ᠭᠠᠷ ᠤᠲᠠᠰᠤᠨ ᠤ ᠬᠠᠳᠠᠭᠠᠯᠠᠭᠤᠷ ᠢ ᠠᠪᠤᠷᠠᠵᠦ ᠲᠡᠶᠢᠯᠬᠦ ᠪᠣᠯᠪᠠ︕ ᠰᠢᠨ᠎ᠡ ᠴᠢᠳᠠᠮᠵᠢ ᠶᠢᠨ ᠲᠤᠳᠤᠭᠠᠳᠤ ᠬᠡᠮᠵᠢᠯᠳᠡ ᠪᠠᠷ ︽ᠴᠡᠪᠡᠷᠯᠡᠨ ᠠᠷᠢᠯᠭᠠᠬᠤ︾ ᠪᠣᠯᠤᠮᠵᠢ ᠲᠠᠢ ᠪᠤᠯᠵᠠᠢ
ᠨᠡᠶᠢᠲᠡᠯᠡᠭᠰᠡᠨ ᠴᠠᠭ᠄
2024/12/9
    ᠸᠢᠴᠠᠲ ᠤᠨ ᠶᠠᠭᠤᠮᠠᠰ ᠢ ︽ᠴᠡᠪᠡᠷᠯᠡᠨ ᠠᠷᠢᠯᠭᠠᠬᠤ︾ ᠶᠢᠨ ᠲᠥᠯᠥᠭᠡ᠂ ᠸᠢᠴᠠᠲ ᠤᠨ ᠪᠦᠯᠬᠦᠮ ᠤᠨ ᠬᠢᠨ ᠶᠠᠭ ᠪᠠᠭ᠎ᠠ ᠬᠡᠪᠴᠢᠶᠡᠨ ᠳᠤ ︽ᠤᠤᠯ ᠵᠢᠷᠤᠭ᠂ ᠤᠤᠯ ᠸᠢᠳᠢᠣ᠋ ᠶᠢ 14 ᠡᠳᠦᠷ ᠲᠤ ᠥᠪᠡᠷᠲᠡᠭᠡᠨ ᠴᠡᠪᠡᠷᠯᠡᠬᠦ︾ ᠴᠢᠳᠠᠮᠵᠢ ᠶᠢ ᠲᠤᠷᠰᠢᠨ ᠬᠢᠵᠦ ᠪᠠᠶᠢᠨ᠎ᠠ᠃ ᠪᠠᠶᠢᠴᠠᠭᠠᠨ ᠰᠤᠳᠤᠯᠤᠯᠲᠠ ᠪᠠᠷ ᠣᠯᠵᠤ ᠮᠡᠳᠡᠭᠰᠡᠨ ᠢᠶᠠᠷ᠂ ᠭᠠᠷ ᠤᠲᠠᠰᠤ ᠪᠠᠷ ᠰᠡᠭᠦᠳᠡᠷᠯᠡᠭᠰᠡᠨ ᠬᠡᠷᠡᠯ ᠵᠢᠷᠤᠭ᠂ ᠸᠢᠳᠢᠣ᠋ ᠡᠳᠦᠷ ᠢᠷᠡᠬᠦᠶ᠎ᠡ ᠲᠣᠳᠣᠷᠬᠠᠶ ᠪᠣᠯᠵᠣ᠂ ᠬᠡᠷᠡᠯ ᠵᠢᠷᠤᠭ᠂ ᠸᠢᠳᠢᠣ᠋ ᠶᠢᠨ ᠪᠢᠴᠢᠭ ᠮᠠᠲ᠋ᠧᠷᠢᠶᠠᠯ ᠨᠢ ᠴᠦ ᠶᠠᠪᠤᠬᠤ ᠲᠤᠲᠤᠮ ᠤᠯᠠᠰᠢᠷᠡᠵᠦ ᠪᠠᠶᠢᠬᠤ ᠠᠴᠠ ᠪᠤᠯᠵᠤ᠂ ᠬᠡᠷᠡᠭᠯᠡᠭᠴᠢ ᠸᠢᠴᠠᠲ ᠢᠶᠠᠷ ᠳᠠᠮᠵᠢᠭᠤᠯᠤᠨ ᠤᠤᠯ ᠵᠢᠷᠤᠭ ᠤᠤᠯ ᠸᠢᠳᠢᠤ᠋ ᠶᠢ ᠨᠢ ᠶᠠᠪᠤᠭᠤᠯᠤᠬᠰᠠᠨ ᠤ ᠬᠤᠶᠢᠨ᠎ᠡ᠂ ᠲᠣᠭᠲᠠᠮᠠᠯ ᠪᠤᠰᠤ ᠬᠤᠭᠤᠴᠠᠭ᠎ᠠ ᠲᠠᠢ ᠪᠠᠷ ᠭᠠᠷ ᠤᠳᠠᠰᠤ ᠪᠠᠨ ᠴᠡᠪᠡᠷᠯᠡᠬᠦ ᠥᠬᠡᠶ ᠪᠣᠯ ᠮᠠᠰᠢ ᠣᠯᠠᠨ ᠢᠯᠡᠭᠦᠴᠡ ᠣᠷᠣᠨ ᠵᠠᠶ ᠶᠢ ᠡᠵᠡᠯᠡᠳᠡᠭ᠃ ᠡᠭᠦᠨ ᠠᠴᠠ ᠡᠮᠦᠨᠡᠬᠢ ᠬᠡᠪᠯᠡᠯ ᠳᠤ ᠸᠢᠴᠠᠲ ᠤᠨ ᠶᠠᠷᠢᠯᠴᠠᠭᠠᠨ ᠤ ᠲᠡᠮᠳᠡᠭᠯᠡᠯ ᠲᠤᠳᠤᠷᠠᠬᠢ ᠬᠡᠷᠡᠯ ᠵᠢᠷᠤᠭ ᠮᠡᠳᠡᠭᠡ ᠵᠠᠩᠭᠢ ᠶᠢ ᠬᠡᠷᠪᠡ ᠤᠤᠯ ᠵᠢᠷᠤᠭ ᠢ ᠨᠢ ᠲᠠᠷᠤᠵᠦ ᠦᠵᠡᠭᠰᠡᠨ ᠥᠬᠡᠶ ᠪᠣᠯ ᠬᠡᠰᠡᠭ ᠬᠤᠭᠤᠴᠠᠭᠠᠨ ᠤ ᠳᠠᠷᠠᠭ᠎ᠠ ᠠᠶᠠᠨᠳᠠᠭᠠᠨ ᠴᠡᠪᠡᠷᠯᠡᠭᠳᠡᠳᠡᠭ᠃ ᠰᠢᠨ᠎ᠡ ᠬᠡᠪᠯᠡᠯ ᠤᠨ ᠵᠥᠭᠡᠯᠡᠨ ᠲᠣᠨᠤᠭ ᠲᠤ ︽ᠥᠪᠡᠷᠲᠡᠭᠡᠨ ᠴᠡᠪᠡᠷᠯᠡᠬᠦ︾ ᠰᠤᠩᠭᠤᠬᠳᠠᠬᠤᠨ ᠢ ᠨᠡᠮᠡᠵᠡᠶ᠂ ᠬᠡᠷᠡᠭᠯᠡᠭᠴᠢ ᠲᠣᠰ ᠴᠢᠳᠠᠮᠵᠢ ᠶᠢ ᠨᠡᠭᠡᠭᠡᠳᠡᠭ ᠯᠡ ᠶᠤᠮ ᠪᠣᠯ 14 ᠡᠳᠦᠷ ᠤᠨ ᠳᠣᠲᠣᠷ᠎ᠠ ᠤᠤᠯ ᠵᠢᠷᠤᠭ ᠪᠤᠶᠤ ᠤᠤᠯ ᠸᠢᠳᠢᠣ᠋ ᠶᠢ ᠨᠢ ᠡᠷᠢᠵᠦ ᠦᠵᠡᠵᠦ ᠬᠠᠳᠠᠭᠠᠯᠠᠵᠤ ᠪᠣᠯᠤᠨ᠎ᠠ᠂ 14 ᠡᠳᠦᠷ ᠬᠡᠲᠦᠷᠡᠭᠰᠡᠨ ᠤ ᠳᠠᠷᠠᠭ᠎ᠠ ᠰᠢᠰᠲ᠋ᠧᠮ ᠨᠢ ᠡᠲᠡᠭᠡᠷ ᠪᠢᠴᠢᠭ ᠮᠠᠲ᠋ᠧᠷᠢᠶᠠᠯ ᠢ ᠥᠪᠡᠷᠲᠡᠭᠡᠨ ᠴᠡᠪᠡᠷᠯᠡᠴᠢᠭᠡᠨ᠎ᠡ᠂ ᠬᠡᠪᠡᠴᠤ ᠬᠡᠷᠡᠭᠯᠡᠭᠴᠢ ᠮᠥᠨ ᠯᠡ ᠡᠩ ᠤᠨ ᠵᠢᠷᠤᠭ ᠪᠠ ᠸᠢᠳᠢᠣ᠋ ᠶᠢ ᠡᠷᠢᠵᠦ ᠦᠵᠡᠵᠦ ᠪᠣᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号