︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠴᠡᠷᠢᠭ ᠤᠨ ᠠᠯᠪᠠᠨ ᠤ ᠬᠠᠤᠯᠢ︾᠂ ︽ᠴᠡᠷᠢᠭ | ᠡᠯᠰᠡᠬᠦ ᠠᠵᠢᠯ ᠤᠨ ᠳᠦᠷᠢᠮ︾᠂ ︽ᠬᠠᠤᠯᠢ ᠶᠣᠰᠣᠭᠠᠷ ᠴᠡᠷᠢᠭ ᠡᠯᠰᠡᠬᠦ ᠠᠵᠢᠯ ᠢ ᠴᠢᠩᠭ᠎ᠠ ᠨᠠᠶᠢᠳᠠᠪᠤᠷᠢᠵᠢᠭᠤᠯᠬᠤ | ᠲᠤᠬᠠᠢ ᠰᠠᠨᠠᠯ ᠤᠳ︾ ᠤᠨ ᠲᠣᠭᠲᠠᠭᠠᠯ ᠢ ᠦᠨᠳᠦᠰᠦᠯᠡᠨ᠂ ᠡᠳᠦᠭᠡ 2025 ᠣᠨ ᠤ ᠴᠡᠷᠢᠭ ᠤᠨ ᠠᠯᠪᠠ ᠶᠢ | ᠳᠠᠩᠰᠠᠯᠠᠬᠤ ᠬᠤᠯᠪᠣᠭᠳᠠᠯ ᠪᠦᠬᠦᠢ ᠵᠦᠢᠯᠡᠰ ᠢ ᠳᠣᠣᠷᠠᠬᠢ ᠮᠡᠲᠦ ᠵᠠᠷᠯᠠᠶ᠎ᠠ᠄ | ᠨᠢᠭᠡ᠂ ᠳᠠᠩᠰᠠᠯᠠᠬᠤ ᠡᠲᠡᠭᠡᠳ᠃ 2025 ᠣᠨ ᠤ ᠴᠡᠷᠢᠭ ᠤᠨ ᠠᠯᠪᠠ ᠶᠢ ᠳᠠᠩᠰᠠᠯᠠᠬᠤ ᠠᠵᠢᠯ ᠨᠢ 2025 | ᠣᠨ ᠤ 1 ᠰᠠᠷ᠎ᠠ ᠶᠢᠨ 1 ᠤ ᠡᠳᠦᠷ ᠠᠴᠠ ᠵᠢᠩᠬᠢᠨᠢ ᠪᠠᠷ ᠡᠬᠢᠯᠡᠨ᠎ᠡ᠃ ᠮᠠᠨ ᠤ ᠬᠤᠰᠢᠭᠤᠨ ᠤ ᠡᠷᠦᠬᠡ ᠠᠮᠠ ᠶᠢᠨ | ᠳᠠᠩᠰᠠ᠂ 2025 ᠣᠨ ᠤ 12 ᠰᠠᠷ᠎ᠠ ᠶᠢᠨ 31 ᠤ ᠡᠳᠦᠷ ᠠᠴᠠ ᠡᠮᠦᠨ᠎ᠡ ᠪᠦᠬᠦᠯᠢ 18 ᠨᠠᠰᠤ ᠬᠦᠷᠦᠭᠰᠡᠨ | ᠡᠷᠡᠭᠲᠡᠢ ᠠᠷᠠᠳ ᠢᠷᠭᠡᠨ ︵2007 ᠣᠨ ᠤ 1 ᠰᠠᠷ᠎ᠠ ᠶᠢᠨ 1 ᠤ ᠡᠳᠦᠷ ᠠᠴᠠ 2007 ᠣᠨ ᠤ 12 ᠰᠠᠷ᠎ᠠ ᠶᠢᠨ | 31 ᠤ ᠡᠳᠦᠷ ᠪᠣᠯᠲᠠᠯ᠎ᠠ ᠲᠥᠷᠥᠭᠰᠡᠨ ᠪᠠᠶᠢᠪᠠᠯ᠂ ᠴᠥᠮ ᠬᠠᠤᠯᠢ ᠶᠣᠰᠣᠭᠠᠷ ᠴᠡᠷᠢᠭ ᠤᠨ ᠠᠯᠪᠠᠨ ᠤ | ᠳᠠᠩᠰᠠᠯᠠᠯᠲᠠ ᠶᠢᠨ ᠡᠭᠦᠷᠭᠡ ᠪᠠᠨ ᠭᠦᠢᠴᠡᠳᠬᠡᠬᠦ ᠬᠡᠷᠡᠭᠲᠡᠢ᠃ ᠨᠢᠭᠡᠨᠲᠡ ᠴᠡᠷᠢᠭ ᠤᠨ ᠠᠯᠪᠠᠨ ᠤ ᠳᠠᠩᠰᠠᠯᠠᠯᠲᠠ ᠶᠢ | ᠥᠩᠭᠡᠷᠡᠭᠡᠵᠦ᠂ ᠴᠡᠷᠢᠭ ᠲᠤ ᠣᠷᠣᠬᠤ ᠰᠠᠨᠠᠭ᠎ᠠ ᠲᠠᠢ ᠪᠣᠯ ᠰᠢᠭᠤᠳ ᠰᠦᠯᠵᠢᠶᠡᠨ ᠳᠡᠭᠡᠷ᠎ᠡ ᠴᠡᠷᠢᠭ ᠲᠤ ᠣᠷᠣᠬᠤ ᠪᠠᠷ | ᠨᠡᠷ᠎ᠡ ᠮᠡᠳᠡᠭᠦᠯᠵᠦ ᠪᠣᠯᠤᠨ᠎ᠠ᠃ | ᠬᠤᠶᠠᠷ᠂ ᠳᠠᠩᠰᠠᠯᠠᠬᠤ ᠳᠡᠰ ᠳᠠᠷᠠᠭᠠᠯᠠᠯ᠃ 6 ᠰᠠᠷ᠎ᠠ ᠶᠢᠨ 30 ᠤ ᠡᠳᠦᠷ ᠠᠴᠠ ᠡᠮᠦᠨ᠎ᠡ ︽ᠪᠦᠬᠦ ᠤᠯᠤᠰ ᠤᠨ | ᠴᠡᠷᠢᠭ ᠡᠯᠰᠡᠬᠦ ᠰᠦᠯᠵᠢᠶ᠎ᠡ︾ ︵ᠰᠦᠯᠵᠢᠶᠡᠨ ᠤ ᠬᠠᠶ᠋ᠢᠭ᠄ http://www.gfbzb.gov.cn︶ ᠳᠤ | ᠣᠷᠣᠵᠤ ᠰᠦᠯᠵᠢᠶᠡᠨ ᠳᠡᠭᠡᠷᠡᠬᠢ ᠴᠡᠷᠢᠭ ᠤᠨ ᠠᠯᠪᠠᠨ ᠤ ᠳᠠᠩᠰᠠᠯᠠᠯᠲᠠ ᠬᠢᠪᠡ᠃ ᠰᠦᠯᠵᠢᠶᠡᠨ ᠳᠤ ᠭᠠᠷᠬᠤ ᠶᠢᠨ | ᠠᠷᠭ᠎ᠠ ᠦᠭᠡᠢ ᠪᠣᠯ᠂ ᠰᠤᠮᠤ ︵ᠪᠠᠯᠭᠠᠰᠤ︶᠂ ᠲᠠᠷᠢᠶᠠᠯᠠᠩ ︵ᠮᠠᠯ ᠠᠵᠤ ᠠᠬᠤᠢ︶ ᠤᠨ ᠵᠡᠪᠰᠡᠭᠲᠦ ᠬᠦᠴᠦᠨ ᠤ | ᠬᠡᠯᠲᠡᠰ ᠪᠤᠶᠤ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠠᠢ ᠬᠠᠷᠢᠯᠴᠠᠵᠤ᠂ ᠠᠵᠢᠯᠲᠠᠳ | ᠬᠠᠪᠰᠤᠷᠤᠨ ᠰᠦᠯᠵᠢᠶᠡᠨ ᠳᠤ ᠭᠠᠷᠴᠤ ᠳᠠᠩᠰᠠᠯᠠᠭᠤᠯᠵᠤ ᠪᠣᠯᠤᠨ᠎ᠠ᠃ ᠪᠠᠶᠠᠨᠬᠤᠰᠢᠭᠤ ᠪᠠᠯᠭᠠᠰᠤᠨ ᠤ ᠳᠣᠲᠣᠷ᠎ᠠ | ᠰᠠᠭᠤᠷᠢᠰᠢᠵᠤ ᠪᠠᠶᠢᠭ᠎ᠠ ᠬᠤᠲᠠ ᠪᠠᠯᠭᠠᠰᠤᠨ ᠤ ᠡᠷᠦᠬᠡ ᠠᠮᠠ ︵ᠬᠤᠲᠠ ᠪᠠᠯᠭᠠᠰᠤᠨ ᠤ ᠡᠷᠦᠬᠡ ᠠᠮᠠ︶ ᠶᠢ | ᠳᠠᠩᠰᠠᠯᠠᠬᠤ ᠭᠠᠵᠠᠷ ᠪᠠ ᠴᠡᠷᠢᠭ ᠲᠤ ᠡᠯᠰᠡᠭᠳᠡᠬᠦ ᠨᠡᠷ᠎ᠡ ᠮᠡᠳᠡᠭᠦᠯᠬᠦ ᠭᠠᠵᠠᠷ ᠨᠢ ︽ᠨᠠᠮ ᠪᠠ ᠣᠯᠠᠨ ᠲᠦᠮᠡᠨ ᠤ | ᠦᠢᠯᠡᠴᠢᠯᠡᠭᠡᠨ ᠤ ᠲᠥᠪ︾ ᠪᠠᠶᠢᠵᠤ᠂ ᠪᠠᠶᠠᠨᠬᠤᠰᠢᠭᠤ ᠪᠠᠯᠭᠠᠰᠤᠨ ᠤ ᠳᠣᠲᠣᠷᠠᠬᠢ ᠬᠤᠲᠠ ᠪᠠᠯᠭᠠᠰᠤᠨ ᠤ ᠪᠤᠰᠤ | ᠡᠷᠦᠬᠡ ᠠᠮᠠ ᠶᠢᠨ ᠳᠠᠩᠰᠠ ︵ᠬᠥᠳᠡᠭᠡ ᠲᠣᠰᠬᠤᠨ ᠤ ᠡᠷᠦᠬᠡ ᠠᠮᠠ︶ ᠲᠠᠢ ᠳᠠᠩᠰᠠᠯᠠᠬᠤ ᠭᠠᠵᠠᠷ ᠪᠠ ᠴᠡᠷᠢᠭ ᠲᠤ | ᠡᠯᠰᠡᠭᠳᠡᠬᠦ ᠨᠡᠷ᠎ᠡ ᠮᠡᠳᠡᠭᠦᠯᠬᠦ ᠭᠠᠵᠠᠷ ᠨᠢ ᠪᠣᠳᠠᠲᠠᠢ ᠡᠷᠦᠬᠡ ᠠᠮᠠ ᠶᠢᠨ ᠳᠠᠩᠰᠠ ᠪᠠᠶᠢᠭ᠎ᠠ ᠰᠤᠮᠤ ︵ᠪᠠᠯᠭᠠᠰᠤ︶᠂ | ᠲᠠᠷᠢᠶᠠᠯᠠᠩ ︵ᠮᠠᠯ ᠠᠵᠤ ᠠᠬᠤᠢ︶ ᠶᠢᠨ ᠲᠠᠯᠠᠪᠠᠢ ᠪᠣᠯᠤᠨ᠎ᠠ᠃ | ᠭᠤᠷᠪᠠ᠂ ᠲᠤᠬᠠᠢ ᠶᠢᠨ ᠭᠠᠵᠠᠷ ᠲᠤᠨᠢ ᠨᠤᠲᠠᠯᠠᠨ᠎ᠠ᠃ ᠰᠦᠯᠵᠢᠶᠡᠨ ᠳᠡᠭᠡᠷᠡᠬᠢ ᠴᠡᠷᠢᠭ ᠤᠨ ᠠᠯᠪᠠ ᠶᠢ | ᠳᠠᠩᠰᠠᠯᠠᠭᠰᠠᠨ ᠤ ᠳᠠᠷᠠᠭ᠎ᠠ᠂ ᠲᠤᠰ ᠬᠥᠮᠦᠨ ᠪᠤᠶᠤ ᠭᠡᠷ ᠤᠨ ᠠᠬᠠᠮᠠᠳ ᠨᠢ ︽ᠡᠷᠡᠭᠲᠡᠢ ᠠᠷᠠᠳ ᠤᠨ ᠴᠡᠷᠢᠭ ᠤᠨ | ᠠᠯᠪᠠ ᠶᠢ ᠳᠠᠩᠰᠠᠯᠠᠬᠤ / ᠡᠯᠰᠡᠬᠦ ᠶᠣᠰᠣᠲᠠᠢ ᠨᠡᠷ᠎ᠡ ᠶᠢᠨ ᠬᠦᠰᠦᠨᠦᠭᠲᠦ︾ ᠵᠢᠴᠢ ᠲᠤᠰ ᠬᠥᠮᠦᠨ ᠤ ᠪᠡᠶ᠎ᠡ ᠶᠢᠨ | ᠦᠨᠡᠮᠯᠡᠯ᠂ ᠡᠷᠦᠬᠡ ᠠᠮᠠ ᠶᠢᠨ ᠳᠡᠪᠲᠡᠷ᠂ ᠰᠤᠷᠤᠭᠴᠢ ᠶᠢᠨ ᠦᠨᠡᠮᠯᠡᠯ ︵ᠲᠡᠭᠦᠰᠦᠭᠰᠡᠨ ᠦᠨᠡᠮᠯᠡᠯ︶᠂ ᠬᠤᠶᠠᠷ | ᠬᠠᠭᠤᠳᠠᠰᠤ ᠨᠢᠭᠡ ᠢᠮᠠᠬᠤ ᠶᠢᠨ ᠡᠮᠦᠨ᠎ᠡ ᠲᠠᠯ᠎ᠠ ᠶᠢᠨ ᠰᠡᠭᠦᠳᠡᠷ ᠢ ᠠᠪᠴᠤ᠂ ᠡᠷᠦᠬᠡ ᠠᠮᠠ ᠶᠢᠨ ᠳᠠᠩᠰᠠ ᠪᠠᠶᠢᠭ᠎ᠠ | ᠭᠠᠵᠠᠷ ᠤᠨ ᠰᠤᠮᠤ ︵ᠪᠠᠯᠭᠠᠰᠤ︶᠂ ᠲᠠᠷᠢᠶᠠᠯᠠᠩ ︵ᠮᠠᠯ ᠠᠵᠤ ᠠᠬᠤᠢ︶ ᠤᠨ ᠵᠡᠪᠰᠡᠭᠲᠦ ᠬᠦᠴᠦᠨ ᠤ ᠬᠡᠯᠲᠡᠰ ᠲᠤ | ᠬᠦᠷᠴᠦ ᠲᠤᠬᠠᠢ ᠶᠢᠨ ᠲᠠᠯᠠᠪᠤᠷ ᠲᠤᠨᠢ ᠨᠤᠲᠠᠯᠠᠬᠤ ᠶᠢᠨ ᠬᠠᠮᠲᠤ ︽ᠴᠡᠷᠢᠭ ᠤᠨ ᠠᠯᠪᠠ ᠶᠢᠨ ᠳᠠᠩᠰᠠᠯᠠᠯᠲᠠ ᠶᠢᠨ | ᠦᠨᠡᠮᠯᠡᠯ︾ ᠠᠪᠤᠨ᠎ᠠ᠃ | ᠳᠥᠷᠪᠡ᠂ ᠬᠠᠤᠯᠢ ᠴᠠᠭᠠᠵᠠ ᠶᠢᠨ ᠬᠠᠷᠢᠭᠤᠴᠠᠯᠭ᠎ᠠ᠃ ᠴᠡᠷᠢᠭ ᠤᠨ ᠠᠯᠪᠠ ᠳᠤ ᠳᠠᠩᠰᠠᠯᠠᠭᠤᠯᠬᠤ ᠶᠠᠪᠤᠳᠠᠯ ᠪᠣᠯ | ᠤᠯᠤᠰ ᠤᠨ ᠠᠯᠪᠠᠳᠠᠯᠭ᠎ᠠ ᠶᠢᠨ ᠴᠢᠨᠠᠷᠲᠠᠢ ᠪᠠᠷ ᠬᠡᠷᠡᠭᠵᠢᠭᠦᠯᠬᠦ ᠡᠭᠦᠷᠭᠡ ᠮᠥᠨ᠂ ᠴᠡᠷᠢᠭ ᠪᠣᠯᠬᠤ ᠢᠶᠠᠷ ᠪᠡᠯᠡᠳᠬᠡᠵᠦ | ᠪᠠᠶᠢᠭᠰᠠᠨ ᠡᠰᠡᠬᠦ ᠶᠢ ᠬᠠᠮᠢᠶᠠᠷᠤᠯ ᠦᠭᠡᠢ ᠡᠷᠬᠡᠪᠰᠢ ᠴᠡᠷᠢᠭ ᠤᠨ ᠠᠯᠪᠠᠨ ᠳᠤ ᠳᠠᠩᠰᠠᠯᠠᠭᠤᠯᠬᠤ ᠬᠡᠷᠡᠭᠲᠡᠢ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠠᠤᠯᠢ ᠶᠣᠰᠣᠭᠠᠷ ᠴᠡᠷᠢᠭ ᠡᠯᠰᠡᠬᠦ ᠠᠵᠢᠯ ᠢ ᠴᠢᠩᠭ᠎ᠠ | ᠨᠠᠶᠢᠳᠠᠪᠤᠷᠢᠵᠢᠭᠤᠯᠬᠤ ᠲᠤᠬᠠᠢ ᠰᠠᠨᠠᠯ ᠤᠳ︾ ︵ᠥᠪᠥᠷ ᠵᠠᠰᠠᠭ ᠲᠠᠷᠬᠠᠭᠠᠭᠰᠠᠨ ︹2017︺ 71 ᠳ᠋ᠤᠭᠡᠷ | ᠲᠣᠭᠠᠲᠤ︶ ᠤᠨ ᠲᠣᠭᠲᠠᠭᠠᠯ ᠢ ᠦᠨᠳᠦᠰᠦᠯᠡᠨ᠂ ᠬᠤᠯᠪᠣᠭᠳᠠᠯ ᠪᠦᠬᠦᠢ ᠬᠠᠷᠢᠭᠤᠴᠠᠯᠭ᠎ᠠ ᠶᠢ ᠲᠣᠳᠣᠷᠬᠠᠶᠢᠯᠠᠪᠠ᠄ | 1. ᠪᠦᠬᠦᠯᠢ 18 ᠨᠠᠰᠤ ᠬᠦᠷᠦᠭᠰᠡᠨ ᠡᠷᠡᠭᠲᠡᠢ ᠠᠷᠠᠳ ᠢᠷᠭᠡᠨ ᠴᠡᠷᠢᠭ ᠤᠨ ᠠᠯᠪᠠᠨ ᠳᠤ ᠳᠠᠩᠰᠠᠯᠠᠭᠤᠯᠬᠤ | ᠦᠭᠡᠢ ᠪᠣᠯ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠳᠤ ᠨᠡᠷ᠎ᠡ ᠮᠡᠳᠡᠭᠦᠯᠵᠦ ᠪᠣᠯᠬᠤ ᠦᠭᠡᠢ᠂ | ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠲᠡᠭᠦᠨ ᠳᠤ ᠪᠡᠶ᠎ᠡ ᠶᠢᠨ ᠦᠨᠡᠮᠯᠡᠯ ᠠᠪᠴᠤ ᠪᠣᠯᠬᠤ ᠦᠭᠡᠢ᠃ | 2. ᠴᠡᠷᠢᠭ ᠤᠨ ᠠᠯᠪᠠᠨ ᠤ ᠳᠠᠩᠰᠠᠯᠠᠭᠤᠯᠤᠯᠲᠠ ᠠᠴᠠ ᠵᠠᠶᠢᠯᠠᠬᠤ ᠵᠣᠬᠢᠬᠤ ᠨᠠᠰᠤᠨ ᠤ ᠵᠠᠯᠠᠭᠤᠴᠤᠳ ᠢ ᠠᠯᠪᠠᠲᠠᠨ | ᠡᠯᠰᠡᠬᠦ᠂ ᠭᠠᠳᠠᠭᠠᠳᠤ ᠳᠤ ᠭᠠᠷᠬᠤ ᠭᠠᠷ ᠭᠦᠢᠴᠡᠳᠬᠡᠯ ᠬᠢᠬᠦ᠂ ᠶᠡᠭᠡ ᠳᠡᠭᠡᠳᠦ ᠰᠤᠷᠭᠠᠭᠤᠯᠢ ᠶᠢᠨ ᠰᠤᠷᠭᠠᠭᠤᠯᠢ ᠶᠢᠨ | ᠬᠠᠷᠢᠶᠠᠯᠠᠯ ᠢ ᠳᠠᠩᠰᠠᠯᠠᠬᠤ ᠵᠡᠷᠭᠡ ᠲᠠᠢ ᠤᠶᠠᠯᠳᠤᠭᠤᠯᠵᠤ᠂ ︽ᠴᠡᠷᠢᠭ ᠤᠨ ᠠᠯᠪᠠᠨ ᠤ ᠪᠦᠷᠢᠳᠬᠡᠯ ᠤᠨ ᠦᠨᠡᠮᠯᠡᠯ︾ ᠢ | ᠬᠢᠨᠠᠨ ᠰᠢᠯᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠵᠠᠭᠠᠷᠯᠠᠬᠤ ᠪᠠ ᠠᠯᠪᠠᠳᠠᠯᠭ᠎ᠠ ᠪᠠᠷ ᠳᠠᠩᠰᠠᠯᠠᠭᠤᠯᠤᠨ᠎ᠠ᠃ | 3. ᠡᠯ᠎ᠡ ᠪᠠᠶᠢᠭᠤᠯᠭ᠎ᠠ᠂ ᠪᠦᠯᠬᠦᠮ᠂ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠢᠯᠠᠩᠭᠤᠶ᠎ᠠ | ᠳᠤᠮᠳᠠᠳᠤ ᠰᠤᠷᠭᠠᠭᠤᠯᠢ ᠪᠠ ᠳᠡᠭᠡᠳᠦ ᠰᠤᠷᠭᠠᠭᠤᠯᠢ ᠨᠤᠭᠤᠳ ᠵᠣᠬᠢᠬᠤ ᠨᠠᠰᠤᠨ ᠤ ᠡᠷᠡᠭᠲᠡᠢ ᠡᠷᠬᠡᠲᠦ ᠠᠷᠠᠳ ᠢ | ᠬᠠᠤᠯᠢ ᠶᠣᠰᠣᠭᠠᠷ ᠵᠣᠬᠢᠶᠠᠨ ᠪᠠᠶᠢᠭᠤᠯᠤᠨ ᠰᠢᠮᠳᠠᠭᠤᠯᠵᠤ ᠪᠠᠶᠢᠭᠠᠳ ᠴᠡᠷᠢᠭ ᠤᠨ ᠠᠯᠪᠠ ᠶᠢ ᠳᠠᠩᠰᠠᠯᠠᠬᠤ ᠡᠭᠦᠷᠭᠡ ᠶᠢ | ᠴᠠᠭ ᠲᠤᠬᠠᠢ ᠳᠤᠨᠢ ᠭᠦᠢᠴᠡᠳᠬᠡᠯᠭᠡᠵᠦ᠂ ᠲᠤᠰ ᠬᠠᠷᠢᠶ᠎ᠠ ᠣᠷᠣᠨ᠂ ᠲᠤᠰ ᠨᠢᠭᠡᠴᠢ ᠪᠤᠶᠤ ᠲᠤᠰ ᠰᠤᠷᠭᠠᠭᠤᠯᠢ ᠶᠢᠨ | ᠪᠤᠢ ᠪᠦᠬᠦᠢ ᠲᠣᠬᠢᠷᠠᠬᠤ ᠨᠠᠰᠤᠨ ᠤ ᠡᠷᠡᠭᠲᠡᠢ ᠠᠷᠠᠳ ᠢᠷᠭᠡᠳ ᠲᠤ ᠴᠡᠷᠢᠭ ᠤᠨ ᠠᠯᠪᠠ ᠶᠢᠨ ᠳᠠᠩᠰᠠᠯᠠᠯ ᠢ ᠪᠦᠬᠦᠨ ᠢ | ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ | ᠠᠰᠠᠭᠤᠨ ᠯᠠᠪᠯᠠᠬᠤ ᠤᠲᠠᠰᠤ᠄ | ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠴᠡᠷᠢᠭ ᠡᠯᠰᠡᠬᠦ | ᠠᠯᠪᠠᠨ ᠭᠡᠷ 0482 — 8258166 |