠶᠢᠲ᠋ᠠ ᠶᠢ ᠥᠪᠥᠷ ᠮᠣᠩᠭᠤᠯ ᠳᠤ ᠪᠤᠳᠤᠬᠤ︾ ᠬᠠᠮᠲᠤᠷᠠᠯᠴᠠᠭ᠎ᠠ ᠶᠢ | ᠡᠬᠢᠯᠡᠭᠦᠯᠵᠦ᠂ ᠬᠤᠷᠢᠨᠭᠡᠷ ᠰᠢᠨ᠎ᠡ ᠲᠣᠭᠤᠷᠢᠭ ᠤᠨ ᠣᠯᠠᠨ ᠡᠭᠦᠯᠡᠨ ᠪᠤᠳᠤᠯᠲᠠ ᠶᠢᠨ ᠬᠦᠴᠦᠨ ᠤ ᠡᠬᠢ ᠪᠠᠶᠠᠯᠢᠭ ᠢ | ᠬᠢᠨᠠᠨ ᠬᠡᠮᠵᠢᠬᠦ ᠪᠠ ᠲᠣᠬᠢᠷᠠᠭᠤᠯᠬᠤ ᠲᠠᠪᠴᠠᠩ ᠨᠢᠭᠡᠨᠲᠡ ᠪᠦᠲᠦᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ | ᠵᠠᠷᠯᠠᠬᠤ ᠶᠢ ᠪᠡᠶᠡᠯᠡᠭᠦᠯᠵᠦ᠂ ᠵᠢᠯ ᠤᠨ ᠡᠴᠦᠰ ᠲᠤ ᠰᠦᠯᠵᠢᠶ᠎ᠡ ᠪᠠᠷ ᠠᠵᠢᠯᠯᠠᠵᠤ ᠡᠬᠢᠯᠡᠬᠦ ᠪᠣᠯᠤᠨ᠎ᠠ᠃ ᠬᠤᠶᠠᠷ ᠲᠤ ︽ | ᠪᠡᠭᠡᠵᠢᠩ ᠤᠨ ᠳ᠋ᠠᠶᠢᠲ᠋ᠠ ᠶᠢ ᠥᠪᠥᠷ ᠮᠣᠩᠭᠤᠯ ᠳᠤ ᠪᠤᠳᠤᠬᠤ︾ ᠣᠶᠤᠨᠴᠢ ᠪᠣᠳᠣᠯᠲᠠ ᠶᠢᠨ ᠠᠵᠤ ᠦᠢᠯᠡᠰ ᠤᠨ | ᠬᠦᠷᠢᠶᠡᠯᠡᠩ ᠢ ᠬᠠᠮᠲᠤ ᠪᠠᠷ ᠪᠠᠶᠢᠭᠤᠯᠪᠠ᠃ ᠪᠡᠭᠡᠵᠢᠩ ᠤᠨ ᠡᠨᠧᠷᠭᠢ ᠶᠢᠨ ᠤᠯᠠᠨ ᠤᠯᠤᠰ ᠤᠨ ᠬᠤᠪᠢ ᠡᠵᠡᠮᠳᠡᠭᠰᠡᠨ | ᠺᠣᠮᠫᠠᠨᠢ ᠪᠠᠷᠤᠭ 200 ᠳ᠋ᠦᠩᠰᠢᠭᠤᠷ ᠲᠥᠭᠦᠷᠢᠭ ᠤᠨ ᠶᠡᠷᠦᠩᠬᠡᠢ ᠪᠡᠯᠡ ᠣᠷᠣᠭᠤᠯᠤᠯᠲᠠ ᠲᠠᠢ᠂ ᠪᠣᠳᠤᠯᠲᠠ ᠶᠢᠨ | ᠬᠦᠴᠦᠨ ᠤ ᠬᠡᠪᠴᠢᠶ᠎ᠡ ᠪᠠᠷ 9 ᠲᠦᠮᠡᠨ P ᠲᠤ ᠬᠦᠷᠬᠦ ︽ᠪᠡᠭᠡᠵᠢᠩ ᠤᠨ ᠳ᠋ᠠᠶᠢᠲ᠋ᠠ ᠶᠢ ᠥᠪᠥᠷ ᠮᠣᠩᠭᠤᠯ ᠳᠤ | ᠪᠤᠳᠤᠬᠤ︾ ᠣᠶᠤᠨᠴᠢ ᠪᠤᠳᠤᠬᠤ ᠠᠵᠤ ᠦᠢᠯᠡᠰ ᠤᠨ ᠬᠦᠷᠢᠶᠡᠯᠡᠩ ᠢ ᠪᠠᠶᠢᠭᠤᠯᠵᠤ᠂ 2025 ᠣᠨ ᠤ ᠡᠴᠦᠰ ᠲᠤ | ᠨᠢᠭᠡᠳᠦᠭᠡᠷ ᠬᠤᠭᠤᠴᠠᠭᠠᠨ ᠤ 1 ᠲᠦᠮᠡᠨ P ᠪᠣᠳᠤᠯᠲᠠ ᠶᠢᠨ ᠬᠦᠴᠦᠨ ᠢ ᠪᠠᠶᠢᠭᠤᠯᠵᠤ ᠳᠠᠭᠤᠰᠬᠠᠨ | ᠠᠰᠢᠭᠯᠠᠯᠲᠠ ᠳᠤ ᠣᠷᠣᠭᠤᠯᠬᠤ ᠪᠠᠷ ᠲᠥᠯᠥᠪᠯᠡᠵᠦ ᠪᠤᠢ︔ ᠪᠡᠭᠡᠵᠢᠩ ᠤᠨ ᠵᠢᠩ ᠨᠧᠩ ᠳ᠋ᠢᠭᠢᠳ᠋ᠴᠢᠯᠡᠭᠰᠡᠨ ᠠᠵᠤ | ᠦᠢᠯᠡᠰ ᠤᠨ ᠬᠢᠵᠠᠭᠠᠷᠲᠤ ᠺᠣᠮᠫᠠᠨᠢ ᠪᠣᠯᠤᠨ ᠥᠪᠥᠷ ᠮᠣᠩᠭᠤᠯ ᠤᠨ ᠰᠢᠨ ᠳ᠋ᠦᠩ ᠵᠢᠢ ᠲᠠᠢ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠢᠵᠠᠭᠠᠷᠲᠤ ᠺᠣᠮᠫᠠᠨᠢ ᠬᠠᠮᠲᠤᠷᠠᠨ ᠠᠵᠢᠯᠯᠠᠵᠤ᠂ 12 ᠳ᠋ᠤᠭᠠᠷ ᠰᠠᠷ᠎ᠠ ᠶᠢᠨ ᠰᠡᠭᠦᠯᠴᠢ ᠠᠴᠠ | ᠡᠮᠦᠨ᠎ᠡ ᠬᠤᠷᠢᠨᠭᠡᠷ ᠰᠢᠨ᠎ᠡ ᠲᠣᠭᠤᠷᠢᠭ ᠲᠤ ᠶᠢᠩ ᠸᠧᠢ ᠳ᠋ᠠ ᠪᠣᠳᠤᠯᠲᠠ ᠶᠢᠨ ᠬᠦᠴᠦᠨ ᠢ 1 ᠲᠦᠮᠡᠨ P | ᠪᠠᠶᠢᠷᠢᠯᠠᠭᠤᠯᠬᠤ ᠪᠠᠷ ᠲᠥᠯᠥᠪᠯᠡᠵᠦ ᠪᠤᠢ᠃ ᠭᠤᠷᠪᠠ ᠳᠤ ᠪᠣᠳᠤᠯᠲᠠ ᠶᠢᠨ ᠬᠦᠴᠦᠨ ᠤ ᠳᠣᠬᠢᠷᠠᠭᠤᠯᠭ᠎ᠠ ᠶᠢᠨ | ᠪᠦᠲᠦᠭᠡᠨ ᠪᠠᠶᠢᠭᠤᠯᠤᠯᠲᠠ᠃ ᠬᠤᠷᠢᠨᠭᠡᠷ ᠰᠢᠨ᠎ᠡ ᠲᠣᠭᠤᠷᠢᠭ ᠤᠨ ᠣᠯᠠᠨ ᠡᠭᠦᠯᠡᠨ ᠪᠤᠳᠤᠯᠲᠠ ᠶᠢᠨ ᠬᠦᠴᠦᠨ ᠤ ᠡᠬᠢ | ᠪᠠᠶᠠᠯᠢᠭ ᠢ ᠬᠢᠨᠠᠨ ᠬᠡᠮᠵᠢᠬᠦ ᠪᠠ ᠲᠣᠬᠢᠷᠠᠭᠤᠯᠬᠤ ᠲᠠᠪᠴᠠᠩ ᠢᠶᠠᠷ ᠳᠠᠮᠵᠢᠭᠤᠯᠤᠨ᠂ ᠳᠤᠮᠳᠠᠳᠤ ᠤᠯᠤᠰ ᠤᠨ ᠰᠢᠯᠵᠢᠮᠡᠯ | ᠬᠤᠯᠪᠣᠭᠠᠨ ᠤ ᠬᠥᠬᠡᠬᠤᠲᠠ ᠶᠢᠨ ᠳ᠋ᠠᠶᠢᠲ᠋ᠠ ᠶᠢᠨ ᠲᠥᠪ᠂ ᠳᠤᠮᠳᠠᠳᠤ ᠤᠯᠤᠰ ᠤᠨ ᠴᠠᠬᠢᠯᠭᠠᠨ ᠬᠤᠯᠪᠣᠭᠠᠨ ᠤ ᠡᠭᠦᠯᠡᠨ | ᠪᠤᠳᠤᠯᠲᠠ ᠶᠢᠨ ᠥᠪᠥᠷ ᠮᠣᠩᠭᠤᠯ ᠤᠨ ᠮᠡᠳᠡᠭᠡ ᠵᠠᠩᠭᠢ ᠶᠢᠨ ᠡᠬᠢ ᠰᠤᠷᠪᠤᠯᠵᠢ ᠵᠡᠷᠭᠡ ᠪᠣᠳᠤᠯᠲᠠ ᠶᠢᠨ ᠬᠦᠴᠦᠨ ᠤ | ᠡᠬᠢ ᠪᠠᠶᠠᠯᠢᠭ ᠢ ᠵᠠᠯᠭᠠᠨ ᠣᠷᠣᠭᠤᠯᠵᠤ᠂ ︽ᠪᠣᠳᠤᠯᠲᠠ ᠶᠢᠨ ᠬᠦᠴᠦᠨ ᠢ ᠪᠡᠭᠡᠵᠢᠩ ᠳᠤ ᠣᠷᠣᠭᠤᠯᠬᠤ︾ ᠪᠣᠯᠣᠨ᠎ᠠ᠃ | ︵ᠬᠥᠬᠡᠬᠤᠲᠠ ᠶᠢᠨ ᠵᠠᠰᠠᠭ ᠤᠨ ᠣᠷᠳᠣᠨ︶ |