ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤ ︽ | ᠬᠢᠩᠭᠠᠨ ᠠᠶᠢᠮᠠᠭ ᠤᠨ ᠲᠤᠲᠤᠷᠭ᠎ᠠ︾ ᠶᠢᠨ ᠨᠡᠷᠡᠲᠦ ᠲᠥᠷᠥᠯ ᠲᠡᠮᠳᠡᠭᠲᠦ ᠶᠢᠨ ᠬᠥᠭᠵᠢᠯᠲᠡ ᠶᠢᠨ ᠳᠠᠪᠠᠭᠤᠯᠢᠭ ᠲᠤ | ᠲᠦᠰᠢᠭᠯᠡᠨ᠂ ᠬᠥᠳᠡᠭᠡ ᠲᠣᠰᠬᠤᠨ ᠤ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠬᠡᠯᠪᠡᠷᠢ ᠪᠠᠨ | ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠤᠰᠤᠨ ᠲᠤᠲᠤᠷᠭ᠎ᠠ ᠲᠠᠷᠢᠬᠤ᠂ ᠡᠳ᠋ᠰᠢᠭᠦᠯᠬᠦ ᠲᠠᠷᠢᠶᠠᠯᠠᠩ᠂ ᠨᠡᠷᠡᠲᠦ | ᠲᠥᠷᠥᠯ ᠲᠡᠮᠳᠡᠭᠲᠦ ᠶᠢ ᠡᠭᠦᠳᠦᠨ ᠪᠠᠶᠢᠭᠤᠯᠬᠤ ᠶᠢᠨ ᠬᠠᠮᠲᠤ᠂ ᠬᠥᠳᠡᠭᠡ ᠲᠣᠰᠬᠤᠨ ᠤ ᠠᠵᠤ ᠦᠢᠯᠡᠰ ᠢ | ᠠᠭᠤᠰᠤᠯᠴᠠᠭᠤᠯᠤᠨ ᠬᠥᠭᠵᠢᠭᠦᠯᠬᠦ ᠶᠢᠨ ᠠᠰᠢᠭ ᠲᠤᠰᠠ ᠶᠢᠨ ᠬᠤᠯᠪᠣᠭ᠎ᠠ ᠶᠢ ᠬᠠᠮᠲᠤᠪᠠᠷ ᠬᠦᠷᠲᠡᠬᠦ ᠲᠣᠭᠲᠠᠴᠠ ᠪᠠ | ᠠᠵᠤ ᠦᠢᠯᠡᠰ ᠢ ᠠᠭᠤᠰᠤᠯᠴᠠᠭᠤᠯᠬᠤ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠲᠠᠷᠢᠶᠠᠴᠢᠳ ᠤᠨ | ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠰᠢᠨ᠎ᠡ ᠵᠠᠭᠪᠤᠷ ᠢ ᠪᠣᠢ ᠪᠣᠯᠭᠠᠵᠤ᠂ ︽ᠨᠢᠭᠡ ᠮᠥᠬᠦᠯᠢᠭ ᠠᠮᠤ︾ ᠪᠠᠷ | ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠪᠠ᠃ | ᠳᠥᠷᠥᠯᠵᠢ ᠪᠠᠯᠭᠠᠰᠤᠨ ᠤ ᠰᠢᠶᠠᠨ ᠭᠤᠸᠠᠩ ᠭᠠᠴᠠᠭᠠᠨ ᠤ ᠫᠧᠢ ᠨᠠᠨ ᠹᠦ᠋ ᠤᠰᠤᠨ ᠲᠤᠲᠤᠷᠭ᠎ᠠ ᠲᠠᠷᠢᠬᠤ | ᠬᠤᠷᠢᠶ᠎ᠠ ᠳᠤ ᠣᠷᠣᠵᠤ᠂ ᠲᠤᠲᠤᠷᠭ᠎ᠠ ᠶᠢᠨ ᠦᠢᠯᠡᠳᠪᠦᠷᠢᠯᠡᠯ ᠤᠨ ᠲᠠᠰᠤᠭ ᠮᠠᠰᠢ ᠶᠠᠭᠠᠷᠠᠯᠲᠠᠢ ᠪᠠᠶᠢᠯ᠎ᠠ᠂ ᠵᠥᠪᠬᠡᠨ | ᠠᠵᠢᠯᠴᠢᠳ ᠤᠳᠬᠤᠭᠤᠷ ᠲᠡᠷᠭᠡ ᠪᠠᠷ ᠤᠰᠤᠨ ᠲᠤᠲᠤᠷᠭ᠎ᠠ ᠶᠢᠨ ᠬᠠᠷ᠎ᠠ ᠠᠮᠤ ᠶᠢ ᠲᠤᠲᠤᠷᠭ᠎ᠠ ᠡᠳ᠋ᠰᠢᠭᠦᠯᠬᠦ | ᠦᠢᠯᠡᠳᠪᠦᠷᠢᠯᠡᠯ ᠤᠨ ᠱᠤᠭᠤᠮ ᠳᠤ ᠬᠦᠷᠭᠡᠵᠦ᠂ ᠪᠦᠷᠢᠨ ᠠᠦ᠋ᠲ᠋ᠣᠴᠢᠯᠠᠭᠰᠠᠨ ᠲᠥᠬᠦᠭᠡᠷᠦᠮᠵᠢ ᠶᠢᠨ ᠥᠨᠳᠥᠷ | ᠪᠦᠲᠦᠮᠵᠢᠲᠡᠢ ᠠᠵᠢᠯᠯᠠᠭᠠᠨ ᠤ ᠳᠣᠣᠷ᠎ᠠ᠂ ᠨᠢᠭᠡ ᠮᠥᠬᠦᠯᠢᠭᠲᠦ ᠲᠠᠯᠠᠰᠲᠤ ᠭᠢᠯᠲᠠᠭᠠᠨᠠᠭᠰᠠᠨ ᠲᠤᠲᠤᠷᠭ᠎ᠠ ᠶᠢ | ᠪᠣᠭᠤᠳᠠᠯᠯᠠᠬᠤ ᠤᠭᠤᠲᠠᠨ ᠳᠤ ᠬᠢᠵᠦ᠂ ᠪᠣᠭᠤᠳᠠᠯᠯᠠᠬᠤ᠂ ᠲᠡᠭᠡᠭᠡᠪᠦᠷᠢᠯᠡᠬᠦ ᠵᠡᠷᠭᠡ ᠶᠠᠪᠤᠴᠠ ᠨᠢ ᠨᠢᠭᠡ ᠯᠡ | ᠠᠮᠢᠰᠬᠤᠭ᠎ᠠ ᠪᠠᠷ ᠪᠦᠷᠢᠯᠳᠦᠵᠡᠢ᠃ ᠡᠪᠦᠯ ᠤᠨ ᠤᠯᠠᠷᠢᠯ ᠳᠤ᠂ ᠣᠶᠢᠷ᠎ᠠ ᠬᠠᠪᠢ ᠶᠢᠨ ᠲᠤᠲᠤᠷᠭ᠎ᠠ ᠳᠡᠯᠭᠡᠵᠦ ᠪᠠᠶᠢᠭ᠎ᠠ | ᠲᠠᠷᠢᠶᠠᠴᠢᠳ ᠬᠤᠶᠢᠨ᠎ᠠ ᠬᠤᠶᠢᠨ᠎ᠠ ᠠᠴᠠ ᠪᠠᠨ ᠲᠤᠲᠤᠷᠭ᠎ᠠ ᠪᠠᠨ ᠡ᠊ᠨᠳᠡ ᠬᠦᠷᠭᠡᠵᠦ ᠪᠣᠯᠪᠠᠰᠤᠷᠠᠭᠤᠯᠪᠠ᠂ | ᠣᠯᠠᠨ ᠢᠶᠠᠷ ᠢᠶᠠᠨ ᠡᠨᠡ ᠵᠢᠯ ᠤᠨ ᠬᠤᠷᠢᠶᠠᠯᠲᠠ ᠪᠠᠨ ᠬᠠᠷᠢᠯᠴᠠᠨ ᠯᠠᠪᠯᠠᠨ ᠠᠰᠠᠭᠤᠬᠤ ᠪᠠᠨ ᠮᠠᠷᠲᠠᠬᠤ ᠦᠭᠡᠢ᠂ ᠦᠭᠡ | ᠶᠠᠷᠢᠶ᠎ᠠ ᠶᠢᠨ ᠳᠤᠮᠳᠠ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢᠶᠠᠷ ᠪᠢᠯᠬᠠᠵᠤ ᠪᠠᠶᠢᠯ᠎ᠠ᠃ ᠹᠦ᠋ ᠴᠢᠦ ᠪᠣᠯ | ᠭᠠᠴᠠᠭᠠᠨ ᠤ ᠣᠶᠢᠷᠠᠯᠴᠠᠭᠠᠬᠢ ᠤᠰᠤᠨ ᠲᠤᠲᠤᠷᠭ᠎ᠠ ᠲᠠᠷᠢᠬᠤ ᠲᠣᠮᠣ ᠡᠷᠦᠬᠡ ᠪᠣᠯᠤᠨ᠎ᠠ᠂ ᠲᠡᠷᠡ ᠰᠤᠷᠪᠤᠯᠵᠢᠯᠠᠭᠴᠢ ᠳᠤ | ᠬᠡᠯᠡᠬᠦ ᠳᠡᠭᠡᠨ᠂ ᠡᠳ᠋ᠰᠢᠭᠦᠯᠦᠭᠰᠡᠨ ᠤ ᠳᠠᠷᠠᠭᠠᠬᠢ ᠲᠤᠲᠤᠷᠭ᠎ᠠ ᠶᠢ ᠵᠢᠩ ᠪᠦᠷᠢ ᠳᠡᠭᠡᠨ 3 ᠲᠥᠭᠦᠷᠢᠭ ᠬᠤᠳᠠᠯᠳᠤᠨ᠎ᠠ᠂ | ᠡᠳ᠋ᠰᠢᠭᠦᠯᠦᠭᠡᠳᠦᠢ ᠲᠤᠲᠤᠷᠭ᠎ᠠ ᠠᠴᠠ ᠨᠢᠭᠡ ᠳᠠᠬᠢᠨ ᠢᠯᠡᠭᠦᠦ ᠬᠤᠳᠠᠯᠳᠤᠵᠤ ᠪᠣᠯᠤᠨ᠎ᠠ᠃ ᠡᠨᠡ ᠵᠢᠯ 400 ᠭᠠᠷᠤᠢ | ᠮᠦ ᠲᠤᠲᠤᠷᠭ᠎ᠠ ᠶᠢᠨ ᠲᠠᠷᠢ᠊ ᠡᠶ᠎ᠡ ᠲᠠᠷᠢᠵᠤ᠂ 100 ᠭᠠᠷᠤᠢ ᠲᠦᠮᠡᠨ ᠲᠥᠭᠦᠷᠢᠭ ᠤᠨ ᠣᠷᠣᠯᠭ᠎ᠠ ᠣᠯᠵᠤ᠂ ᠵᠠᠷᠤᠳᠠᠯ | 50 ᠲᠦᠮᠡᠨ ᠲᠥᠭᠦᠷᠢᠭ ᠠᠴᠠ 60 ᠲᠦᠮᠡᠨ ᠲᠥᠭᠦᠷᠢᠭ ᠦᠯᠡᠳᠡᠨ᠎ᠡ᠃ ᠥᠨᠥᠳᠦᠷ 2 ᠲᠦᠮᠡ ᠭᠠᠷᠤᠢ ᠵᠢᠩ | ᠲᠤᠲᠤᠷᠭ᠎ᠠ ᠪᠣᠯᠪᠠᠰᠤᠷᠠᠭᠤᠯᠵᠤ᠂ ᠨᠢᠭᠡ ᠪᠦᠯᠦᠭ ᠢ ᠨᠢ ᠥᠪᠡᠷ ᠢᠶᠠᠨ ᠢᠳᠡᠵᠦ᠂ ᠨᠢᠭᠡ ᠬᠡᠰᠡᠭ ᠢ ᠨᠢ ᠣᠶᠢᠷ᠎ᠠ | ᠲᠥᠷᠥᠯ ᠰᠠᠳᠤᠨ ᠳᠠᠭᠠᠨ ᠬᠦᠷᠭᠡᠭᠡᠳ ᠨᠢᠭᠡ ᠬᠡᠰᠡᠭ ᠢ ᠨᠢ ᠬᠤᠳᠠᠯᠳᠤᠵᠤ ᠥᠭᠲᠡᠭ᠃ ᠡᠨᠡ ᠵᠢᠯ ᠤᠨ ᠣᠷᠣᠯᠭ᠎ᠠ ᠶᠡᠭᠡ | ᠰᠠᠶᠢᠨ᠂ ᠪᠢ ᠲᠤᠩ ᠬᠠᠨᠤᠮᠵᠢᠲᠠᠢ ᠪᠠᠶᠢᠨ᠎ᠠ︾ ᠬᠡᠵᠤ ᠪᠠᠶᠠᠨᠬᠤᠰᠢᠭᠤ ᠪᠠᠯᠭᠠᠰᠤᠨ ᠤ ᠬᠠᠨ ᠠᠭᠤᠯᠠ ᠭᠠᠴᠠᠭᠠᠨ ᠤ | ᠠᠷᠠᠳ ᠹᠦ᠋ ᠴᠢᠦ ᠬᠡᠯᠡᠪᠡ᠃ | ᠫᠧᠢ ᠨᠠᠨ ᠹᠦ᠋ ᠪᠣᠯ ᠰᠢᠶᠠᠨ ᠭᠤᠸᠠᠩ ᠭᠠᠴᠠᠭᠠᠨ ᠤ ᠨᠠᠮ ᠤᠨ ᠡᠭᠦᠷ ᠤᠨ ᠱᠦᠵᠢ ᠪᠣᠯᠤᠨ᠎ᠠ᠂ 2013 ᠣᠨ ᠳᠤ | ᠲᠡᠷᠡ ᠲᠤᠬᠠᠢ ᠶᠢᠨ ᠭᠠᠵᠠᠷ ᠤᠨ ᠲᠣᠰᠬᠤᠨ ᠤ ᠠᠷᠠᠳ ᠲᠠᠢ ᠬᠠᠮᠲᠤᠷᠠᠨ ᠫᠧᠢ ᠨᠠᠨ ᠹᠦ᠋ ᠤᠰᠤᠨ ᠲᠤᠲᠤᠷᠭ᠎ᠠ ᠲᠠᠷᠢᠬᠤ | ᠬᠤᠷᠰᠢ᠊ ᠡᠶ᠎ᠡ ᠶᠢ ᠬᠠᠮᠲᠤ ᠪᠠᠷ ᠡᠭᠦᠳᠦᠨ ᠪᠠᠶᠢᠭᠤᠯᠵᠤ᠂ ︽ᠨᠢᠭᠡᠳᠦᠯᠲᠡᠢ ᠳᠠᠷᠢᠵᠤ ᠨᠢᠭᠡᠳᠦᠯᠲᠡᠢ ᠡᠳ᠋ᠰᠢᠭᠦᠯᠦᠨ | ᠨᠢᠭᠡᠳᠦᠯᠲᠡᠢ ᠪᠣᠷᠣᠯᠠᠭᠤᠯᠬᠤ︾ ᠬᠥᠭᠵᠢᠯᠲᠡ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠦᠢᠯᠡᠰ ᠤᠨ | ᠬᠡᠪᠴᠢᠶ᠎ᠡ ᠪᠠᠷ ᠬᠠᠮᠤᠭ ᠤᠨ ᠠᠩᠬᠠᠨ ᠤ 5 ᠡᠷᠦᠬᠡ ᠲᠠᠷᠢᠬᠤ ᠳᠤ ᠣᠷᠣᠯᠴᠠᠭᠰᠠᠨ ᠠᠴᠠ 50 ᠡᠷᠦᠬᠡ ᠬᠠᠮᠲᠤ ᠪᠠᠷ | ᠳᠠᠷᠢᠪᠠ᠃ ᠵᠢᠶᠠᠩ ᠰᠢᠶᠠ ᠪᠣᠯ ᠳᠠᠷᠤᠢ ᠮᠠᠰᠢ ᠣᠯᠠᠨ ᠲᠠᠷᠢᠶᠠᠴᠢᠨ ᠡᠷᠦᠬᠡ ᠶᠢᠨ ᠨᠢᠭᠡ ᠮᠥᠨ᠂ ᠬᠤᠷᠰᠢᠶᠠᠵᠢᠯ ᠳᠤ | ᠣᠷᠣᠯᠴᠠᠭᠰᠠᠨ ᠠᠴᠠ ᠨᠠᠰᠢ᠂ ᠪᠦᠬᠦ ᠶᠠᠪᠤᠴᠠ ᠳᠤ ᠥᠪᠡᠷ ᠤᠨ ᠰᠠᠨᠠᠭ᠎ᠠ ᠵᠣᠪᠠᠭ᠋ᠤ ᠴᠢᠬᠤᠯᠠ ᠦᠭᠡᠢ ᠮᠥᠷᠲᠡᠭᠡᠨ ᠵᠢᠯ | ᠪᠦᠷᠢ ᠶᠢᠨ ᠣᠯᠵᠤ ᠣᠯᠤᠭᠰᠠᠨ ᠠᠰᠢᠭ ᠬᠤᠪᠢᠶᠠᠷᠢᠯᠠᠯᠲᠠ ᠨᠢ ᠴᠦ ᠥᠪᠡᠷ ᠤᠨ ᠲᠠᠷᠢᠮᠠᠯ ᠤᠨ ᠣᠷᠣᠯᠭ᠎ᠠ ᠠᠴᠠ ᠪᠠᠨ | ᠪᠠᠭ᠎ᠠ ᠪᠤᠰᠤ ᠪᠠᠶᠢᠳᠠᠭ᠂ ᠡᠨᠡ ᠨᠢ ᠲᠡᠭᠦᠨ ᠤ ᠰᠡᠳᠬᠢᠯ ᠳᠤ ᠮᠠᠰᠢ ᠪᠠᠶᠠᠰᠤᠯᠲᠠᠢ ᠪᠣᠯᠵᠠᠢ᠃ | ᠲᠤᠲᠤᠷᠭ᠎ᠠ ᠶᠢᠨ ᠪᠣᠷᠣᠯᠠᠭᠤᠯᠭ᠎ᠠ ᠶᠢᠨ ᠵᠠᠮ ᠢ ᠥᠷᠭᠡᠳᠬᠡᠬᠦ ᠶᠢᠨ ᠲᠥᠯᠥᠭᠡ᠂ ᠫᠧᠢ ᠨᠠᠨ ᠹᠦ᠋ ᠪᠡᠶ᠎ᠡ ᠪᠠᠨ | ᠳᠠᠭᠠᠭᠠᠭᠰᠠᠨ ᠨᠡᠷᠡᠲᠦ ᠲᠡᠮᠳᠡᠭᠲᠦ ᠶᠢᠨ ︽ᠨᠠᠨ ᠹᠦ᠋ ᠰᠢᠶᠠᠨ ᠭᠤᠸᠠᠩ︾ ᠢ ᠪᠠᠶᠢᠭᠤᠯᠬᠤ ᠶᠢᠨ ᠬᠠᠮᠲᠤ ᠠᠵᠤ | ᠠᠬᠤᠶᠢᠯᠠᠯ᠂ ᠡᠷᠭᠢᠨ ᠲᠣᠭᠤᠷᠢᠨ ᠤ ᠬᠤᠳᠠᠯᠳᠤᠭᠠᠨ ᠤ ᠳᠡᠯᠭᠡᠭᠦᠷ᠂ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢᠨ | ᠲᠠᠪᠴᠠᠩ ᠲᠠᠢ ᠢᠳᠡᠪᠬᠢᠲᠡᠢ ᠬᠠᠮᠲᠤᠷᠠᠯᠴᠠᠵᠤ᠂ ︽ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ︾ ᠶᠢ | ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠥᠪᠡᠷ ᠢᠶᠠᠨ ᠦᠢᠯᠡᠳᠪᠦᠷᠢᠯᠡᠵᠦ ᠥᠪᠡᠷ ᠢᠶᠠᠨ | ᠪᠣᠷᠣᠯᠠᠭᠤᠯᠬᠤ ᠶᠢ ᠪᠡᠶᠡᠯᠡᠭᠦᠯᠪᠡ᠃ ᠴᠠᠭᠠᠷᠠᠭᠰᠠᠨ ᠭᠠᠷᠤᠯᠲᠠ ᠪᠠ ᠶᠠᠰᠤ ᠴᠢᠨᠠᠷ ᠲᠤ ᠲᠦᠰᠢᠭᠯᠡᠨ᠂ | ᠪᠣᠷᠣᠯᠠᠭᠤᠯᠭ᠎ᠠ ᠶᠢᠨ ᠬᠡᠮᠵᠢᠶ᠎ᠡ ᠲᠠᠰᠤᠷᠠᠯᠲᠠ ᠥᠬᠡᠶ ᠨᠡᠮᠡᠭᠳᠡᠵᠦ᠂ 2024 ᠣᠨ ᠳᠤ ᠬᠤᠷᠰᠢᠶ᠎ᠠ ᠠᠴᠠ 1000 | ᠲᠣᠨ ᠲᠤᠲᠤᠷᠭ᠎ᠠ ᠪᠣᠯᠪᠠᠰᠤᠷᠠᠭᠤᠯᠵᠤ᠂ 100 ᠲᠦᠮᠡᠨ ᠲᠥᠭᠦᠷᠢᠭ ᠬᠤᠳᠠᠯᠳᠤᠨ᠎ᠠ᠃ ᠳᠥᠷᠥᠯᠵᠢ ᠪᠠᠯᠭᠠᠰᠤᠨ ᠤ | ᠰᠢᠶᠠᠨ ᠭᠤᠸᠠᠩ ᠭᠠᠴᠠᠭᠠᠨ ᠤ ᠨᠠᠮ ᠤᠨ ᠡᠭᠦᠷ ᠤᠨ ᠱᠦᠵᠢ ᠫᠧᠢ ᠨᠠᠨ ᠹᠦ᠋᠄ ︽ᠣᠳᠣᠬᠠᠨ ᠳᠤ᠂ ᠮᠠᠨ ᠤ ᠬᠤᠷᠰᠢ᠊ | ᠡᠶ᠎ᠡ 50 ᠭᠠᠷᠤᠢ ᠡᠷᠦᠬᠡ ᠲᠠᠷᠢᠬᠤ ᠳᠤ ᠣᠷᠣᠯᠴᠠᠵᠤ᠂ ᠨᠢᠭᠡᠳᠦᠯᠲᠡᠢ ᠬᠤᠳᠠᠯᠳᠤᠨ ᠠᠪᠴᠤ᠂ ᠨᠢᠭᠡᠳᠦᠯᠲᠡᠢ | ᠪᠣᠷᠣᠯᠠᠭᠤᠯᠬᠤ ᠶᠢᠨ ᠬᠠᠮᠲᠤ ᠵᠠᠬᠢᠶᠠᠯᠠᠭ᠎ᠠ ᠪᠠᠷ ᠲᠠᠷᠢᠬᠤ ᠪᠠᠷ ᠳᠠᠮᠵᠢᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ | ᠭᠠᠳᠠᠨᠠᠬᠢ ᠠᠷᠭ᠎ᠠ ᠮᠠᠶ᠋ᠢᠭ ᠢᠶᠠᠷ ᠪᠣᠷᠣᠯᠠᠭᠤᠯᠭ᠎ᠠ ᠶᠢ ᠪᠠᠲᠤᠯᠠᠵᠤ᠂ ᠣᠳᠣᠬᠠᠨ ᠳᠤ᠂ ᠡᠷᠦᠬᠡ ᠪᠦᠷᠢ ᠶᠢᠨ ᠵᠢᠯ | ᠪᠦᠷᠢ ᠶᠢᠨ ᠣᠷᠣᠯᠭ᠎ᠠ 5000 ᠲᠥᠭᠦᠷᠢᠭ 6000 ᠲᠥᠭᠦᠷᠢᠭ ᠪᠣᠯᠤᠨ᠎ᠠ︾ ᠭᠡᠵᠡᠢ᠃ ᠣᠳᠣᠬᠠᠨ ᠳᠤ᠂ | ᠳᠥᠷᠥᠯᠵᠢ ᠪᠠᠯᠭᠠᠰᠤᠨ ᠤ ᠤᠰᠤᠨ ᠲᠤᠲᠤᠷᠭ᠎ᠠ ᠶᠢᠨ ᠠᠵᠤ ᠦᠢᠯᠡᠰ ᠨᠢᠭᠡᠨᠲᠡ ᠮᠠᠯᠴᠢᠨ ᠲᠠᠷᠢᠶᠠᠴᠢᠨ ᠤ ᠣᠷᠣᠯᠭ᠎ᠠ ᠶᠢ | ᠨᠡᠮᠡᠭᠳᠡᠭᠦᠯᠦᠨ ᠪᠠᠶᠠᠵᠢᠭᠤᠯᠬᠤ ᠭᠤᠣᠯᠯᠠᠬᠤ ᠠᠵᠤ ᠦᠢᠯᠡᠰ ᠪᠣᠯᠵᠣ᠂ 2024 ᠣᠨ ᠳᠤ ᠳᠥᠷᠥᠯᠵᠢ ᠪᠠᠯᠭᠠᠰᠤᠨ ᠤ | ᠤᠰᠤᠨ ᠲᠤᠲᠤᠷᠭ᠎ᠠ 4.1 ᠲᠦᠮᠡᠨ ᠮᠦ ᠲᠠᠷᠢᠵᠤ᠂ ᠮᠦ ᠪᠦᠷᠢ ᠶᠢᠨ ᠳᠤᠮᠳᠠᠴᠢ ᠤᠨᠠᠯᠲᠠ 1500 ᠵᠢᠩ᠂ ᠤᠰᠤᠨ | ᠲᠤᠲᠤᠷᠭ᠎ᠠ ᠶᠢᠨ ᠶᠡᠷᠦᠩᠬᠡᠢ ᠣᠷᠣᠯᠭ᠎ᠠ 0.76 ᠳ᠋ᠦᠩᠰᠢᠭᠤᠷ ᠲᠥᠭᠦᠷᠢᠭ᠂ ᠬᠥᠮᠦᠨ ᠳᠤᠮᠳᠠᠴᠢ ᠶᠢᠨ ᠣᠷᠣᠯᠭ᠎ᠠ 2. | 46 ᠲᠦᠮᠡᠨ ᠲᠥᠭᠦᠷᠢᠭ ᠲᠤ ᠬᠦᠷᠴᠡᠢ᠃ |