ᠰᠠᠭᠤᠭᠠᠯᠢ ᠲᠣᠭᠤᠷᠢᠭ ᠤᠨ ᠠᠵᠤ ᠦᠢᠯᠡᠰ ᠤᠨ ᠵᠥᠪᠯᠡᠯ ᠦᠨᠳᠦᠰᠦᠨ ᠱᠠᠲᠤᠨ ᠤ ᠵᠠᠰᠠᠯᠲᠠ ᠳᠤ ︽ᠰᠢᠨ᠎ᠡ ᠬᠥᠳᠡᠯᠭᠡᠭᠦᠷ︾ ᠨᠡᠮᠡᠷᠢᠯᠡᠪᠡ
ᠨᠡᠶᠢᠲᠡᠯᠡᠭᠰᠡᠨ ᠴᠠᠭ᠄
2024/12/19
    ᠰᠠᠭᠤᠭᠠᠯᠢ ᠠᠷᠠᠳ ᠤᠨ ᠲᠣᠭᠤᠷᠢᠭ ᠢ ᠶᠡᠷᠦᠩᠬᠡᠶᠢᠯᠡᠨ ᠵᠠᠰᠠᠬᠤ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠥᠪᠡᠷᠲᠡᠭᠡᠨ ᠵᠠᠰᠠᠬᠤ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠂ ᠵᠠᠰᠠᠯᠲᠠ ᠶᠢᠨ ᠦᠷ᠎ᠡ ᠪᠦᠲᠦᠭᠡᠯ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠵᠦ᠂ ᠬᠥᠮᠦᠨ ᠪᠦᠬᠦᠨ ᠬᠠᠷᠢᠭᠤᠴᠠᠯᠭ᠎ᠠ ᠲᠠᠢ᠂ ᠬᠥᠮᠦᠨ ᠪᠦᠬᠦᠨ ᠣᠷᠣᠯᠴᠠᠭᠰᠠᠨ ᠦᠨᠳᠦᠰᠦᠨ ᠱᠠᠲᠤᠨ ᠤ ᠵᠠᠰᠠᠯᠲᠠ ᠶᠢᠨ ᠬᠠᠮᠲᠤ ᠶᠢᠨ ᠴᠣᠭᠴᠠ ᠶᠢ ᠪᠣᠢ ᠪᠣᠯᠭᠠᠬᠤ ᠶᠢᠨ ᠲᠥᠯᠥᠭᠡ ᠶᠤᠮ᠃    ᠡᠨᠡ ᠵᠢᠯ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠥᠮᠴᠢᠲᠡᠨ ᠤ ᠵᠥᠪᠯᠡᠯ ︵ᠠᠵᠢᠯ ᠦᠢᠯᠡᠰ ᠤᠨ ᠵᠥᠪᠯᠡᠯ ᠭᠡᠵᠦ ᠲᠣᠪᠴᠢᠯᠠᠨ᠎ᠠ︶ ᠢ ᠵᠣᠬᠢᠶᠠᠨ ᠪᠠᠶᠢᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ 11 ᠰᠠᠷ᠎ᠠ ᠶᠢᠨ ᠰᠡᠭᠦᠯᠴᠢ ᠪᠣᠯᠲᠠᠯ᠎ᠠ᠂ ᠪᠠᠶᠠᠨᠬᠤᠰᠢᠭᠤ ᠪᠠᠯᠭᠠᠰᠤᠨ ᠤ ᠬᠤᠲᠠ ᠶᠢᠨ ᠲᠣᠭᠤᠷᠢᠭ ᠲᠠᠬᠢ 119 ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠠᠵᠤ ᠦᠢᠯᠡᠰ ᠤᠨ ᠵᠥᠪᠯᠡᠯ ᠤᠨ ᠬᠠᠷᠢᠴᠠᠯ ᠬᠠᠮᠤᠭ ᠤᠨ ᠠᠩᠬᠠᠨ ᠤ 10% ᠳᠤ ᠬᠦᠷᠬᠦ ᠦᠭᠡᠢ ᠪᠠᠶᠢᠭᠰᠠᠨ ᠠᠴᠠ ᠪᠠᠨ 64% ᠳᠤ ᠬᠦᠷᠴᠡᠢ᠃ ᠬᠤᠱᠢᠭᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠤᠯᠠᠭ ᠨᠡᠶᠢᠭᠡᠮ ᠲᠣᠭᠤᠷᠢᠭ ︽ᠭᠤᠷᠪᠠᠨ ᠲᠠᠯ᠎ᠠ ᠶᠢᠨ ᠬᠡᠷᠡᠭ ᠵᠥᠪᠯᠡᠬᠦ ᠵᠥᠪᠳᠡᠯᠴᠡᠬᠦ︾ ᠬᠤᠷᠠᠯ ᠬᠢᠪᠠ᠃    ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠤᠯᠠᠭ ᠨᠡᠶᠢᠭᠡᠮ ᠲᠣᠭᠤᠷᠢᠭ ᠤᠨ ᠬᠤᠷᠠᠯ ᠤᠨ ᠭᠡᠷ ᠲᠤ ᠨᠡᠶᠢᠭᠡᠮ ᠲᠣᠭᠤᠷᠢᠭ ᠤᠨ ᠨᠠᠮ ᠤᠨ ᠵᠣᠬᠢᠶᠠᠨ ᠪᠠᠶᠢᠭᠤᠯᠤᠯᠲᠠ ᠪᠠᠷ ᠬᠥᠲᠥᠯᠦᠨ ᠳᠠᠭᠠᠭᠤᠯᠤᠭᠰᠠᠨ ᠥᠮᠴᠢᠲᠡᠨ ᠤ ᠵᠥᠪᠯᠡᠯ ᠪᠠ ᠠᠳᠠᠯ ᠠᠬᠤᠢ ᠶᠢᠨ ᠠᠵᠤ ᠠᠬᠤᠶᠢᠯᠠᠯ ᠬᠠᠮᠲᠤ ᠪᠠᠷ ᠣᠷᠣᠯᠴᠠᠭᠰᠠᠨ ︽ᠭᠤᠷᠪᠠᠨ ᠲᠠᠯ᠎ᠠ ᠶᠢᠨ ᠬᠡᠷᠡᠭ ᠵᠥᠪᠯᠡᠬᠦ ᠵᠥᠪᠳᠡᠯᠴᠡᠬᠦ︾ ᠬᠤᠷᠠᠯ ᠬᠢᠪᠠ᠃ ᠪᠤᠯᠠᠭ ᠤᠨ ᠭᠤᠣᠯ ᠲᠣᠭᠤᠷᠢᠭ ᠤᠨ ᠶᠢᠨ ᠷᠦᠨ ︵ᠵᠠᠮ ᠬᠠᠷᠢᠯᠴᠠᠭᠠᠨ ᠤ ᠠᠰᠠᠷ︶ ᠵᠢᠵᠢᠭ ᠲᠣᠭᠤᠷᠢᠭ ᠤᠨ ᠬᠦᠷᠢᠶᠡᠨ ᠳᠤ ᠨᠢᠭᠡ ᠬᠦᠷᠢᠶᠡᠨ ᠤ ᠬᠡᠷᠡᠮ ᠢ ᠤᠳᠠᠭᠠᠨ ᠵᠢᠯ ᠵᠠᠰᠠᠭᠰᠠᠨ ᠦᠭᠡᠢ᠂ ᠬᠡᠷᠡᠮ ᠤᠨ ᠬᠠᠵᠠᠭᠤ ᠶᠢᠨ ᠲᠣᠮᠣ ᠮᠣᠳᠣᠨ ᠳᠤ ᠲᠠᠰᠤᠷᠠᠯᠲᠠ ᠦᠭᠡᠢ ᠰᠢᠬᠠᠭᠳᠠᠨ ᠨᠤᠷᠠᠵᠤ᠂ ᠬᠡᠷᠡᠮ ᠤᠨ ᠭᠠᠳᠠᠨ᠎ᠠ ᠭᠠᠵᠠᠷ ᠤᠨ ᠭᠠᠳᠠᠷᠭᠤ ᠨᠢ ᠬᠡᠷᠡᠮ ᠤᠨ ᠳᠣᠲᠣᠷᠠᠬᠢ 1 ᠮᠧᠳ᠋ᠷ ᠠᠴᠠ ᠥᠨᠳᠥᠷ ᠪᠣᠯᠬᠤᠷ ᠪᠦᠷᠬᠦᠭ ᠪᠣᠷᠣᠭᠠᠨ ᠤ ᠤᠯᠠᠷᠢᠯ ᠳᠤ᠂ ᠪᠣᠷᠣᠭᠠᠨ ᠤ ᠤᠰᠤ ᠶᠢᠨ ᠷᠦᠨ ᠵᠢᠵᠢᠭ ᠲᠣᠭᠤᠷᠢᠭ ᠲᠤ ᠴᠢᠳᠬᠤᠵᠤ᠂ ᠰᠠᠭᠤᠭᠠᠯᠢ ᠠᠷᠠᠳ ᠤᠨ ᠠᠮᠢᠳᠤᠷᠠᠯ ᠳᠤ ᠮᠠᠰᠢ ᠣᠯᠠᠨ ᠳᠥᠭᠦᠮ ᠦᠭᠡᠢ ᠪᠣᠯᠪᠠ᠃ ᠥᠮᠴᠢᠲᠡᠨ ᠤ ᠵᠥᠪᠯᠡᠯ ᠤᠨ ᠰᠠᠭᠤᠭᠠᠯᠢ ᠠᠷᠠᠳ ᠤᠨ ᠲᠥᠯᠥᠭᠡᠯᠡᠭᠴᠢ ︽ᠭᠤᠷᠪᠠᠨ ᠲᠠᠯ᠎ᠠ ᠶᠢᠨ ᠬᠡᠷᠡᠭ ᠵᠥᠪᠯᠡᠵᠦ ᠵᠥᠪᠳᠡᠯᠴᠡᠬᠦ︾ ᠬᠤᠷᠠᠯ ᠳᠡᠭᠡᠷ᠎ᠡ ᠬᠦᠰᠡᠯ ᠱᠠᠭᠠᠷᠳᠠᠯᠭ᠎ᠠ ᠳᠤᠷᠠᠳᠴᠤ᠂ ᠠᠳᠠᠯ ᠠᠬᠤᠢ ᠶᠢᠨ ᠬᠦᠷᠢᠶᠡᠨ ᠤ ᠬᠡᠷᠡᠮ ᠢ ᠰᠡᠯᠪᠢᠨ ᠵᠠᠰᠠᠵᠤ᠂ ᠰᠠᠭᠤᠭᠠᠯᠢ ᠠᠷᠠᠳ ᠤᠨ ᠬᠦᠴᠢᠷᠳᠡᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ᠃ ︽ᠥᠨᠥᠳᠦᠷ ᠪᠢᠳᠡ ᠠᠳᠠᠯ ᠠᠬᠤᠢ ᠶᠢᠨ ᠠᠯᠪᠠᠨ ᠭᠡᠷ ᠲᠠᠢ ᠬᠠᠮᠲᠤ ᠪᠠᠷ ᠬᠡᠯᠡᠯᠴᠡᠭᠡᠷ ᠲᠣᠭᠲᠠᠵᠤ᠂ ᠡᠨᠡ ᠬᠦ ᠵᠠᠮ ᠬᠠᠷᠢᠯᠴᠠᠭᠠᠨ ᠤ ᠠᠰᠠᠷ ᠤᠨ ᠬᠦᠷᠢᠶᠡᠨ ᠤ ᠬᠡᠷᠡᠮ ᠤᠨ ᠠᠰᠠᠭᠤᠳᠠᠯ ᠤᠨ ᠲᠤᠬᠠᠢ ᠠᠳᠠᠯ ᠠᠬᠤᠢ ᠶᠢᠨ ᠪᠠᠶᠢᠭᠤᠯᠤᠯᠲᠠ ᠲᠠᠢ ᠵᠣᠬᠢᠴᠠᠭᠤᠯᠤᠨ᠂ 2025 ᠣᠨ ᠤ ᠵᠤᠨ ᠤ ᠤᠯᠠᠷᠢᠯ ᠳᠤ ᠡᠷᠬᠡᠪᠰᠢ ᠡᠨᠡ ᠶᠠᠪᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠵᠢᠩ ᠷᠦᠨ ᠪᠠᠭ᠎ᠠ ᠲᠣᠭᠤᠷᠢᠭ ᠤᠨ ᠥᠮᠴᠢᠲᠡᠨ ᠤ ᠵᠥᠪᠯᠡᠯ ᠤᠨ ᠡᠷᠬᠢᠯᠡᠭᠴᠢ ᠴᠢᠨ ᠹᠠᠨ ᠰᠢᠶᠠᠩ ᠬᠡᠯᠡᠪᠡ᠃ ᠥᠮᠴᠢᠲᠡᠨ ᠤ ᠵᠥᠪᠯᠡᠯ ᠤᠨ ᠪᠦᠷᠢᠯᠳᠦᠬᠦᠨ ᠪᠣᠯᠤᠨ ᠠᠳᠠᠯ ᠠᠬᠤᠢ ᠶᠢᠨ ᠠᠵᠢᠯᠲᠠᠨ ᠤᠨ ᠤ ᠷᠦᠨ ᠵᠢᠵᠢᠭ ᠲᠣᠭᠤᠷᠢᠭ ᠤᠨ ᠬᠦᠷᠢᠶ᠎ᠡ ᠬᠠᠱᠢᠶ ᠎ᠠ ᠶᠢ ᠰᠡᠯᠪᠢᠨ ᠵᠠᠰᠠᠬᠤ ᠤᠴᠢᠷ᠃ ᠠᠳᠠᠯ ᠠᠬᠤᠢ ᠶᠢᠨ ᠠᠵᠢᠯᠲᠠᠳ ᠰᠠᠭᠤᠭᠠᠯᠢ ᠠᠷᠠᠳ ᠤᠨ ᠬᠦᠰᠡᠯ ᠱᠠᠭᠠᠷᠳᠠᠯᠭ᠎ᠠ ᠶᠢ ᠣᠶᠢᠯᠠᠭᠠᠭᠰᠠᠨ ᠤ ᠳᠠᠷᠠᠭ᠎ᠠ ᠴᠠᠭ ᠲᠤᠬᠠᠢ ᠳᠤᠨᠢ ᠬᠠᠷᠢᠭᠤᠯᠲᠠ ᠥᠭᠴᠦ᠂ ᠰᠠᠭᠤᠭᠠᠯᠢ ᠠᠷᠠᠳ ᠪᠠ ᠠᠳᠠᠯ ᠠᠬᠤᠢ ᠶᠢᠨ ᠬᠤᠭᠤᠷᠣᠨᠳᠣᠬᠢ ᠬᠠᠷᠢᠴᠠᠭ᠎ᠠ ᠶᠢ ᠥᠨᠳᠥᠷ ᠪᠦᠲᠦᠮᠵᠢᠲᠡᠢ ᠪᠠᠷ ᠨᠡᠩ ᠡᠶ᠎ᠡ ᠵᠣᠬᠢᠴᠠᠯ ᠲᠠᠢ ᠨᠥᠬᠦᠷᠰᠡᠭ ᠪᠣᠯᠭᠠᠨ᠎ᠠ᠃ ︽ᠨᠡᠶᠢᠭᠡᠮ ᠲᠣᠭᠤᠷᠢᠭ ᠤᠨ ᠵᠣᠬᠢᠶᠠᠨ ᠪᠠᠶᠢᠭᠤᠯᠤᠯᠲᠠ ᠶᠢᠨ ᠡᠨᠡ ᠤᠳᠠᠭᠠᠨ ᠤ ᠬᠤᠷᠠᠯ ᠨᠢ ᠮᠠᠨ ᠤ ᠠᠳᠠᠯ ᠠᠬᠤᠢ ᠶᠢᠨ ᠥᠮᠴᠢᠲᠡᠨ ᠤ ᠬᠡᠷᠡᠭᠴᠡᠭᠡ ᠶᠢ ᠣᠶᠢᠯᠠᠭᠠᠵᠤ᠂ ᠪᠢᠳᠡᠨ ᠢ ᠥᠮᠴᠢᠲᠡᠨ ᠳᠤ ᠨᠡᠩ ᠰᠠᠶᠢᠨ ᠦᠢᠯᠡᠴᠢᠯᠡᠭᠦᠯᠬᠦ ᠳᠤ ᠠᠰᠢᠭᠲᠠᠢ ᠶᠤᠮ᠃ ᠪᠠᠰᠠ ᠨᠡᠶᠢᠭᠡᠮ ᠲᠣᠭᠤᠷᠢᠭ ᠲᠤ ᠮᠠᠨ ᠤ ᠥᠮᠴᠢᠲᠡᠨ ᠤ ᠬᠤᠭᠤᠷᠣᠨᠳᠣ ᠶᠠᠮᠠᠷ ᠶᠠᠩᠵᠤ ᠲᠠᠢ ᠨᠡᠪᠲᠡᠷᠡᠯᠴᠡᠬᠦ᠂ ᠶᠠᠮᠠᠷ ᠶᠠᠩᠵᠤ ᠶᠢᠨ ᠬᠠᠮᠲᠤᠷᠠᠯᠴᠠᠭ᠎ᠠ ᠲᠠᠢ ᠪᠠᠶᠢᠬᠤ ᠶᠢ ᠣᠶᠢᠯᠠᠭᠠᠭᠤᠯᠵᠤ ᠪᠣᠯᠤᠨ᠎ᠠ᠂ ᠪᠢᠳᠡ ᠣᠯᠠᠨ ᠳᠤ ᠨᠡᠩ ᠰᠠᠶᠢᠨ ᠦᠢᠯᠡᠴᠢᠯᠡᠵᠦ᠂ ᠨᠡᠶᠢᠭᠡᠮ ᠲᠣᠭᠤᠷᠢᠭ ᠪᠠᠰᠠ ᠨᠡᠩ ᠰᠠᠶᠢᠨ ᠪᠠᠶᠢᠵᠤ ᠴᠢᠳᠠᠨ᠎ᠠ︾ ᠭᠡᠵᠦ ᠶᠢᠨ ᠷᠦᠨ ᠪᠠᠭ᠎ᠠ ᠲᠣᠭᠤᠷᠢᠭ ᠤᠨ ᠠᠳᠠᠯ ᠠᠬᠤᠢ ᠶᠢᠨ ᠳᠠᠭᠠᠭᠠᠮᠠᠯ ᠸᠠᠩ ᠵᠢᠩ ᠬᠡᠯᠡᠪᠡ᠃         ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠳᠡᠳ᠋ ᠡᠷᠬᠢᠯᠡᠭᠴᠢ ᠱᠢ ᠴᠧᠩ ᠵᠢᠶᠦ᠋ᠨ ᠬᠡᠯᠡᠬᠦ ᠳᠡᠭᠡᠨ᠄ ︽ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠥᠮᠴᠢᠲᠡᠨ ᠤ ᠵᠥᠪᠯᠡᠯ ᠪᠠ ᠠᠳᠠᠯ ᠠᠬᠤᠢ ᠶᠢᠨ ᠦᠢᠯᠡᠴᠢᠯᠡᠭᠡᠨ ᠤ ᠠᠵᠤ ᠠᠬᠤᠶᠢᠯᠠᠯ ᠳᠠᠬᠢ ᠵᠢᠯᠣᠭᠤᠳᠣᠯᠭ᠎ᠠ ᠶᠢ ᠴᠢᠩᠭᠠᠳᠬᠠᠵᠤ᠂ ᠠᠵᠢᠯ ᠤᠨ ᠵᠥᠪᠯᠡᠯ ᠤᠨ ᠪᠦᠬᠦ ᠲᠠᠯ᠎ᠠ ᠪᠠᠷ ᠵᠢᠷᠤᠮᠵᠢᠭᠰᠠᠨ᠂ ᠠᠳᠠᠯ ᠠᠬᠤᠢ ᠶᠢᠨ ᠠᠵᠤ ᠠᠬᠤᠶᠢᠯᠠᠯ ᠤᠨ ᠦᠶ᠋ᠯᠡᠴᠢᠯᠡᠭᠡ ᠶᠢ ᠨᠠᠩ ᠴᠢᠨᠠᠷ ᠰᠠᠶᠢᠲᠠᠢ᠂ ᠭᠤᠷᠪᠠᠨ ᠲᠠᠯ᠎ᠠ ᠶᠢᠨ ᠵᠥᠷᠢᠴᠡᠯ ᠢ ᠢᠯᠡᠳᠲᠡ ᠪᠠᠭᠠᠰᠬᠠᠵᠤ᠂ ᠣᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠵᠣᠯ ᠵᠢᠷᠭᠠᠯ ᠤᠨ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠰᠠᠶᠢᠨ ᠰᠠᠶᠢᠬᠠᠨ ᠪᠠᠶᠢᠳᠠᠯ ᠢ ᠪᠣᠢ ᠪᠣᠯᠭᠠᠬᠤ ᠶᠢ ᠲᠦᠯᠬᠢᠨ ᠠᠬᠢᠭᠤᠯᠤᠨ᠎ᠠ︾ ᠭᠡᠵᠡᠢ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号