ᠥᠪᠥᠷ ᠮᠣᠩᠭᠤᠯ ᠮᠦᠽᠧᠶ 120 ᠬᠤᠪᠢ ᠲᠡᠦᠬᠡ ᠶᠢᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠵᠦ ᠰᠡᠷᠬᠦᠭᠡᠵᠦ ᠬᠠᠮᠠᠭᠠᠯᠠᠪᠠ
ᠨᠡᠶᠢᠲᠡᠯᠡᠭᠰᠡᠨ ᠴᠠᠭ᠄
2024/12/9
   ᠥᠪᠥᠷ ᠮᠣᠩᠭᠤᠯ ᠮᠦᠽᠧᠶ ᠬᠤᠷᠢᠶᠠᠨ ᠬᠠᠳᠠᠭᠠᠯᠠᠵᠤ ᠪᠠᠶᠢᠭ᠎ᠠ ᠲᠡᠦᠬᠡ ᠢᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠰᠡᠷᠭᠦᠭᠡᠬᠦ ᠠᠵᠢᠯ ᠢ ᠯᠠᠪᠳᠠᠭᠤᠨ ᠢᠶᠠᠷ ᠠᠬᠢᠭᠤᠯᠵᠤ᠂ ᠡᠨᠡ ᠵᠢᠯ 120 ᠬᠤᠪᠢ ᠲᠡᠦᠬᠡ ᠢᠢᠨ ᠳᠤᠷᠠᠰᠬᠠᠯᠲᠤ ᠵᠦᠢᠯᠡᠰ ᠢ ᠰᠡᠯᠪᠢᠨ ᠵᠠᠰᠠᠵᠦ ᠰᠡᠷᠬᠦᠭᠡᠵᠦ ᠬᠠᠮᠠᠭᠠᠯᠠᠨ᠂ ᠤᠳᠤ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠷᠭ᠎ᠠ ᠪᠠᠷᠢᠯ ᠢ ᠬᠡᠷᠡᠭᠯᠡᠨ ᠬᠡᠪᠡᠷᠡᠭ ᠲᠡᠦᠬᠡ ᠶᠢᠨ ᠳᠤᠷᠠᠰᠬᠠᠯᠲᠤ ᠵᠦᠢᠯᠡᠰ ᠪᠠ ᠬᠤᠪᠣᠷ ᠨᠠᠨᠳᠢᠨ ᠲᠡᠦᠬᠡ ᠢᠢᠨ ᠳᠤᠷᠠᠰᠬᠠᠯᠲᠤ ᠵᠦᠢᠯᠡᠰ ᠤᠨ 131 ᠵᠤᠷᠪᠤᠰ ᠮᠡᠳᠡᠭᠡ ᠵᠠᠩᠭᠢ ᠶᠢ ᠡᠮᠬᠢᠯᠠᠨ ᠬᠠᠮᠢᠶ᠎ᠠ ᠪᠦᠬᠦᠢ ᠰᠤᠳᠤᠯᠭᠠᠨ ᠳᠤ ᠬᠡᠷᠡᠭᠯᠡᠬᠦ ᠪᠠᠷ ᠨᠦᠬᠡᠴᠡᠯᠡᠵᠤ ᠠᠪᠤᠪᠠ᠃   ᠦᠪᠤᠷ ᠮᠤᠩᠭᠤᠯ ᠮᠦᠽᠧᠶ ᠡᠨᠡ ᠵᠢᠯ ᠪᠠᠰᠠ ᠮᠦᠽᠧᠶ ᠳᠡᠭᠡᠨ ᠬᠠᠳᠠᠭᠠᠯᠠᠵᠤ ᠪᠠᠶᠢᠭ᠎ᠠ 300 ᠬᠤᠪᠢ ᠲᠡᠦᠬᠡ ᠢᠢᠨ ᠳᠤᠷᠠᠰᠬᠠᠯᠲᠤ ᠵᠦᠢᠯᠡᠰ ᠢ ᠦᠨᠡᠯᠡᠨ ᠵᠢᠱᠢᠵᠦ᠂ ︽ᠤᠷᠲᠤ ᠴᠠᠭᠠᠨ ᠬᠡᠷᠡᠮ ᠤᠨ ᠡᠮᠦᠨ᠎ᠠ ᠤᠮᠠᠷ᠎ᠠ ᠨᠤᠲᠤᠭ︾᠂ ︽ᠲᠣᠪᠠ ᠰᠢᠶᠡᠨᠪᠢ ᠶᠢᠨ ᠲᠤᠤᠯᠢᠰ ᠤᠨ ᠵᠠᠮ︾ ᠵᠡᠷᠭᠡ ᠭᠠᠳᠠᠭᠰᠢ ᠳᠡᠯᠭᠡᠨ ᠦᠵᠡᠭᠦᠯᠬᠦ 10 ᠬᠤᠪᠢ ᠲᠡᠦᠬᠡ ᠶᠢᠨ ᠳᠤᠷᠠᠰᠬᠠᠯᠲᠤ ᠵᠦᠢᠯᠡᠰ ᠤᠨ ᠳᠡᠯᠭᠡᠨ ᠦᠵᠡᠭᠦᠯᠬᠦ ᠣᠷᠴᠢᠨ ᠲᠣᠭᠤᠷᠢᠨ ᠤ ᠱᠠᠭᠠᠷᠳᠠᠯᠭ᠎ᠠ ᠪᠠ ᠵᠦᠬᠡᠬᠡᠪᠦᠷᠢᠯᠡᠬᠦ ᠳᠤ ᠠᠩᠬᠠᠷᠬᠤ ᠵᠦᠢᠯ ᠢ ᠲᠤᠰᠢᠶᠠᠵᠦ᠂ ᠭᠠᠳᠠᠭᠰᠢ ᠳᠡᠯᠭᠡᠨ ᠦᠵᠡᠭᠦᠯᠬᠦ ᠳᠤ ᠲᠣᠬᠢᠷᠠᠬᠤ ᠦᠭᠡᠶ ᠲᠡᠦᠬᠡ ᠶᠢᠨ ᠳᠤᠷᠠᠰᠬᠠᠯᠲᠤ ᠵᠦᠢᠯᠡᠰ ᠢ ᠰᠣᠯᠢᠵᠤ᠂ ᠲᠡᠦᠬᠡ ᠶᠢᠨ ᠳᠤᠷᠠᠰᠬᠠᠯᠲᠤ ᠵᠦᠢᠯᠡᠰ ᠤᠨ ᠠᠮᠤᠷ ᠲᠦᠪᠰᠢᠨ ᠢ ᠪᠦᠲᠦᠮᠵᠢᠲᠡᠶ ᠪᠠᠲᠤᠯᠠᠪᠠ᠃ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ᠂ ᠤᠯᠠᠭᠠᠨᠬᠠᠳᠠ ᠳᠡᠭᠡᠳᠦ ᠰᠤᠷᠭᠠᠭᠤᠯᠢ ᠵᠡᠷᠭᠡ ᠶᠡᠭᠡ ᠳᠡᠭᠡᠳᠦ ᠰᠤᠷᠭᠠᠭᠤᠯᠢ ᠲᠠᠢ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠲᠥᠷᠥᠯ ᠵᠦᠢᠯ ᠢ ᠡᠷᠡᠮᠡᠯᠵᠡᠬᠦ ᠂ ᠡᠷᠳᠡᠮ ᠰᠢᠨᠵᠢᠯᠡᠭᠡᠨ ᠤ ᠬᠠᠮᠲᠤᠷᠠᠯᠴᠠᠭ᠎ᠠ ᠬᠢᠬᠦ᠂ ᠳᠠᠳᠤᠯᠭ᠎ᠠ ᠪᠣᠯᠪᠠᠰᠤᠷᠠᠯ ᠤᠨ ᠰᠠᠭᠤᠷᠢᠨ ᠢ ᠬᠠᠮᠲᠤ ᠪᠠᠷ ᠪᠠᠶᠢᠭᠤᠯᠬᠤ ᠵᠡᠷᠭᠡ ᠲᠠᠯ᠎ᠠ ᠪᠠᠷ ᠰᠣᠯᠢᠯᠴᠠᠭ᠎ᠠ ᠬᠠᠮᠲᠤᠷᠠᠯᠴᠠᠭ᠎ᠠ ᠦᠷᠨᠢᠬᠦᠯᠵᠦ᠂ ᠳᠠᠪᠠᠭᠤᠯᠢᠭ ᠢᠶᠠᠨ ᠪᠠᠳᠠᠷᠠᠭᠤᠯᠤᠨ ᠳᠤᠳᠠᠭᠤᠳᠠᠯ ᠢᠶᠠᠨ ᠬᠠᠷᠢᠯᠴᠠᠨ ᠨᠦᠬᠦᠪᠦᠷᠢᠯᠡᠵᠡᠢ᠃ 11 ᠰᠠᠷ᠎ᠠ ᠳᠤ ᠨᠡᠬᠡᠮᠡᠯ ᠤᠨ ᠵᠦᠢᠯᠡᠰ ᠢ ᠵᠠᠰᠠᠨ ᠰᠡᠷᠭᠦᠭᠡᠬᠦ ᠠᠵᠢᠯᠲᠠᠨ ᠢ ᠰᠣᠩᠭᠤᠨ ᠲᠣᠮᠢᠯᠠᠵᠤ᠂ ᠤᠯᠤᠰ ᠤᠨ ᠲᠡᠦᠬᠡ ᠶᠢᠨ ᠳᠤᠷᠠᠰᠬᠠᠯᠲᠤ ᠵᠦᠢᠯᠡᠰ ᠤᠨ ᠲᠣᠪᠴᠢᠶ᠎ᠠ ᠠᠴᠠ ᠭᠤᠣᠯᠯᠠᠨ ᠡᠷᠬᠢᠯᠡᠭᠰᠡᠨ ᠨᠡᠬᠡᠮᠡᠯ ᠤᠨ ᠵᠦᠢᠯᠡᠰ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠬᠤ ᠪᠠ ᠦᠨᠡᠯᠡᠨ ᠨᠤᠳᠠᠯᠠᠬᠤ ᠴᠢᠳᠠᠪᠤᠷᠢ ᠶᠢ ᠳᠡᠭᠡᠭᠰᠢᠯᠡᠬᠦᠯᠬᠦ ᠪᠤᠯᠪᠠᠰᠤᠷᠠᠯ ᠳᠤ ᠤᠷᠤᠯᠴᠠᠭᠤᠯᠵᠦ᠂ ᠴᠢᠳᠠᠪᠤᠷᠢᠳᠠᠨ ᠤ ᠬᠦᠮᠦᠵᠢᠯ ᠢ ᠴᠢᠩᠭᠠᠳᠬᠠᠭᠰᠠᠨ ᠪᠠᠶᠢᠨ᠎ᠠ᠃   ᠤᠶᠢᠯᠠᠭᠠᠭᠰᠠᠨ ᠢᠶᠠᠷ᠂ ᠥᠪᠥᠷ ᠮᠣᠩᠭᠤᠯ ᠮᠦᠽᠧᠶ ᠡᠨᠡ ᠵᠢᠯ ᠲᠥᠷᠥᠯ ᠵᠦᠢᠯ ᠢ ᠭᠤᠶᠤᠴᠢᠯᠠᠨ ᠮᠡᠳᠡᠭᠦᠯᠬᠦ ᠲᠠᠰ ᠳᠠᠷᠠᠭᠠᠯᠠᠯ ᠢ ᠴᠢᠩᠳᠠᠯᠠᠨ᠂ ᠬᠠᠮᠠᠭᠠᠯᠠᠨ ᠰᠡᠷᠭᠦᠭᠡᠬᠦ ᠲᠥᠰᠦᠯ ᠢ ᠨᠠᠶᠢᠷᠠᠭᠤᠯᠤᠨ ᠵᠣᠬᠢᠶᠠᠵᠤ᠂ ᠠᠶᠢᠮᠠᠭ ᠬᠤᠲᠠ ᠢᠢᠨ ᠮᠦᠽᠧᠶ᠂ ᠡᠷᠬᠢᠨ ᠲᠣᠭᠤᠷᠢᠨ ᠤ ᠡᠯ᠎ᠡ ᠮᠤᠵᠢ ᠬᠤᠲᠠ ᠤᠷᠤᠨ ᠤ ᠮᠦᠽᠧᠶ ᠯᠦᠭᠡ ᠶᠢᠨ ᠬᠠᠮᠲᠤᠷᠠᠯᠴᠠᠭ᠎ᠠ ᠪᠠᠨ ᠥᠷᠭᠡᠳᠭᠡᠵᠦ᠂ ᠲᠥᠷᠥᠯ ᠵᠦᠢᠯ ᠤᠨ ᠤᠷᠤᠭᠰᠢᠲᠠᠶ ᠶᠠᠪᠤᠭᠳᠠᠬᠤ ᠶᠢ ᠠᠬᠢᠭᠤᠯᠤᠨ᠂ ᠲᠡᠥᠬᠡ ᠶᠢᠨ ᠲᠤᠷᠠᠰᠬᠠᠯᠳᠦ ᠵᠦᠢᠯᠡᠰ ᠢ ᠬᠠᠮᠠᠭᠠᠯᠠᠬᠤ ᠰᠢᠨᠵᠢᠯᠡᠭᠡ ᠰᠤᠳᠤᠯᠭᠠᠨ ᠤ ᠬᠦᠴᠦᠨ ᠢᠶᠠᠨ ᠲᠠᠰᠤᠷᠠᠯᠳᠠ ᠦᠬᠡᠢ ᠨᠡᠮᠡᠭᠳᠡᠬᠦᠯᠦᠭᠰᠡᠨ ᠢᠶᠠᠷ ᠬᠤᠷᠢᠶᠠᠨ ᠬᠠᠳᠠᠭᠠᠯᠠᠵᠤ ᠪᠠᠶᠢᠭ᠎ᠠ ᠬᠦᠷᠡᠯ ᠡᠳ᠋ᠯᠡᠯ ᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠪᠠ ᠠᠷᠠᠰᠤ ᠪᠠᠷ ᠬᠢᠭᠰᠡᠨ ᠲᠡᠦᠬᠡ ᠢᠢᠨ ᠳᠤᠷᠠᠰᠬᠠᠯᠲᠤ ᠵᠦᠢᠯᠡᠰ ᠢ ᠬᠠᠮᠠᠭᠠᠯᠠᠨ ᠰᠡᠷᠭᠦᠭᠡᠬᠦ ᠲᠥᠷᠥᠯ ᠵᠦᠢᠯ ᠨᠢ ︽ᠪᠥᠬᠦ ᠤᠯᠤᠰ ᠤᠨ ᠮᠦᠽᠧᠶ ᠳᠤ ᠬᠠᠳᠠᠭᠠᠯᠠᠵᠤ ᠪᠠᠶᠢᠭ᠎ᠠ ᠬᠦᠷᠡᠯ ᠡᠳ᠋ᠯᠡᠯ᠂ ᠨᠡᠬᠡᠮᠡᠯ ᠤᠨ ᠵᠦᠢᠯᠡᠰ᠂ ᠮᠣᠳᠣᠨ ᠬᠡᠷᠡᠭᠰᠡᠯ ᠢ ᠬᠠᠮᠠᠭᠠᠯᠠᠨ ᠰᠡᠷᠭᠦᠭᠡᠬᠦ ᠲᠥᠯᠥᠪᠯᠡᠭᠡ︾ ᠳᠤ ᠰᠤᠩᠭᠤᠭᠳᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号