ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠳᠥᠷᠪᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/12/2
   11 ᠰᠠᠷ᠎ᠠ ᠶᠢᠨ 30 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠳᠥᠷᠪᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠪᠠ᠃ ᠬᠢᠩᠭᠠᠨ ᠠᠶᠢᠮᠠᠭ ᠤᠨ ᠬᠠᠩᠭᠠᠨ ᠪᠣᠷᠣᠯᠠᠭᠤᠯᠬᠤ ᠬᠤᠷᠰᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠡᠷᠡᠭ ᠡᠷᠬᠢᠯᠡᠭᠴᠢᠳ ᠤᠨ ᠬᠤᠷᠠᠯ ᠤᠨ ᠡᠷᠬᠢᠯᠡᠭᠴᠢ ᠯᠢᠦ ᡁᠢ ᠴᠢᠶᠠᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 50 ᠬᠥᠮᠦᠨ᠂ ᠪᠣᠳᠠᠲᠠᠢ ᠣᠷᠣᠯᠴᠠᠭᠰᠠᠨ ᠨᠢ 45 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠨ᠎ᠡ᠃ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠶᠡᠭᠡ ᠬᠤᠷᠠᠯ ᠡᠬᠢᠯᠡᠪᠡ᠃    ᠬᠤᠷᠠᠯ ᠠᠴᠠ᠂ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠢᠨ ᠢᠮᠠᠭᠲᠠ ᠨᠠᠮ ᠤᠨ ᠭᠤᠣᠯ ᠡᠭᠦᠷᠭᠡ ᠶᠢᠨ ᠲᠣᠭᠤᠷᠢᠨ ᠳᠤ᠂ ᠰᠠᠨᠠᠭᠠᠴᠢᠯᠠᠭ᠎ᠠ ᠠᠴᠠ ᠪᠠᠨ ᠶᠡᠭᠡ ᠲᠠᠯ᠎ᠠ ᠳᠤ ᠦᠢᠯᠡᠴᠢᠯᠡᠵᠦ᠂ ᠬᠤᠲᠠ ᠬᠥᠳᠡᠭᠡ ᠶᠢᠨ ᠣᠯᠠᠨ ᠲᠦᠮᠡᠨ ᠳᠤ ᠦᠢᠯᠡᠴᠢᠯᠡᠬᠦ᠂ ᠬᠥᠳᠡᠭᠡ ᠲᠣᠰᠬᠤᠨ ᠤ ᠠᠵᠤ ᠠᠬᠤᠢ ᠶᠢ ᠴᠡᠴᠡᠭᠯᠡᠭᠦᠯᠦᠨ ᠬᠥᠭᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠵᠡᠷᠭᠡ ᠲᠠᠯ᠎ᠠ ᠪᠠᠷ ᠢᠳᠡᠪᠬᠢᠲᠡᠢ ᠦᠢᠯᠡᠳᠦᠯ ᠦᠵᠡᠭᠦᠯᠬᠦ ᠬᠡᠷᠡᠭᠲᠡᠢ︔ ᠢᠮᠠᠭᠲᠠ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠤᠨ ᠦᠨᠳᠦᠰᠦᠨ ᠵᠣᠷᠢᠯᠲᠠ ᠪᠠᠨ ᠪᠠᠲᠤ ᠴᠡᠭᠡᠵᠢᠯᠡᠵᠦ᠂ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠳᠤ ᠦᠢᠯᠡᠴᠢᠯᠡᠬᠦ ᠶᠡᠷᠦᠩᠬᠡᠶᠢᠯᠡᠭᠰᠡᠨ ᠲᠠᠪᠴᠠᠩ ᠪᠣᠯᠬᠤ ᠶᠢ ᠲᠦᠷᠭᠡᠳᠬᠡᠵᠦ᠂ ᠨᠠᠮ ᠪᠣᠯᠤᠨ ᠵᠠᠰᠠᠭ ᠤᠨ ᠣᠷᠳᠣᠨ ᠤ ᠮᠠᠯᠴᠢᠨ ᠲᠠᠷᠢᠶᠠᠴᠢᠨ ᠲᠦᠮᠡᠨ ᠲᠠᠢ ᠬᠠᠷᠢᠯᠴᠠᠬᠤ ᠬᠥᠭᠦᠷᠭᠡ ᠬᠤᠯᠪᠣᠭᠠᠰᠤ ᠪᠣᠯᠬᠤ ᠬᠡᠷᠡᠭᠲᠡᠢ︔ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠰᠠᠯᠲᠠ ᠶᠢᠨ ᠪᠦᠲᠦᠴᠡ ᠶᠢ ᠲᠡᠭᠦᠯᠳᠡᠷᠵᠢᠭᠦᠯᠵᠦ᠂ ᠠᠵᠢᠯᠯᠠᠭᠠᠨ ᠤ ᠲᠣᠭᠲᠠᠴᠠ ᠶᠢ ᠵᠢᠷᠤᠮᠵᠢᠭᠤᠯᠵᠤ᠂ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠦᠢᠯᠡᠴᠢᠯᠡᠭᠡᠨ ᠤ ᠬᠡᠪᠴᠢᠶ᠎ᠡ ᠶᠢ ᠥᠷᠭᠡᠳᠬᠡᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠢ︔ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠥᠪᠡᠷᠮᠢᠴᠡ ᠳᠠᠪᠠᠭᠤᠯᠢᠭ ᠢ ᠤᠯᠠᠮ ᠨᠢᠭᠡ ᠠᠯᠬᠤᠮ ᠪᠠᠳᠠᠷᠠᠭᠤᠯᠵᠤ᠂ ᠦᠢᠯᠡᠴᠢᠯᠡᠭᠡᠨ ᠤ ᠵᠠᠭᠪᠤᠷ ᠢ ᠲᠠᠰᠤᠷᠠᠯᠲᠠ ᠦᠭᠡᠢ ᠰᠢᠨᠡᠴᠢᠯᠡᠵᠦ᠂ ᠮᠠᠯᠵᠢᠬᠤ ᠲᠠᠷᠢᠶᠠᠯᠠᠬᠤ ᠣᠷᠣᠨ ᠤ ᠠᠵᠤ ᠠᠬᠤᠢ ᠶᠢᠨ ᠬᠥᠭᠵᠢᠯᠲᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠳᠥᠷᠪᠡᠳᠦᠭᠡᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠬᠡᠷᠡᠭ ᠡᠷᠬᠢᠯᠡᠭᠴᠢᠳ ᠤᠨ ᠬᠤᠷᠠᠯ ᠤᠨ ᠠᠵᠢᠯ ᠤᠨ ᠮᠡᠳᠡᠭᠦᠯᠦᠯᠲᠡ ᠶᠢ ᠰᠣᠨᠣᠰᠴᠤ᠂ ᠪᠢᠯᠧᠲ ᠥᠭᠴᠦ ᠰᠢᠨ᠎ᠡ ᠨᠢᠭᠡ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ᠂ ᠬᠢᠨᠠᠭᠴᠢᠳ ᠤᠨ ᠵᠥᠪᠯᠡᠯ ᠢ ᠰᠣᠩᠭᠤᠭᠰᠠᠨ ᠪᠥᠭᠡᠳ ᠰᠢᠨ᠎ᠡ ᠨᠢᠭᠡ ᠬᠤᠭᠤᠴᠠᠭᠠᠨ ᠤ ᠬᠡᠷᠡᠭ ᠡᠷᠬᠢᠯᠡᠭᠴᠢᠳ ᠤᠨ ᠬᠤᠷᠠᠯ ᠤᠨ ᠪᠠᠶᠢᠩᠭᠤ ᠶᠢᠨ ᠬᠡᠷᠡᠭ ᠡᠷᠬᠢᠯᠡᠭᠴᠢ᠂ ᠬᠡᠷᠡᠭ ᠡᠷᠬᠢᠯᠡᠭᠴᠢᠳ ᠤᠨ ᠬᠤᠷᠠᠯ ᠤᠨ ᠡᠷᠬᠢᠯᠡᠭᠴᠢ᠂ ᠳᠡᠳ᠋ ᠡᠷᠬᠢᠯᠡᠭᠴᠢ᠂ ᠬᠢᠨᠠᠭᠴᠢᠳ ᠤᠨ ᠵᠥᠪᠯᠡᠯ ᠤᠨ ᠡᠷᠬᠢᠯᠡᠭᠴᠢ ᠵᠢᠴᠢ ᠬᠡᠷᠡᠭ ᠡᠷᠬᠢᠯᠡᠭᠴᠢᠳ ᠤᠨ ᠬᠤᠷᠠᠯ᠂ ᠬᠢᠨᠠᠭᠴᠢᠳ ᠤᠨ ᠵᠥᠪᠯᠡᠯ ᠤᠨ ᠪᠦᠷᠢᠯᠳᠦᠬᠦᠨ ᠢ ᠨᠡᠶᠢᠲᠡᠯᠡᠪᠡ᠃    ᠬᠤᠷᠠᠯ ᠠᠴᠠ ᠪᠠᠰᠠ ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠶᠢᠨ ᠬᠤᠯᠪᠣᠭᠠᠲᠤ ᠬᠤᠷᠰᠢᠶ᠎ᠠ ᠶᠢᠨ ᠳᠦᠷᠢᠮ︾ ᠪᠠ ᠬᠡᠷᠡᠭ ᠡᠷᠬᠢᠯᠡᠭᠴᠢᠳ ᠤᠨ ᠬᠤᠷᠠᠯ ᠤᠨ ᠮᠡᠳᠡᠭᠦᠯᠦᠯᠲᠡ ᠶᠢ ᠪᠠᠲᠤᠯᠠᠪᠠ᠃ ᠠᠶᠢᠮᠠᠭ ᠬᠤᠰᠢᠭᠤ ᠬᠤᠶᠠᠷ ᠱᠠᠲᠤᠨ ᠤ ᠬᠠᠩᠭᠠᠨ ᠪᠣᠷᠣᠯᠠᠭᠤᠯᠬᠤ ᠬᠤᠷᠰᠢᠶ᠎ᠠ ᠵᠢᠴᠢ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号