ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠦᠬᠦ ᠬᠤᠰᠢᠭᠤᠨ ᠤ ᠠᠯᠪᠠᠨ ᠲᠤᠰᠢᠶᠠᠯᠲᠠᠨ ᠤ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠵᠢᠴᠢ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/12/5
    12 ᠰᠠᠷ᠎ᠠ ᠶᠢᠨ 4 ᠤ ᠡᠳᠦᠷ ᠪᠣᠯ ᠠᠷᠪᠠᠨ ᠨᠢᠭᠡᠳᠦᠭᠡᠷ ︽ᠤᠯᠤᠰ ᠤᠨ ᠦᠨᠳᠦᠰᠦᠨ ᠬᠠᠤᠯᠢ ᠶᠢᠨ ᠡᠳᠦᠷ︾ ᠪᠣᠯᠤᠨ᠎ᠠ᠂ 12 ᠰᠠᠷ᠎ᠠ ᠶᠢᠨ 1 ᠤ ᠡᠳᠦᠷ ᠠᠴᠠ 7 ᠤ ᠡᠳᠦᠷ ᠪᠣᠯᠲᠠᠯ᠎ᠠ ᠳᠣᠯᠣᠳᠤᠭᠠᠷ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠪᠣᠯᠤᠨ᠎ᠠ᠂ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠪᠦᠬᠦ ᠬᠤᠰᠢᠭᠤᠨ ᠤ ᠠᠯᠪᠠᠨ ᠲᠤᠰᠢᠶᠠᠯᠲᠠᠨ ᠤ ᠦᠨᠳᠦᠰᠦᠨ ᠬᠠᠤᠯᠢ ᠶᠢᠨ ᠤᠬᠠᠮᠰᠠᠷ ᠢ ᠴᠢᠩᠭᠠᠳᠬᠠᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠬᠤ ᠶᠢᠨ ᠲᠥᠯᠥᠭᠡ᠂ 12 ᠰᠠᠷ᠎ᠠ ᠶᠢᠨ 4 ᠤ ᠡᠳᠦᠷ᠂ ︽ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢ ᠠᠬᠢᠭᠤᠯᠬᠤ ︾ ᠪᠠᠷ ᠭᠤᠣᠯ ᠰᠡᠳᠦᠪ ᠪᠣᠯᠭᠠᠭᠰᠠᠨ ᠪᠦᠬᠦ ᠬᠤᠰᠢᠭᠤᠨ ᠤ ᠠᠯᠪᠠᠨ ᠲᠤᠰᠢᠶᠠᠯᠲᠠᠨ ᠤ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠵᠢᠴᠢ ︽ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠪᠦᠬᠦ ᠬᠤᠰᠢᠭᠤᠨ ᠤ 300 ᠭᠠᠷᠤᠢ ᠠᠯᠪᠠᠨ ᠲᠤᠰᠢᠶᠠᠯᠲᠠᠨ ᠬᠤᠷᠴᠢᠨ ᠤ ᠰᠤᠷᠲᠠᠯ ᠤᠬᠠᠭᠤᠯᠭ᠎ᠠ ᠰᠣᠶᠣᠯ ᠤᠨ ᠲᠥᠪ ᠤᠨ ᠶᠣᠰᠣᠯᠠᠯ ᠤᠨ ᠲᠠᠩᠬᠢᠮ ᠳᠤ ᠬᠠᠮᠲᠤ ᠪᠠᠷ ᠲᠠᠩᠭᠠᠷᠢᠭᠯᠠᠪᠠ᠃    ᠲᠤᠬᠠᠢ ᠶᠢᠨ ᠲᠠᠯᠠᠪᠠᠢ ᠳᠤ ᠪᠠᠶᠢᠭᠰᠠᠨ ᠬᠥᠮᠦᠰ ᠲᠥᠪ ᠴᠢᠩᠭ᠎ᠠ ᠪᠠᠷ ᠲᠠᠩᠭᠠᠷᠢᠭᠯᠠᠪᠠ᠃ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠲᠤᠬᠠᠢ ᠶᠢᠨ ᠲᠠᠯᠠᠪᠠᠢ ᠳᠤ ᠪᠠᠶᠢᠭᠰᠠᠨ ᠠᠯᠪᠠᠨ ᠲᠤᠰᠢᠶᠠᠯᠲᠠᠨ ᠤ ᠪᠠᠷᠠᠭᠤᠨ ᠭᠠᠷ ᠢ ᠴᠢᠩᠭ᠎ᠠ ᠠᠳᠬᠤᠵᠤ᠂ ᠦᠨᠳᠦᠰᠦᠨ ᠬᠠᠤᠯᠢ ᠳᠤ ᠲᠠᠩᠭᠠᠷᠢᠭᠯᠠᠪᠠ᠃ ᠡᠷᠡᠰ ᠪᠠᠲᠤ ᠲᠠᠩᠭᠠᠷᠢᠭ ᠨᠢ ᠦᠨᠳᠦᠰᠦᠨ ᠬᠠᠤᠯᠢ ᠳᠤ ᠲᠠᠩᠭᠠᠷᠢᠭᠯᠠᠭᠰᠠᠨ ᠲᠥᠪ ᠴᠢᠩᠭ᠎ᠠ ᠠᠮᠠᠯᠠᠯᠲᠠ ᠪᠣᠯᠬᠤ ᠪᠠᠷ ᠪᠠᠷᠠᠬᠤ ᠦᠭᠡᠢ᠂ ᠪᠠᠰᠠ ᠪᠦᠬᠦ ᠬᠤᠰᠢᠭᠤᠨ ᠤ ᠠᠯᠪᠠᠨ ᠲᠤᠰᠢᠶᠠᠯᠲᠠᠨ ᠤ ᠦᠨᠳᠦᠰᠦᠨ ᠬᠠᠤᠯᠢ ᠶᠢ ᠬᠦᠨᠳᠦᠳᠬᠡᠨ ᠪᠢᠰᠢᠷᠡᠬᠦ ᠪᠠ ᠬᠦᠨᠳᠦᠳᠬᠡᠬᠦ ᠵᠢᠴᠢ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠬᠤ᠂ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠬᠤ ᠡᠷᠡᠰ ᠵᠣᠷᠢᠭ ᠢ ᠭᠦᠢᠴᠡᠳ ᠢᠯᠡᠳᠬᠡᠪᠡ᠃ ᠦᠨᠳᠦᠰᠦᠨ ᠬᠠᠤᠯᠢ ᠶᠢᠨ ᠲᠤᠰᠬᠠᠢ ᠰᠡᠳᠦᠪᠲᠦ ᠲᠠᠶᠢᠯᠤᠮᠵᠢ ᠬᠢᠬᠦ᠃ ᠳᠠᠷᠠᠭ᠎ᠠ ᠨᠢ ᠶᠠᠪᠤᠭᠳᠠᠭᠰᠠᠨ ᠦᠨᠳᠦᠰᠦᠨ ᠬᠠᠤᠯᠢ ᠶᠢᠨ ᠲᠤᠰᠬᠠᠢ ᠰᠡᠳᠦᠪᠲᠦ ᠲᠠᠶᠢᠯᠤᠮᠵᠢ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠳ ᠮᠠᠨ ᠤ ᠤᠯᠤᠰ ᠤᠨ ᠦᠨᠳᠦᠰᠦᠨ ᠬᠠᠤᠯᠢ ᠶᠢ ᠲᠣᠭᠲᠠᠭᠠᠬᠤ ᠵᠢᠴᠢ ᠬᠥᠭᠵᠢᠭᠦᠯᠦᠨ ᠲᠡᠭᠦᠯᠳᠡᠷᠵᠢᠭᠦᠯᠦᠭᠰᠡᠨ ᠥᠩᠭᠡᠷᠡᠯᠲᠡ ᠵᠡᠷᠭᠡ ᠠᠭᠤᠯᠭ᠎ᠠ ᠶᠢ ᠨᠠᠷᠢᠨ ᠲᠣᠳᠣᠷᠬᠠᠢ ᠥᠭᠦᠯᠡᠵᠦ᠂ ᠣᠯᠠᠨ ᠤ ᠦᠨᠳᠦᠰᠦᠨ ᠬᠠᠤᠯᠢ ᠶᠢᠨ ᠲᠤᠬᠠᠢ ᠣᠶᠢᠯᠠᠭᠠᠯᠲᠠ ᠪᠠ ᠣᠶᠢᠯᠠᠭᠠᠯᠲᠠ ᠪᠠᠨ ᠭᠦᠨᠵᠡᠭᠡᠶᠢᠷᠡᠭᠦᠯᠵᠦ᠂ ᠣᠯᠠᠨ ᠢ ᠬᠠᠪᠰᠤᠷᠤᠨ ᠰᠢᠨ᠎ᠡ ᠴᠠᠭ ᠦᠶ᠎ᠡ ᠳᠤ ᠪᠦᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠬᠤ ᠶᠢᠨ ᠴᠢᠬᠤᠯᠠ ᠶᠡᠭᠡ ᠠᠴᠢ ᠬᠤᠯᠪᠣᠭᠳᠠᠯ ᠪᠠ ᠡᠭᠦᠷᠭᠡ ᠶᠢ ᠨᠡᠩ ᠭᠦᠨᠵᠡᠭᠡᠢ ᠣᠶᠢᠯᠠᠭᠠᠭᠤᠯᠤᠨ ᠡᠵᠡᠮᠰᠢᠭᠦᠯᠪᠡ᠃ ︽ᠤᠯᠤᠰ ᠤᠨ ᠦᠨᠳᠦᠰᠦᠨ ᠬᠠᠤᠯᠢ ᠶᠢᠨ ᠡᠳᠦᠷ︾ ᠪᠣᠯ ᠪᠦᠬᠦ ᠨᠡᠶᠢᠭᠡᠮ ᠤᠨ ᠦᠨᠳᠦᠰᠦᠨ ᠬᠠᠤᠯᠢ ᠶᠢᠨ ᠤᠬᠠᠮᠰᠠᠷ ᠢ ᠴᠢᠩᠭᠠᠳᠬᠠᠵᠤ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠦᠨᠳᠦᠰᠦᠨ ᠬᠠᠤᠯᠢ ᠶᠢᠨ ᠬᠡᠷᠡᠭᠵᠢᠭᠦᠯᠦᠯᠲᠡ ᠶᠢ ᠴᠢᠩᠭᠠᠳᠬᠠᠵᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠬᠤ ᠶᠢᠨ ᠲᠥᠯᠥᠭᠡ ᠶᠤᠮ᠂ ᠬᠠᠷᠢᠨ ᠵᠢᠯ ᠪᠦᠷᠢ ᠶᠢᠨ 12 ᠰᠠᠷ᠎ᠠ ᠶᠢᠨ 4 ᠤ ᠡᠳᠦᠷ ᠪᠠᠶᠢᠭᠤᠯᠤᠭᠰᠠᠨ ᠪᠠᠶᠠᠷ ᠤᠨ ᠡᠳᠦᠷ ᠪᠣᠯᠤᠨ᠎ᠠ᠃ ᠡᠭᠦᠨ ᠤ ᠬᠠᠮᠲᠤ᠂ ᠡᠨᠡ ᠵᠢᠯ ᠤᠨ 12 ᠰᠠᠷ᠎ᠠ ᠶᠢᠨ 1 ᠤ ᠡᠳᠦᠷ ᠠᠴᠠ 7 ᠤ ᠡᠳᠦᠷ ᠪᠣᠯ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠭᠠᠷᠠᠭ︾ ᠮᠥᠨ᠃ ᠵᠠᠯᠭᠠᠭᠠᠳ᠂ ᠪᠦᠬᠦ ᠬᠤᠰᠢᠭᠤᠨ ᠤ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠲᠤᠰ ᠭᠠᠷᠠᠭ ᠲᠤ ᠡᠯᠪᠡᠭ ᠪᠠᠶᠠᠯᠢᠭ ᠬᠡᠯᠪᠡᠷᠢ ᠶᠢᠨ ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠠᠯᠭᠠᠭ᠎ᠠ ᠪᠠᠷ ᠥᠷᠨᠢᠭᠦᠯᠵᠦ᠂ ᠦᠨᠳᠦᠰᠦᠨ ᠬᠠᠤᠯᠢ ᠶᠢᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠤᠨ᠂ ᠬᠠᠤᠯᠢ ᠶᠢ ᠬᠦᠨᠳᠦᠳᠬᠡᠬᠦ ᠬᠠᠤᠯᠢ ᠶᠢ ᠰᠤᠷᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠭᠦᠨ ᠵᠤᠵᠠᠭᠠᠨ ᠬᠠᠤᠯᠢᠵᠢᠯ ᠤᠨ ᠠᠭᠤᠷ ᠠᠮᠢᠰᠬᠤᠯ ᠢ ᠪᠣᠢ ᠪᠣᠯᠭᠠᠬᠤ ᠪᠣᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号