ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠤᠯᠤᠰ ᠤᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠶᠠᠮᠤᠨ ᠵᠡᠷᠭᠡ 7 ᠰᠠᠯᠠᠭ᠎ᠠ ᠮᠥᠴᠢᠷ 11 ᠰᠠᠷ᠎ᠠ ᠶᠢᠨ 27 ᠤ | ᠡᠳᠦᠷ ︽ᠡᠮᠴᠢᠯᠡᠭᠡᠨ ᠤ ᠪᠠᠶᠢᠭᠤᠯᠤᠮᠵᠢ ᠶᠢᠨ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠶᠢ | ᠤᠯᠠᠮ ᠨᠢᠭᠡ ᠠᠯᠬᠤᠮ ᠠᠬᠢᠭᠤᠯᠬᠤ ᠲᠤᠬᠠᠶ ᠵᠢᠯᠣᠭᠤᠳᠬᠤ ᠰᠠᠨᠠᠯ︾ ᠢ ᠨᠡᠶᠢᠲᠡᠯᠡᠵᠦ᠂ ᠶᠠᠰᠤ ᠴᠢᠨᠠᠷ ᠤᠨ ᠠᠮᠤᠷ | ᠲᠦᠪᠰᠢᠨ ᠢ ᠪᠠᠲᠤᠯᠠᠬᠤ ᠪᠠᠷ ᠬᠤᠷᠢᠭ᠎ᠠ ᠱᠤᠭᠤᠮ ᠪᠣᠯᠭᠠᠵᠤ᠂ ᠭᠥᠯᠢᠶᠡᠨ ᠠᠪᠴᠤ ᠡᠮᠨᠡᠬᠦ ᠡᠮᠴᠢ ᠶᠢᠨ | ᠮᠠᠭᠠᠳᠯᠠᠯᠲᠠ ᠪᠠᠷ ᠪᠠᠷᠢᠮᠵᠢᠶ᠎ᠠ ᠪᠣᠯᠭᠠᠵᠤ᠂ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠬᠠᠷᠢᠯᠴᠠᠨ ᠮᠡᠳᠡᠷᠡᠬᠦ ᠠᠵᠢᠯ ᠢ | ᠠᠬᠢᠭᠤᠯᠵᠤ᠂ ᠡᠮᠴᠢᠯᠡᠭᠡᠨ ᠤ ᠦ᠊ ᠵᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠪᠡᠳᠴᠢᠲᠡᠨ ᠤ | ᠡᠪᠡᠳᠴᠢᠨ ᠦᠵᠡᠭᠦᠯᠬᠦ ᠪᠡᠶᠡᠴᠢ ᠣᠶᠢᠯᠠᠭᠠᠯᠲᠠ ᠶᠢ ᠰᠠᠶᠢᠵᠢᠷᠠᠭᠤᠯᠬᠤ ᠬᠡᠷᠡᠭᠲᠡᠶ ᠭᠡᠵᠦ ᠱᠠᠭᠠᠷᠳᠠᠪᠠ᠃ ᠵᠢᠯᠣᠭᠤᠳᠬᠤ | ᠰᠠᠨᠠᠯ ᠢ ᠦᠨᠳᠦᠰᠦᠯᠡᠪᠡᠯ᠂ 2025 ᠣᠨ ᠤ ᠡᠴᠦᠰ ᠪᠣᠯᠬᠤ ᠳᠤ᠂ ᠡᠯ᠎ᠡ ᠨᠢᠭᠲᠠ ᠬᠡᠯᠪᠡᠷᠢ ᠶᠢᠨ ᠡᠮᠴᠢᠯᠡᠭᠡᠨ ᠤ | ᠬᠤᠯᠪᠣᠭᠠᠲᠤ ᠴᠣᠭᠴᠠ ︵ᠬᠤᠲᠠ ᠶᠢᠨ ᠡᠮᠴᠢᠯᠡᠭᠡᠨ ᠤ ᠪᠦᠯᠦᠭᠯᠡᠯ ᠪᠣᠯᠤᠨ ᠰᠢᠶᠠᠨ ᠤ ᠬᠡᠪᠴᠢᠶᠡᠨ ᠤ ᠡᠮᠴᠢᠯᠡᠭᠡᠨ ᠤ | ᠬᠠᠮᠲᠤ ᠶᠢᠨ ᠴᠣᠭᠴᠠ ᠪᠠᠭᠲᠠᠨ᠎ᠠ︶ ᠳᠤ ᠡᠮᠴᠢᠯᠡᠭᠡᠨ ᠤ ᠬᠤᠯᠪᠣᠭᠠᠲᠤ ᠴᠣᠭᠴᠠ ᠶᠢᠨ ᠳᠣᠲᠣᠭᠠᠳᠤ ᠶᠢᠨ ᠡᠮᠴᠢᠯᠡᠭᠡᠨ ᠤ | ᠪᠠᠶᠢᠭᠤᠯᠤᠮᠵᠢ ᠶᠢᠨ ᠬᠤᠭᠤᠷᠣᠨᠳᠣᠬᠢ ᠪᠥᠬᠦ ᠲᠥᠷᠥᠯ ᠵᠦᠶ᠋ᠯ ᠢ ᠬᠠᠷᠢᠯᠴᠠᠨ ᠮᠡᠳᠡᠷᠡᠬᠦ ᠶᠢ ᠪᠡᠶᠡᠯᠡᠭᠦᠯᠵᠦ᠂ ᠡᠯ᠎ᠡ | ᠭᠠᠵᠠᠷ ᠤᠨ ᠬᠤᠲᠠ ᠶᠢᠨ ᠬᠡᠪᠴᠢᠶᠡᠨ ᠳᠠᠬᠢ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣᠬᠢ ᠬᠠᠷᠢᠯᠴᠠᠨ | ᠮᠡᠳᠡᠷᠡᠬᠦ ᠲᠥᠷᠥᠯ ᠵᠦᠶ᠋ᠯ ᠢ 200 ᠭᠠᠷᠤᠢ ᠪᠤᠯᠭᠠᠨ᠎ᠠ᠃ 2027 ᠣᠨ ᠤ ᠡᠴᠦᠰ ᠪᠣᠯᠬᠤ ᠳᠤ᠂ ᠡᠯ᠎ᠡ ᠮᠤᠵᠢ ᠶᠢᠨ | ᠣᠷᠣᠨ ᠪᠦᠰᠡ ᠶᠢᠨ ᠳᠣᠲᠣᠷᠠᠬᠢ ᠡᠮᠴᠢᠯᠡᠭᠡᠨ ᠤ ᠪᠠᠶᠢᠭᠤᠯᠤᠮᠵᠢ ᠶᠢᠨ ᠬᠤᠭᠤᠷᠣᠨᠳᠣ ᠪᠠᠨ ᠬᠠᠷᠢᠯᠴᠠᠨ ᠮᠡᠳᠡᠷᠡᠬᠦ | ᠲᠥᠷᠥᠯ ᠵᠦᠶ᠋ᠯ ᠢ 300 ᠭᠠᠷᠤᠢ ᠪᠤᠯᠭᠠᠨ᠎ᠠ︔ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ ᠤ ᠭᠤᠷᠪᠠᠯᠵᠢᠨ | ᠬᠤᠶᠢᠭ᠂ ᠴᠧᠩᠳᠦ᠋ ᠴᠦᠩᠴᠢᠩ ᠵᠡᠷᠭᠡ ᠣᠷᠣᠨ ᠪᠦᠰᠡ ᠶᠢᠨ ᠡᠮᠴᠢᠯᠡᠭᠡᠨ ᠤ ᠪᠠᠶᠢᠭᠤᠯᠤᠮᠵᠢ ᠶᠢᠨ ᠬᠠᠷᠢᠯᠴᠠᠨ | ᠮᠡᠳᠡᠷᠡᠬᠦ ᠲᠥᠷᠥᠯ ᠵᠦᠶ᠋ᠯ ᠤᠨ ᠲᠤᠭ᠎ᠠ ᠶᠢ 200 ᠭᠠᠷᠤᠢ ᠪᠤᠯᠭᠠᠨ᠎ᠠ᠃ 2030 ᠣᠨ ᠪᠣᠯᠬᠤ ᠳᠤ᠂ ᠪᠥᠬᠦ | ᠤᠯᠤᠰ ᠤᠨ ᠬᠠᠷᠢᠯᠴᠠᠨ ᠮᠡᠳᠡᠷᠡᠬᠦ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ | ᠲᠡᠭᠦᠯᠳᠡᠷᠵᠢᠭᠦᠯᠵᠦ᠂ ᠪᠠᠶᠢᠴᠠᠭᠠᠨ ᠰᠢᠯᠭᠠᠵᠤ ᠠᠳᠠᠯᠢ ᠴᠢᠨᠠᠷᠵᠢᠭᠤᠯᠬᠤ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠦᠷ᠎ᠡ ᠳ᠋ᠦᠩ ᠢ ᠬᠠᠷᠢᠯᠴᠠᠨ ᠨᠡᠪᠲᠡᠷᠡᠭᠦᠯᠵᠦ ᠬᠠᠮᠳᠤ ᠪᠠᠷ ᠬᠤᠪᠢᠶᠠᠯᠴᠠᠬᠤ ᠰᠢᠰᠲ᠋ᠧᠮ ᠢ | ᠦᠨᠳᠦᠰᠦᠨ ᠳᠡᠭᠡᠨ ᠪᠠᠶᠢᠭᠤᠯᠵᠤ᠂ ᠪᠠᠶᠢᠩᠭᠤ ᠲᠣᠬᠢᠶᠠᠯᠳᠤᠬᠤ ᠪᠠᠶᠢᠴᠠᠭᠠᠨ ᠰᠢᠯᠭᠠᠭᠰᠠᠨ ᠦᠷ᠎ᠡ ᠳ᠋ᠦᠩ ᠢ ᠣᠷᠣᠨ | ᠪᠦᠰᠡ ᠠᠯᠤᠰᠯᠠᠨ᠂ ᠡᠮᠴᠢᠯᠡᠭᠡᠨ ᠤ ᠪᠠᠶᠢᠭᠤᠯᠤᠮᠵᠢ ᠠᠯᠤᠰᠯᠠᠨ ᠬᠠᠮᠳᠤ ᠪᠠᠷ ᠬᠤᠪᠢᠶᠠᠯᠴᠠᠵᠦ ᠬᠠᠷᠢᠯᠴᠠᠨ ᠮᠡᠳᠡᠷᠡᠬᠦ ᠶᠢ | ᠦᠨᠳᠦᠰᠦᠨ ᠳᠡᠭᠡᠨ ᠪᠡᠶᠡᠯᠡᠭᠦᠯᠦᠨ᠎ᠡ ᠬᠡᠪᠡ᠃ |