ᠴᠠᠭᠠᠨ ᠰᠠᠷ᠎ᠠ ᠬᠦᠮᠦᠨ ᠳᠦᠷᠦᠯᠬᠢᠳᠡᠨ ᠤ ᠪᠣᠳᠠᠰ ᠤᠨ ᠪᠤᠰᠤ ᠰᠣᠶᠣᠯ ᠤᠨ ᠥᠪ ᠢᠶᠠᠷ ᠦᠨᠡᠯᠡᠭᠳᠡᠪᠡ
ᠨᠡᠶᠢᠲᠡᠯᠡᠭᠰᠡᠨ ᠴᠠᠭ᠄
2024/12/9
   ᠪᠡᠭᠡᠵᠢᠩ ᠤᠨ ᠴᠠᠭ ᠢᠶᠠᠷ 12 ᠰᠠᠷ᠎ᠠ ᠶᠢᠨ 4 ᠤ ᠡᠳᠦᠷ᠂ ᠮᠠᠨ ᠤ ᠤᠯᠤᠰ ᠤᠨ ᠮᠡᠳᠡᠭᠦᠯᠦᠭᠰᠡᠨ ︽ᠴᠠᠭᠠᠨ ᠰᠠᠷ᠎ᠠ — ᠳᠤᠮᠳᠠᠳᠤᠴᠤᠳ ᠤᠨ ᠤᠯᠠᠮᠵᠢᠯᠠᠯᠲᠤ ᠰᠢᠨ᠎ᠡ ᠵᠢᠯ ᠢᠶᠠᠨ ᠪᠡᠯᠭᠡᠯᠡᠬᠦ ᠨᠡᠶᠢᠭᠡᠮ ᠤᠨ ᠦᠢᠯᠡᠳᠦᠯᠭᠡ︾ ᠨᠢ ᠫᠠᠷᠠᠭᠤᠸᠠᠢ ᠶᠢᠨ ᠠᠰᠦᠨ ᠳᠤ ᠶᠠᠪᠤᠭᠳᠠᠭᠰᠠᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠵᠠᠰᠠᠭ ᠤᠨ ᠣᠷᠳᠣᠨ ᠤ ᠬᠤᠭᠤᠷᠣᠨᠳᠣᠬᠢ ᠵᠥᠪᠯᠡᠯ ᠤᠨ 19 ᠳ᠋ᠤᠭᠡᠷ ᠬᠤᠭᠤᠴᠠᠭᠠᠨ ᠤ ᠪᠠᠶᠢᠩᠭᠤ ᠶᠢᠨ ᠬᠤᠷᠠᠯ ᠳᠤ ᠬᠢᠨᠠᠨ ᠲᠣᠭᠲᠠᠭᠠᠯᠲᠠ ᠶᠢ ᠦᠩᠬᠡᠷᠡᠬᠦᠯᠵᠥ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠬᠥᠮᠥᠨ ᠲᠥᠷᠥᠯᠬᠢᠲᠡᠨ ᠤ ᠪᠣᠳᠠᠰ ᠤᠨ ᠪᠤᠰᠤ ᠰᠣᠶᠣᠯ ᠤᠨ ᠥᠪ ᠤᠨ ᠲᠥᠯᠥᠭᠡᠯᠡᠭᠴᠢ ᠪᠦᠲᠦᠭᠡᠯ ᠤᠨ ᠨᠡᠷᠡᠰ ᠤᠨ ᠵᠢᠬᠰᠠᠭᠠᠯᠲᠠ ᠳᠤ ᠣᠷᠣᠪᠠ᠃   ᠡᠶᠢᠨᠬᠦ᠂ ᠮᠠᠨ ᠤ ᠤᠯᠤᠰ ᠤᠨ ᠨᠡᠶᠢᠲᠡ 44 ᠲᠥᠷᠥᠯ ᠵᠦᠢᠯ ᠨᠢ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠤᠨ ᠵᠣᠬᠢᠶᠠᠨ ᠪᠠᠶᠢᠭᠤᠯᠤᠯᠲᠠ ᠶᠢᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠤᠨ ᠵᠢᠭᠰᠠᠭᠠᠯᠲᠠ᠂ ᠨᠡᠷᠡᠰ ᠤᠨ ᠳᠡᠪᠲᠡᠷ ᠲᠤ ᠣᠷᠣᠵᠤ᠂ ᠶᠡᠷᠦᠩᠬᠡᠢ ᠲᠤᠭ᠎ᠠ ᠨᠢ ᠳᠡᠯᠡᠬᠡᠢ ᠶᠢᠨ ᠨᠢᠭᠡᠳᠦᠭᠡᠷ ᠲᠤ ᠣᠷᠣᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号