︽ᠣᠶᠤᠨᠴᠢ︾ ᠬᠢᠴᠢᠶᠡᠯ ᠤᠨ ᠲᠠᠩᠬᠢᠮ ᠨᠢ ᠬᠡᠯᠡᠨ ᠤ ᠰᠤᠷᠤᠯᠴᠠᠯᠭ᠎ᠠ ᠶᠢ ᠨᠡᠩ ᠪᠦᠲᠦᠮᠵᠢᠲᠡᠢ ᠪᠣᠯᠭᠠᠪᠠ
ᠨᠡᠶᠢᠲᠡᠯᠡᠭᠰᠡᠨ ᠴᠠᠭ᠄
2024/12/25
    ᠣᠶᠢᠷ᠎ᠠ ᠶᠢᠨ ᠵᠢᠯ ᠠᠴᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠰᠤᠷᠭᠠᠭᠤᠯᠢ ᠶᠢᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠬᠦ ᠳᠤᠮᠳᠠᠬᠢ ᠰᠠᠭᠤᠷᠢ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠭᠤᠯᠤᠨ᠂ ᠣᠶᠤᠨᠴᠢ ᠬᠢᠴᠢᠶᠡᠯ ᠤᠨ ᠲᠠᠩᠬᠢᠮ ᠢ ᠠᠰᠢᠭᠯᠠᠨ᠂ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠪᠠᠭᠰᠢ ᠰᠤᠷᠤᠭᠴᠢᠳ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠬᠦ ᠴᠢᠳᠠᠪᠤᠷᠢ ᠪᠠ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠪᠡ᠃ ᠣᠶᠤᠨᠴᠢ ᠬᠢᠴᠢᠶᠡᠯ ᠰᠤᠷᠭᠠᠭᠤᠯᠢ ᠶᠢᠨ ᠬᠦᠷᠢᠶᠡᠨ ᠳᠤ ᠣᠷᠣᠬᠤ᠃ ᠪᠠᠶᠠᠨᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ ᠳᠤ ᠬᠢᠴᠢᠶᠡᠯ ᠣᠷᠣᠬᠤ ᠬᠤᠩᠬᠤ ᠶᠢᠨ ᠳᠠᠭᠤ ᠳᠤᠤᠭᠠᠷᠬᠤ ᠶᠢ ᠳᠠᠭᠠᠯᠳᠤᠨ᠂ ᠣᠶᠤᠨᠴᠢᠯᠠᠭᠰᠠᠨ ᠶᠣᠰᠣ ᠮᠣᠷᠠᠯ ᠬᠢᠭᠡᠳ ᠬᠠᠤᠯᠢ ᠪᠠᠷ ᠵᠠᠰᠠᠬᠤ ᠬᠢᠴᠢᠶᠡᠯ ᠵᠢᠩᠬᠢᠨᠢ ᠪᠠᠷ ᠡᠬᠢᠯᠡᠪᠡ᠃ ︽ᠳᠤᠮᠳᠠᠳᠤ ᠶᠢᠨ ᠦᠨᠳᠦᠰᠦᠲᠡᠨ ᠨᠢᠭᠡ ᠭᠡᠷ ᠮᠡᠲᠦ ᠳᠣᠲᠣᠨᠣ ᠪᠠᠶᠢᠵᠤ ᠂ ᠠᠬ᠎ᠠ ᠳᠡᠭᠦᠦ ᠡᠭᠡᠴᠢ ᠥᠬᠢᠨ ᠳᠡᠭᠦᠦ ᠰᠡᠳᠬᠢᠯ ᠵᠢᠷᠦᠬᠡ ᠪᠠᠨ ᠬᠤᠯᠪᠣᠨ᠎ᠠ ᠁︾ ᠬᠵᠤ ᠪᠠᠭᠰᠢ ᠸᠠᠩ ᠵᠢᠶᠠ ᠬᠡᠯᠡᠪᠡ᠃    ︽ᠤᠶᠤᠨᠲᠤ ᠬᠢᠴᠢᠶᠡᠯ ᠤᠨ ᠲᠠᠩᠬᠢᠮ ᠤᠨ ᠰᠢᠰᠲ᠋ᠧᠮ ᠢ ᠠᠭᠤᠵᠢᠷᠠᠲᠠᠯ᠎ᠠ ᠶᠠᠷᠢᠵᠤ᠂ ᠵᠢᠭᠠᠨ ᠰᠤᠷᠭᠠᠯᠲᠠ ᠶᠢᠨ ᠠᠭᠤᠯᠭ᠎ᠠ ᠶᠢ ᠲᠠᠲᠠᠭᠰᠠᠨ ᠭᠤᠶᠢᠳᠠ ᠰᠠᠶᠢᠬᠠᠨ ᠸᠢᠳᠢᠣ᠋ ᠶᠢ ᠨᠡᠪᠲᠡᠷᠡᠭᠦᠯᠵᠦ᠂ ᠰᠤᠷᠤᠭᠴᠢᠳ ᠤᠨ ᠠᠩᠬᠠᠷᠤᠯ ᠢ ᠲᠠᠲᠠᠵᠤ᠂ ᠰᠢᠰᠲ᠋ᠧᠮ ᠤᠨ ᠳᠣᠲᠣᠷᠠᠬᠢ ᠭᠡᠷᠡᠯ ᠵᠢᠷᠤᠭ ᠪᠣᠯᠤᠨ ᠳᠠᠭᠤ ᠳᠦᠷᠰᠦ ᠰᠢᠩᠭᠡᠭᠡᠯᠲᠡ ᠶᠢ ᠨᠡᠪᠲᠡᠷᠡᠭᠦᠯᠵᠦ᠂ ᠰᠤᠷᠤᠭᠴᠢᠳ ᠤᠨ ᠮᠡᠳᠡᠯᠭᠡ ᠶᠢ ᠨᠡᠩ ᠠᠮᠢᠳᠤᠯᠢᠭ ᠪᠣᠯᠭᠠᠵᠤ᠂ ᠰᠣᠨᠢᠷᠬᠠᠭᠤᠯᠵᠠᠢ᠃ ︽ᠤᠶᠤᠨᠲᠤ ᠬᠢᠴᠢᠶᠡᠯ ᠤᠨ ᠲᠠᠩᠬᠢᠮ ᠤᠨ ᠱᠢᠰᠲ᠋ᠧᠮ︾ ᠢ ᠠᠱᠢᠭᠯᠠᠨ᠂ ᠰᠤᠷᠤᠭᠴᠢᠳ ᠤᠨ ᠮᠡᠳᠡᠯᠭᠡ ᠶᠢ ᠨᠡᠩ ᠲᠣᠳᠣᠷᠬᠠᠢ ᠪᠣᠯᠭᠠᠨ᠎ᠠ᠃ ︽ᠣᠶᠤᠨᠴᠢ ᠬᠢᠴᠢᠶᠡᠯ ᠤᠨ ᠲᠠᠩᠬᠢᠮ ᠤᠨ ᠵᠥᠭᠡᠯᠡᠨ ᠲᠣᠨᠤᠭ ᠶᠠᠭ ᠡᠷᠳᠡᠨᠢ ᠶᠢᠨ ᠰᠠᠩ ᠱᠢᠭ᠋᠂ ᠳᠣᠲᠣᠷ᠎ᠠ ᠨᠢ ᠡᠯ᠎ᠡ ᠵᠦᠢᠯ ᠤᠨ ᠰᠤᠷᠤᠯᠴᠠᠬᠤ ᠮᠠᠲ᠋ᠧᠷᠢᠶᠠᠯ ᠪᠠ ᠸᠢᠳᠢᠣ᠋ ᠳᠦᠭᠦᠷᠴᠦ᠂ ᠮᠠᠨ ᠤ ᠰᠤᠷᠤᠯᠭ᠎ᠠ ᠶᠢ ᠮᠠᠱᠢ ᠰᠣᠨᠢᠷᠬᠠᠯᠲᠠᠢ ᠪᠣᠯᠭᠠᠵᠠᠢ᠃ ᠪᠠᠭᠰᠢ ᠡᠨᠡ ᠬᠦ ᠵᠥᠭᠡᠯᠡᠨ ᠲᠣᠨᠤᠭ ᠢᠶᠠᠷ ᠬᠢᠭᠰᠡᠨ ᠬᠠᠷᠢᠯᠴᠠᠨ ᠦᠢᠯᠡᠳᠦᠯᠴᠡᠬᠦ ᠭᠤᠭᠴᠤᠭ᠎ᠠ ᠨᠢ ᠪᠢᠳᠡᠨ ᠤ ᠬᠢᠴᠢᠶᠡᠯ ᠣᠷᠣᠬᠤ ᠦᠶ᠎ᠡ ᠳᠤ ᠣᠶᠤᠨ ᠰᠠᠨᠠᠭᠠᠨ ᠤ ᠲᠠᠯ᠎ᠠ ᠪᠠᠷ ᠲᠦᠢᠯ ᠤᠨ ᠶᠡᠭᠡ ᠪᠠᠷ ᠣᠷᠣᠯᠴᠠᠵᠤ᠂ ᠰᠡᠳᠬᠢᠯ ᠳᠦᠭᠦᠷᠡᠩ ᠪᠠᠶᠢᠯ᠎ᠠ᠃ ᠮᠠᠲ᠋ᠧᠷᠢᠶᠠᠯ ᠡᠷᠢᠬᠦ ᠪᠤᠶᠤ ᠳᠠᠰᠬᠠᠯ ᠢᠶᠠᠨ ᠲᠤᠰᠢᠶᠠᠳᠠᠭ ᠴᠤ ᠲᠡᠷᠡ ᠠᠮᠠᠷᠬᠠᠨ ᠲᠣᠭᠲᠠᠭᠠᠵᠤ ᠴᠢᠳᠠᠨ᠎ᠠ᠂ ᠪᠢᠳᠡ ᠪᠦᠷ ᠡᠶᠢᠮᠦ ᠣᠶᠤᠨᠴᠢ ᠬᠢᠴᠢᠶᠡᠯ ᠤᠨ ᠲᠠᠩᠬᠢᠮ ᠳᠤ ᠳᠤᠷᠠᠲᠠᠢ ᠪᠠᠶᠢᠳᠠᠭ︾ ᠬᠡᠵᠤ ᠪᠠᠶᠠᠨᠬᠤᠰᠢᠭᠤ ᠨᠢᠭᠡᠳᠦᠭᠡᠷ ᠪᠠᠭ᠎ᠠ ᠰᠤᠷᠭᠠᠭᠤᠯᠢ ᠶᠢᠨ ᠰᠤᠷᠤᠭᠴᠢ ᠪᠦᠦ ᠴᠡᠯᠮᠡᠭ ᠬᠡᠯᠡᠪᠡ᠃    ᠣᠶᠢᠯᠠᠭᠠᠭᠰᠠᠨ ᠢᠶᠠᠷ᠂ ︽ᠣᠶᠤᠨᠴᠢ ᠬᠢᠴᠢᠶᠡᠯ ᠤᠨ ᠲᠠᠩᠬᠢᠮ︾ ᠤᠨ ᠵᠥᠭᠡᠯᠡᠨ ᠲᠣᠨᠤᠭ ᠨᠢ ᠬᠢᠴᠢᠶᠡᠯᠯᠡᠬᠦ ᠱᠠᠲᠤᠨ ᠳᠠᠭᠠᠨ ᠪᠠᠰᠠ ᠬᠢᠴᠢᠶᠡᠯ ᠤᠨ ᠳᠡᠪᠲᠡᠷ᠂ ᠬᠢᠴᠢᠶᠡᠯ ᠤᠨ ᠲᠣᠨᠤᠭ᠂ ᠲᠠᠶᠢᠯᠪᠤᠷᠢᠯᠠᠨ ᠦᠨᠡᠯᠡᠬᠦ᠂ ᠴᠠᠭᠠᠨ ᠬᠠᠪᠲᠠᠰᠤ ᠵᠡᠷᠭᠡ ᠲᠦᠷᠭᠡᠨ ᠴᠣᠩᠬᠤᠪᠴᠢ ᠪᠠᠶᠢᠵᠤ᠂ ᠬᠡᠷᠡᠭᠯᠡᠭᠡᠨ ᠤ ᠳᠤᠮᠳᠠ ᠡᠯ᠎ᠡ ᠲᠥᠷᠥᠯ ᠤᠨ ᠦᠵᠡᠭᠦᠯᠦᠯᠭᠡ ᠶᠢᠨ ᠲᠤᠷᠰᠢᠯᠲᠠ᠂ ᠳᠠᠩ ᠦᠭᠡ ᠰᠣᠨᠣᠰᠴᠤ ᠪᠢᠴᠢᠬᠦ᠂ ᠤᠷᠠᠨ ᠲᠣᠳᠣ ᠤᠩᠰᠢᠬᠤ ᠵᠡᠷᠭᠡ ᠠᠭᠤᠯᠭ᠎ᠠ ᠶᠢ ᠪᠠᠭᠲᠠᠭᠠᠵᠤ᠂ ᠬᠢᠴᠢᠶᠡᠯ ᠤᠨ ᠲᠠᠩᠬᠢᠮ ᠤᠨ ᠠᠵᠢᠯᠯᠠᠭ᠎ᠠ ᠶᠢ ᠪᠠᠶᠠᠯᠢᠭᠵᠢᠭᠤᠯᠵᠠᠢ᠃     ᠣᠳᠣᠬᠠᠨ ᠳᠤ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠡᠷᠡᠭᠯᠡᠭᠡᠨ ᠤ ᠴᠢᠳᠠᠪᠤᠷᠢ ᠶᠢ ᠳᠡᠭᠡᠭᠰᠢᠯᠡᠭᠦᠯᠬᠦ ᠲᠥᠷᠥᠯ ᠵᠦᠢᠯ ᠨᠢ ᠪᠦᠬᠦ ᠬᠤᠰᠢᠭᠤᠨ ᠤ 28 ᠤᠤᠯ ᠤᠨ ᠦᠨᠳᠦᠰᠦᠲᠡᠨ ᠤ ᠦᠭᠡ ᠬᠡᠯᠡ ᠪᠠᠷ ᠬᠢᠴᠢᠶᠡᠯᠯᠡᠬᠦ ᠳᠤᠮᠳᠠᠳᠤ ᠪᠠᠭ᠎ᠠ ᠰᠤᠷᠭᠠᠭᠤᠯᠢ᠂ 30 ᠬᠡᠦᠬᠡᠳ ᠤᠨ ᠴᠡᠴᠡᠷᠯᠢᠭ ᠢ ᠬᠠᠮᠤᠷᠴᠤ᠂ ᠰᠤᠷᠬᠤ ᠨᠠᠰᠤᠨ ᠠᠴᠠ ᠡᠮᠦᠨᠡᠬᠢ ᠣᠶᠤᠨᠴᠢ ᠵᠢᠭᠠᠨ ᠰᠤᠷᠭᠠᠯᠲᠠ ᠶᠢᠨ ᠰᠢᠰᠲ᠋ᠧᠮ᠂ ᠳᠤᠮᠳᠠᠳᠤ ᠪᠠᠭ᠎ᠠ ᠰᠤᠷᠭᠠᠭᠤᠯᠢ ᠶᠢᠨ ᠬᠡᠯᠡ ᠪᠢᠴᠢᠭ ᠤᠨ ᠲᠤᠰᠬᠠᠢ ᠰᠡᠳᠦᠪᠲᠦ ᠬᠢᠴᠢᠶᠡᠯ ᠤᠨ ᠲᠠᠩᠬᠢᠮ᠂ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠤᠨ ᠬᠢᠴᠢᠶᠡᠯᠯᠡᠬᠦ ᠳᠤ ᠪᠡᠯᠡᠳᠬᠡᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠰᠬᠠᠢ ᠰᠡᠳᠦᠪᠲᠦ ᠡᠬᠢ ᠪᠠᠶᠠᠯᠢᠭ ᠢ ᠪᠠᠲᠤᠳᠬᠠᠬᠤ᠂ ᠤᠯᠤᠰ ᠤᠨ ᠨᠡᠶᠢᠳᠡᠮ ᠬᠡᠷᠡᠭᠯᠡᠬᠦ ᠰᠤᠷᠤᠯᠴᠠᠬᠤ ᠰᠢᠰᠲ᠋ᠧᠮ ᠵᠡᠷᠭᠡ ᠵᠢᠭᠠᠨ ᠰᠤᠷᠭᠠᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠳᠠᠷᠤᠭᠠᠰᠤ ᠶᠢ ᠬᠥᠩᠭᠡᠯᠡᠵᠦ ᠦᠷ᠎ᠡ ᠠᠰᠢᠭ ᠢ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号