ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠦᠨᠳᠦᠰᠦᠨ ᠱᠠᠲᠤᠨ ᠤ ᠡᠮᠴᠢᠯᠡᠭᠡᠨ ᠤ ᠦᠢᠯᠡᠴᠢᠯᠡᠭᠡ ᠶᠢ ᠳᠡᠭᠡᠭᠰᠢᠯᠡᠭᠦᠯᠦᠨ ᠣᠯᠠᠨ ᠲᠦᠮᠡᠨ ᠤ ᠡᠷᠡᠭᠦᠯ ᠮᠡᠨᠳᠦ ᠳᠤ ᠦᠨᠳᠦᠰᠦᠨ ᠵᠦᠢᠯ ᠢ ᠪᠠᠲᠤᠯᠠᠵᠤ ᠪᠠᠶᠢᠨ᠎ᠠ
ᠨᠡᠶᠢᠲᠡᠯᠡᠭᠰᠡᠨ ᠴᠠᠭ᠄
2024/12/27
    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠯᠲᠠ ᠶᠢ ᠢᠳᠡᠪᠬᠢᠲᠡᠢ ᠠᠬᠢᠭᠤᠯᠵᠤ᠂ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ᠂ ᠡᠮᠴᠢᠯᠡᠭᠡᠨ ᠤ ᠡᠬᠢ ᠪᠠᠶᠠᠯᠢᠭ ᠢ ᠰᠢᠯᠢᠳᠡᠭᠵᠢᠭᠦᠯᠦᠨ ᠲᠣᠬᠢᠷᠠᠭᠤᠯᠬᠤ ᠵᠡᠷᠭᠡ ᠲᠠᠯ᠎ᠠ ᠪᠠᠷ ᠲᠠᠰᠤᠷᠠᠯᠲᠠ ᠥᠬᠡᠶ ᠰᠦᠪᠡᠭᠴᠢᠯᠡᠨ ᠤᠷᠤᠭᠰᠢᠯᠠᠪᠠ ᠃ ᠣᠳᠣᠬᠠᠨ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠲᠤ ᠣᠷᠣᠬᠤ ᠳᠤ᠂ ᠭᠠᠵᠠᠷ ᠪᠣᠯᠭᠠᠨ ᠳᠤ ᠡᠮᠴᠢᠯᠡᠭᠡᠨ ᠤ ᠦᠢᠯᠡᠴᠢᠯᠡᠭᠡᠨ ᠤ ᠰᠢᠨ᠎ᠡ ᠬᠤᠪᠢᠷᠠᠯᠲᠠ ᠶᠢ ᠣᠶᠢᠯᠠᠭᠠᠵᠤ ᠪᠣᠯᠤᠨ᠎ᠠ᠃    ᠣᠶᠢᠷ᠎ᠠ ᠳᠤ᠂ ᠰᠤᠷᠪᠤᠯᠵᠢᠯᠠᠭᠴᠢ ᠪᠠᠷᠠᠭᠤᠨ ᠵᠢᠷᠢᠮ ᠪᠠᠯᠭᠠᠰᠤᠨ ᠤ ᠰᠦᠸᠧ ᠭᠧᠨ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠲᠤ ᠬᠦᠷᠬᠦ ᠳᠤ᠂ ᠲᠣᠰᠬᠤᠨ ᠤ ᠡᠮᠴᠢ ᠴᠦᠨ ᠶᠢᠩ ᠡᠪᠡᠳᠴᠢᠲᠡᠨ ᠠᠴᠠ ᠡᠪᠡᠳᠴᠢᠨ ᠠᠰᠠᠭᠤᠵᠤ ᠪᠠᠶᠢᠯ᠎ᠠ᠃ ᠲᠡᠷᠡ ᠬᠦᠵᠦᠭᠦᠨ ᠤ ᠬᠡᠰᠡᠭ ᠤᠨ ᠨᠤᠬᠤᠯᠠᠬᠤ ᠮᠡᠷᠭᠡᠵᠢᠯ ᠢ ᠪᠣᠯᠪᠠᠰᠤᠷᠠᠩᠭᠤᠢ ᠬᠡᠷᠡᠭᠯᠡᠵᠦ᠂ ᠡᠪᠡᠳᠴᠢᠲᠡᠨ ᠳᠤ ᠢᠯᠢᠵᠦ ᠨᠤᠬᠤᠯᠠᠬᠤ᠂ ᠵᠡᠭᠦᠦ ᠲᠥᠭᠡᠨᠡᠯᠭᠡ ᠬᠢᠵᠦ᠂ ᠡᠪᠡᠳᠴᠢᠲᠡᠨ ᠤ ᠡᠪ ᠦᠭᠡᠢ ᠪᠠᠶᠢᠳᠠᠯ ᠢ ᠨᠠᠮᠳᠠᠭᠤᠯᠵᠤ᠂ ᠡᠪᠡᠳᠴᠢᠨ ᠢ ᠪᠦᠲᠦᠮᠵᠢᠲᠡᠢ ᠵᠠᠰᠠᠵᠤ ᠥᠭᠪᠡ᠃ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠨᠢ ᠨᠢᠭᠡᠳᠦᠯᠲᠡᠢ ᠡᠮ ᠤᠨ ᠵᠦᠢᠯ ᠬᠤᠳᠠᠯᠳᠤᠨ ᠠᠪᠬᠤ᠂ ᠨᠢᠭᠡᠳᠦᠯᠲᠡᠢ ᠪᠠᠷᠢᠮᠵᠢᠶ᠎ᠠ ᠪᠠᠷ ᠰᠦᠢᠳᠬᠡᠯ ᠬᠤᠷᠢᠶᠠᠬᠤ ᠶᠢ ᠬᠡᠷᠡᠭᠵᠢᠭᠦᠯᠦᠨ᠎ᠡ᠂ ᠨᠡᠩ ᠴᠢᠬᠤᠯᠠ ᠨᠢ ᠲᠣᠰᠬᠤᠨ ᠤ ᠠᠷᠠᠳ ᠡᠪᠡᠳᠴᠢᠨ ᠦᠵᠡᠭᠦᠯᠵᠦ ᠡᠮᠨᠡᠭᠦᠯᠬᠦ ᠳᠤ ᠰᠢᠭᠤᠳ ᠡᠮᠴᠢᠯᠡᠭᠡᠨ ᠤ ᠳᠠᠭᠠᠳᠬᠠᠯ ᠤᠨ ᠳᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢ ᠬᠦᠷᠲᠡᠵᠦ ᠪᠣᠯᠤᠨ᠎ᠠ᠃ ᠰᠠᠶ᠋ᠢᠬᠠᠨ ᠡᠮᠨᠡᠨ ᠵᠠᠰᠠᠵᠤ ᠳᠠᠭᠤᠰᠬᠠᠭᠰᠠᠨ ᠡᠪᠡᠳᠴᠢᠲᠡᠨ ᠾᠧ ᠱᠣ᠋ ᠮᠧᠢ ᠲᠤᠰ ᠤᠳᠠᠭᠠᠨ ᠤ ᠣᠨᠣᠰᠢᠯᠠᠨ ᠡᠮᠨᠡᠬᠦ ᠵᠠᠷᠤᠳᠠᠯ ᠨᠡᠶᠢᠲᠡ 200 ᠲᠥᠭᠦᠷᠢᠭ᠂ 60% ᠶᠢᠨ ᠳᠠᠩᠰᠠ ᠲᠠᠶᠢᠯᠬᠤ ᠬᠠᠷᠢᠴᠠᠯ ᠢᠶᠠᠷ᠂ ᠡᠮᠴᠢᠯᠡᠭᠡᠨ ᠤ ᠳᠠᠭᠠᠳᠬᠠᠯ ᠤᠨ ᠳᠠᠩᠰᠠ ᠲᠠᠶᠢᠯᠬᠤ ᠬᠠᠷᠢᠴᠠᠯ ᠢᠶᠠᠷ 120 ᠲᠥᠭᠦᠷᠢᠭ ᠥᠭᠴᠦ᠂ ᠥᠪᠡᠷ ᠢᠶᠠᠨ ᠵᠥᠪᠬᠡᠨ 80 ᠲᠥᠭᠦᠷᠢᠭ ᠥᠭᠴᠦ᠂ ︽ᠭᠡᠷ ᠤᠨ ᠡᠭᠦᠳᠡ︾ ᠳᠤ ᠰᠠᠶᠢᠨ ᠰᠠᠶᠢᠬᠠᠨ ᠡᠪᠡᠳᠴᠢᠨ ᠦᠵᠡᠭᠦᠯᠬᠦ ᠣᠶᠢᠯᠠᠭᠠᠯᠲᠠ ᠲᠠᠢ ᠪᠣᠯᠤᠭᠰᠠᠨ ᠪᠥᠭᠡᠳ ᠪᠠᠰᠠ ᠡᠮᠴᠢᠯᠡᠭᠡᠨ ᠤ ᠳᠠᠭᠠᠳᠬᠠᠯ ᠤᠨ ᠳᠠᠩᠰᠠ ᠲᠠᠶᠢᠯᠬᠤ ᠲᠥᠷᠥ ᠶᠢᠨ ᠪᠣᠳᠣᠯᠭ᠎ᠠ ᠶᠢ ᠬᠦᠷᠲᠡᠵᠦ᠂ ᠲᠡᠭᠦᠨ ᠳᠤ ᠰᠡᠳᠬᠢᠯ ᠬᠠᠨᠤᠮᠵᠢᠲᠠᠢ ᠪᠠᠶᠢᠨ᠎ᠠ᠃ ︽ᠤᠤᠯ ᠨᠢ ᠡᠪᠡᠳᠴᠢᠨ ᠦᠵᠡᠭᠦᠯᠬᠦ ᠳᠤ ᠮᠠᠰᠢ ᠬᠤᠯᠠ ᠭᠦᠶᠦᠳᠡᠭ ᠪᠠᠶᠢᠪᠠ᠂ ᠣᠳᠣ ᠮᠠᠨ ᠤ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠤᠨ ᠨᠥᠬᠦᠴᠡᠯ ᠰᠠᠶᠢᠨ ᠪᠣᠯᠵᠠᠢ᠂ ᠡᠮᠴᠢ ᠶᠢᠨ ᠡᠪᠡᠳᠴᠢᠨ ᠵᠠᠰᠠᠬᠤ ᠬᠢᠷᠢ ᠲᠦᠪᠰᠢᠨ ᠴᠦ ᠥᠨᠳᠥᠷ ᠪᠣᠯᠵᠠᠢ᠂ ᠲᠣᠯᠣᠭᠠᠢ ᠡᠪᠡᠳᠴᠦ ᠲᠠᠷᠢᠬᠢ ᠬᠠᠯᠠᠭᠤᠷᠠᠬᠤ ᠨᠢ ᠠᠳᠡ ᠪᠠᠶᠢᠪᠠᠯ ᠪᠣᠯᠴᠢᠬᠠᠨ᠎ᠠ᠂ ᠦᠨᠡᠬᠡᠷ ᠳᠥᠭᠦᠮ ᠶᠤᠮ︾ ᠭᠡᠵᠦ ᠬᠡᠯᠡᠪᠡ᠃ ᠪᠠᠷᠠᠭᠤᠨ ᠵᠢᠷᠢᠮ ᠪᠠᠯᠭᠠᠰᠤᠨ ᠤ ᠰᠦᠸᠧ ᠭᠧᠨ ᠭᠠᠴᠠᠭᠠᠨ ᠤ ᠠᠷᠠᠳ ᠾᠧ ᠱᠤ ᠮᠧᠢ ᠬᠡᠯᠡᠪᠡ᠃    ︽ᠣᠳᠣ ᠮᠠᠨ ᠤ ᠬᠥᠳᠡᠭᠡ ᠲᠣᠰᠬᠤᠨ ᠤ ᠡᠮ ᠡᠮᠨᠡᠯᠭᠡ ᠶᠢᠨ ᠪᠠᠲᠤᠯᠠᠭ᠎ᠠ ᠤᠯᠠᠮ ᠠᠴᠠ ᠤᠯᠠᠮ ᠲᠡᠭᠦᠯᠳᠡᠷᠵᠢᠵᠦ᠂ ᠲᠣᠰᠬᠤᠨ ᠤ ᠠᠷᠠᠳ ᠭᠠᠴᠠᠭᠠᠨ ᠠᠴᠠ ᠡᠪᠡᠳᠴᠢᠨ ᠦᠵᠡᠭᠦᠯᠵᠦ ᠡᠮ ᠠᠪᠴᠤ ᠪᠣᠯᠬᠤ ᠪᠠᠷ ᠪᠠᠷᠠᠬᠤ ᠦᠭᠡᠢ᠂ ᠪᠠᠰᠠ ᠡᠮ ᠡᠮᠨᠡᠯᠭᠡ ᠶᠢᠨ ᠳᠠᠭᠠᠳᠬᠠᠯ ᠤᠨ ᠳᠠᠩᠰᠠ ᠲᠠᠶᠢᠯᠬᠤ ᠦᠭᠡᠢ᠂ ᠢᠯᠠᠩᠭᠤᠶ᠎ᠠ ᠴᠢᠰᠤᠨ ᠳᠠᠷᠤᠯᠲᠠ ᠥᠨᠳᠥᠷ᠂ ᠰᠢᠬᠢᠷ ᠰᠢᠵᠢᠩ ᠡᠪᠡᠳᠴᠢᠨ᠂ ᠤᠳᠠᠭᠠᠨ ᠴᠢᠨᠠᠷᠲᠠᠢ ᠡᠪᠡᠳᠴᠢᠲᠡᠨ ᠤ ᠳᠠᠩᠰᠠ ᠲᠠᠶᠢᠯᠬᠤ ᠬᠠᠷᠢᠴᠠᠯ ᠣᠨᠴᠠᠭᠠᠢ ᠥᠨᠳᠥᠷ ᠪᠣᠯᠵᠤ᠂ ᠳᠥᠭᠦᠮ ᠮᠥᠷᠲᠡᠭᠡᠨ ᠰᠡᠳᠬᠢᠯ ᠠᠮᠤᠷ ᠪᠠᠶᠢᠨ᠎ᠠ︾ ᠭᠡᠵᠡᠢ᠃ ᠪᠠᠷᠠᠭᠤᠨ ᠵᠢᠷᠢᠮ ᠪᠠᠯᠭᠠᠰᠤᠨ ᠤ ᠰᠦᠸᠧ ᠭᠧᠨ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠤᠨ ᠡᠮᠴᠢ ᠴᠦᠨ ᠶᠢᠩ ᠬᠡᠯᠡᠪᠡ᠃ ᠪᠠᠶᠠᠨᠬᠤᠰᠢᠭᠤ ᠪᠠᠯᠭᠠᠰᠤᠨ ᠤ ᠪᠦᠳᠦᠭᠦᠨ ᠬᠤᠸᠠ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠲᠤ᠂ ᠲᠣᠰᠬᠤᠨ ᠤ ᠡᠮᠴᠢ ᠴᠢ ᠪᠦᠦ ᠵᠢᠶᠦ᠋ᠨ ᠡᠪᠡᠳᠴᠢᠲᠡᠨ ᠤ ᠴᠢᠰᠤᠨ ᠳᠠᠷᠤᠯᠲᠠ ᠶᠢ ᠬᠡᠮᠵᠢᠬᠦ᠂ ᠴᠢᠰᠤᠨ ᠰᠢᠬᠢᠷ ᠢ ᠬᠡᠮᠵᠢᠬᠦ ᠳᠤ ᠣᠨᠣᠰᠢᠯᠠᠯᠲᠠ ᠶᠢᠨ ᠦᠷ᠎ᠡ ᠳ᠋ᠦᠩ ᠢ ᠦᠨᠳᠦᠰᠦᠯᠡᠨ ᠡᠪᠡᠳᠴᠢᠲᠡᠨ ᠳᠤ ᠨᠠᠷᠢᠨ ᠨᠢᠮᠪᠠᠢ ᠲᠣᠬᠢᠷᠠᠭᠤᠯᠵᠤ ᠥᠭᠴᠡᠢ᠃ ᠲᠡᠳᠡᠭᠡᠷ ᠭᠠᠳᠠᠭᠰᠢ ᠭᠠᠷᠬᠤ ᠳᠤ ᠳᠥᠭᠦᠮ ᠦᠭᠡᠢ ᠡᠪᠡᠳᠴᠢᠲᠡᠨ ᠳᠤ᠂ ᠴᠢ ᠪᠦᠦ ᠵᠢᠶᠦ᠋ᠨ ᠶᠡᠷᠦ ᠨᠢ ᠵᠣᠪᠠᠭᠤᠷᠢ ᠵᠦᠳᠡᠭᠦᠷᠢ ᠠᠴᠠ ᠬᠠᠯᠠᠰᠢᠷᠠᠯ ᠦᠭᠡᠢ ᠡᠪᠡᠳᠴᠢᠲᠡᠨ ᠠᠴᠠ ᠯᠠᠪᠯᠠᠨ ᠠᠰᠠᠭᠤᠵᠤ᠂ ᠲᠡᠳᠡᠨ ᠳᠤ ᠬᠡᠷᠡᠭᠰᠡᠬᠦ ᠡᠮ ᠠᠪᠴᠤ ᠥᠭᠬᠦ ᠶᠢᠨ ᠬᠠᠮᠲᠤ ᠴᠠᠭ ᠲᠤᠬᠠᠢ ᠳᠤᠨᠢ ᠡᠮ ᠤᠤᠭᠤᠬᠤ ᠵᠡᠷᠭᠡ ᠠᠩᠬᠠᠷᠬᠤ ᠵᠦᠢᠯᠡᠰ ᠢ ᠨᠠᠷᠢᠨ ᠨᠢᠮᠪᠠᠢ ᠵᠠᠬᠢᠪᠠ᠃ ᠳᠤᠷᠠᠳᠤᠭᠤᠰᠢᠲᠠᠢ ᠨᠢ᠂ ᠣᠳᠣ ᠭᠠᠴᠠᠭᠠᠨ ᠤ ᠡᠷᠡᠭᠦᠯ ᠬᠠᠮᠠᠭᠠᠯᠠᠯ ᠤᠨ ᠲᠠᠰᠤᠭ ᠤᠨ ᠬᠡᠮᠵᠢᠵᠦ ᠪᠠᠶᠢᠭ᠎ᠠ ᠴᠢᠰᠤᠨ ᠰᠢᠬᠢᠷ᠂ ᠴᠢᠰᠤᠨ ᠳᠠᠷᠤᠯᠲᠠ ᠶᠢᠨ ᠲᠤᠭ᠎ᠠ ᠪᠠᠷᠢᠮᠲᠠ ᠶᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠤᠳᠠᠭᠠᠨ ᠴᠢᠨᠠᠷᠲᠠᠢ ᠡᠪᠡᠳᠴᠢᠨ ᠤ ᠬᠠᠮᠢᠶᠠᠷᠤᠯᠲᠠ ᠶᠢᠨ ᠲᠠᠪᠴᠠᠩ ᠳᠤ ᠰᠢᠭᠤᠳ ᠳᠠᠮᠵᠢᠭᠤᠯᠵᠤ ᠳᠡᠶᠢᠯᠦᠨ᠎ᠡ᠃ ᠢᠩᠭᠢᠪᠡᠯ ᠦᠨᠳᠦᠰᠦᠨ ᠱᠠᠲᠤᠨ ᠤ ᠡᠮᠴᠢᠯᠡᠭᠡᠨ ᠤ ᠲᠤᠭ᠎ᠠ ᠪᠠᠷᠢᠮᠲᠠ ᠶᠢ ᠳᠡᠭᠡᠳᠦ ᠱᠠᠲᠤᠨ ᠤ ᠲᠠᠪᠴᠠᠩ ᠲᠠᠢ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠭᠦᠯᠪᠡ᠃ ᠳᠡᠭᠡᠳᠦ ᠱᠠᠲᠤᠨ ᠤ ᠡᠮᠨᠡᠯᠭᠡ ᠶᠢᠨ ᠬᠤᠷᠢᠶᠠᠨ ᠤ ᠲᠤᠰᠬᠠᠢ ᠮᠡᠷᠭᠡᠵᠢᠯᠲᠡᠨ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠣᠯᠵᠤ ᠬᠠᠷᠠᠬᠤ ᠶᠢᠨ ᠬᠠᠮᠲᠤ ᠴᠠᠭ ᠲᠤᠬᠠᠢ ᠳᠤᠨᠢ ᠵᠢᠭᠠᠨ ᠵᠢᠯᠣᠭᠤᠳᠴᠤ ᠪᠣᠯᠤᠨ᠎ᠠ᠂ ᠡᠨᠡ ᠨᠢ ᠲᠣᠰᠬᠤᠨ ᠤ ᠡᠮᠴᠢ ᠶᠢᠨ ᠣᠨᠣᠰᠢᠯᠠᠨ ᠡᠮᠨᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠪᠠᠷ ᠪᠠᠷᠠᠬᠤ ᠦᠭᠡᠢ᠂ ᠨᠡᠩ ᠴᠤ ᠲᠣᠰᠬᠤᠨ ᠤ ᠠᠷᠠᠳ ᠤᠨ ᠡᠷᠡᠭᠦᠯ ᠮᠡᠨᠳᠦ ᠳᠤ ᠪᠠᠲᠤ ᠪᠠᠬᠢ ᠪᠠᠲᠤᠯᠠᠭ᠎ᠠ ᠬᠠᠩᠭᠠᠬᠤ ᠪᠣᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号