ᠭᠤᠷᠪᠠᠳᠤᠭᠠᠷ ᠬᠤᠭᠤᠴᠠᠭᠠᠨ ᠤ ︽ᠦᠵᠡᠯ ᠰᠠᠨᠠᠭ᠎ᠠ ᠤᠮᠠᠷᠠᠲᠤ ᠬᠢᠯᠢ ᠶᠢ ᠭᠡᠶᠢᠭᠦᠯᠵᠦ ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ︾ ᠭᠡᠬᠦ ᠲᠣᠮᠣ ᠭᠡᠯᠪᠡᠷᠢ ᠶᠢᠨ ᠶᠠᠷᠢᠶᠠᠨ ᠤ ᠲᠠᠪᠴᠠᠩ ᠶᠠᠪᠤᠭᠳᠠᠪᠠ ᠬᠦᠦᠳᠠᠭᠤᠯᠠ ᠰᠦᠨ ᠵᠢᠶᠦ᠋ᠨ ᠴᠢᠩ ᠣᠷᠣᠯᠴᠠᠵᠤ ᠸᠠᠩ ᠴᠧᠨ ᠲᠤᠰᠬᠠᠢ ᠰᠡᠳᠦᠪᠲᠦ ᠲᠠᠶᠢᠯᠤᠮᠵᠢ ᠬᠢᠵᠡᠢ
ᠨᠡᠶᠢᠲᠡᠯᠡᠭᠰᠡᠨ ᠴᠠᠭ᠄
2024/12/9
   12 ᠰᠠᠷ᠎ᠠ ᠶᠢᠨ 6 ᠤ ᠡᠳᠦᠷ᠂ ᠭᠤᠷᠪᠠᠳᠤᠭᠠᠷ ᠬᠤᠭᠤᠴᠠᠭᠠᠨ ᠤ ︽ᠦᠵᠡᠯ ᠰᠠᠨᠠᠭ᠎ᠠ ᠤᠮᠠᠷᠠᠲᠤ ᠬᠢᠯᠢ ᠶᠢ ᠭᠡᠶᠢᠭᠦᠯᠵᠦ · ᠰᠡᠳᠬᠢᠯ ᠨᠢᠭᠡᠳᠦᠨ ᠬᠦᠰᠡᠯ ᠵᠡᠭᠦᠳᠦ ᠪᠠᠨ ᠲᠡᠷᠭᠡᠯᠰᠢᠭᠦᠯᠦᠶ᠎ᠡ︾ ᠭᠡᠬᠦ ᠲᠣᠮᠣ ᠭᠡᠯᠪᠡᠷᠢ ᠶᠢᠨ ᠶᠠᠷᠢᠶᠠᠨ ᠤ ᠲᠠᠪᠴᠠᠩ ᠭᠦᠭᠡᠬᠤᠲᠠ ᠳᠤ ᠶᠠᠪᠤᠭᠳᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠦᠳᠠᠭᠤᠯᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠲᠡᠷᠢᠭᠦᠯᠡᠭᠴᠢ ᠰᠦᠨ ᠵᠢᠶᠦ᠋ᠨ ᠴᠢᠩ ᠣᠷᠣᠯᠴᠠᠵᠠᠢ᠃    ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠳᠡᠳ᠋ ᠳᠠᠷᠤᠭ᠎ᠠ᠂ ᠳᠤᠮᠳᠠᠳᠤ ᠤᠯᠤᠰ ᠤᠨ ᠠᠨᠠᠭᠠᠬᠤ ᠤᠬᠠᠭᠠᠨ ᠤ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠷᠤᠭ᠎ᠠ᠂ ᠪᠡᠭᠡᠵᠢᠩ ᠤᠨ ᠰᠢᠶᠧ ᠾᠧ ᠠᠨᠠᠭᠠᠬᠤ ᠤᠬᠠᠭᠠᠨ ᠤ ᠳᠡᠭᠡᠳᠦ ᠰᠤᠷᠭᠠᠭᠤᠯᠢ ᠶᠢᠨ ᠵᠠᠬᠢᠷᠤᠯ ᠸᠠᠩ ᠴᠧᠨ ᠤᠷᠢᠯᠭ᠎ᠠ ᠪᠠᠷ ᠲᠤᠰᠬᠠᠢ ᠰᠡᠳᠦᠪᠲᠦ ᠲᠠᠶᠢᠯᠤᠮᠵᠢ ᠬᠢᠪᠡ᠂ ᠲᠡᠷᠡ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠳᠤᠷᠠᠳᠤᠭᠰᠠᠨ ᠡᠷᠡᠭᠦᠯ ᠮᠡᠨᠳᠦ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ᠂ ᠠᠨᠠᠭᠠᠬᠤ ᠤᠬᠠᠭᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠲᠣ ᠦᠶ᠎ᠡ ᠶᠢᠨ ᠦᠵᠡᠯᠲᠡ ᠪᠠ ᠴᠢᠨᠠᠷ ᠰᠠᠶᠢᠲᠠᠢ ᠠᠨᠠᠭᠠᠬᠤ ᠤᠬᠠᠭᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠢᠶᠠᠷ ᠨᠡᠶᠢᠭᠡᠮ ᠤᠨ ᠥᠨᠳᠥᠷ ᠲᠦᠪᠰᠢᠨ ᠪᠦᠬᠦᠢ ᠬᠥᠭᠵᠢᠯᠲᠡ ᠶᠢ ᠠᠬᠢᠭᠤᠯᠬᠤ ᠵᠡᠷᠭᠡ ᠲᠠᠯ᠎ᠠ ᠠᠴᠠ ᠠᠮᠢ ᠨᠠᠰᠤᠨ ᠤ ᠡᠷᠡᠭᠦᠯ ᠮᠡᠨᠳᠦ ᠪᠣᠯ ᠬᠥᠮᠥᠨ ᠤ ᠡᠴᠦᠰ ᠤᠨ ᠠᠰᠢᠭ ᠲᠤᠰᠠ ᠮᠥᠨ᠂ ᠮᠠᠨ ᠤ ᠤᠯᠤᠰ ᠤᠨ ᠠᠨᠠᠭᠠᠬᠤ ᠤᠬᠠᠭᠠᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠯᠤᠲᠤ ᠶᠡᠭᠡ ᠠᠮᠵᠢᠯᠲᠠ ᠪᠦᠲᠦᠮᠵᠢ ᠵᠢᠴᠢ ᠢᠷᠡᠭᠡᠳᠦᠢ ᠶᠢᠨ ᠬᠥᠭᠵᠢᠯᠲᠡ ᠶᠢ ᠪᠠᠷᠠᠯᠠᠬᠤ ᠲᠤᠬᠠᠢ ᠪᠦᠭᠦ ᠲᠠᠯ᠎ᠠ ᠪᠠᠷ ᠭᠦᠨᠵᠡᠭᠡᠢ ᠲᠠᠶᠢᠯᠪᠤᠷᠢᠯᠠᠭᠰᠠᠨ ᠪᠥᠭᠡᠳ ᠣᠯᠠᠨ ᠤ ᠠᠩᠬᠠᠷᠴᠤ ᠪᠠᠶᠢᠭ᠎ᠠ ᠠᠰᠠᠭᠤᠳᠠᠯ ᠢ ᠲᠤᠬᠠᠢ ᠶᠢᠨ ᠲᠠᠯᠠᠪᠠᠶ ᠳᠤ ᠲᠠᠶᠢᠯᠤᠮᠵᠢ ᠬᠢᠪᠡ᠃ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠶᠢᠨ ᠬᠥᠲᠥᠯᠥᠭᠴᠢ ᠪᠠᠢ ᠶᠠᠨ ᠰᠥᠩ ᠶᠠᠷᠢᠶᠠᠨ ᠤ ᠲᠠᠪᠴᠠᠩ ᠢ ᠡᠷᠭᠢᠯᠡᠪᠡ᠃    ᠬᠤᠷᠠᠯ ᠳᠡᠭᠡᠷ᠎ᠡ᠂ ᠸᠠᠩ ᠴᠧᠨ ᠫᠷᠤᠹᠧᠰᠰᠤᠷ ᠥᠪᠥᠷ ᠮᠣᠩᠭᠤᠯ ᠤᠨ ᠨᠢᠭᠡᠳᠦᠮᠡᠯ ᠹᠷᠣᠨᠲ ᠤᠨ ᠴᠢᠳᠠᠪᠤᠷᠢᠲᠠᠨ ᠤ ᠣᠶᠤᠨ ᠤ ᠬᠥᠮᠥᠷᠭᠡ ᠶᠢᠨ ᠳᠡᠭᠡᠳᠦ ᠲᠠᠰ ᠤᠨ ᠲᠤᠰᠬᠠᠢ ᠮᠡᠷᠭᠡᠵᠢᠯᠲᠡᠨ ᠢᠶᠠᠷ ᠤᠷᠢᠭᠳᠠᠪᠠ᠃ ᠲᠠᠶᠢᠯᠤᠮᠵᠢ ᠨᠢ ᠸᠢᠳᠢᠤ᠋ ᠭᠡᠯᠪᠡᠷᠢ ᠪᠠᠷ ᠶᠠᠪᠤᠭᠳᠠᠵᠤ᠂ ᠪᠦᠭᠦ ᠣᠷᠣᠨ ᠤ ᠨᠢᠭᠡᠳᠦᠮᠡᠯ ᠹᠷᠣᠨᠲ ᠤᠨ ᠪᠦᠷᠢᠯᠳᠦᠭᠦᠨ ᠪᠣᠯᠣᠨ ᠨᠠᠮ ᠤᠨ ᠭᠡᠰᠢᠭᠦᠨ ᠺᠠᠳ᠋ᠷ ᠨᠡᠶᠢᠲᠡ 2 ᠲᠦᠮᠡ ᠭᠠᠷᠤᠢ ᠬᠥᠮᠥᠨ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ ᠳᠤ ᠣᠷᠣᠯᠴᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号