︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠦᠮᠦᠰ ᠵᠡᠷᠭᠡ ᠭᠤᠣᠯᠳᠠᠯᠭ᠎ᠠ ᠲᠠᠢ ᠡᠲᠡᠭᠡᠳ ᠤᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠬᠤ ᠲᠤᠬᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2024/2/18
   ᠬᠤᠷᠴᠢᠨ ᠪᠠᠷᠠᠭᠤᠨ ᠭᠠᠷᠤᠨ ᠳᠤᠮᠳᠠᠳᠤ ᠵᠠᠰᠠᠭ ᠲᠠᠷᠬᠠᠭᠠᠭᠰᠠᠨ ︹2020︺ 87 ᠳ᠋ᠤᠭᠠᠷ ᠲᠣᠭᠠᠲᠤ    ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ ᠲᠤ᠄    ︽ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ 2023 ᠣᠨ ᠤ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠦᠰ ᠵᠡᠷᠭᠡ ᠭᠤᠣᠯᠳᠠᠯᠭ᠎ᠠ ᠲᠠᠢ ᠡᠲᠡᠭᠡᠳ ᠤᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠬᠡᠷᠡᠭᠵᠢᠭᠦᠯᠬᠦ ᠲᠥᠰᠦᠯ︾᠎ ᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠲᠤᠭᠠᠢ᠃    2023 ᠣᠨ ᠤ 11 ᠰᠠᠷ᠎ᠠ ᠶᠢᠨ 24᠎ ᠤ ᠡᠳᠦᠷ       ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2023 ᠣᠨ ᠤ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠦᠮᠦᠰ ᠵᠡᠷᠭᠡ ᠭᠤᠣᠯᠳᠠᠯᠭ᠎ᠠ ᠲᠠᠢ ᠡᠲᠡᠭᠡᠳ ᠤᠨ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠬᠡᠷᠡᠭᠵᠢᠭᠦᠯᠬᠦ ᠲᠥᠰᠦᠯ       ︽ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠶᠠᠮᠤᠨ ᠡᠳ᠋ ᠤᠨ ᠵᠠᠰᠠᠭ ᠤᠨ ᠶᠠᠮᠤᠨ ᠠᠷᠠᠳ ᠤᠨ ᠶᠠᠪᠤᠳᠠᠯ ᠤᠨ ᠶᠠᠮᠤᠨ ᠤ ᠤᠯᠤᠰ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢᠨ ᠬᠥᠳᠡᠭᠡ ᠲᠣᠰᠬᠤᠨ ᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠬᠡᠷᠡᠭᠵᠢᠭᠦᠯᠬᠦ ᠰᠠᠨᠠᠯ︾ ︵ᠪᠠᠶᠢᠭᠤᠯᠤᠯᠲᠠ ᠲᠣᠰᠬᠤᠨ ︹2021︺ 35 ᠳ᠋ᠤᠭᠠᠷ ᠲᠣᠭᠠᠲᠤ︶᠎ ᠤᠨ ᠪᠢᠴᠢᠭ ᠮᠠᠲ᠋ᠧᠷᠢᠶᠠᠯ ᠢ ᠦᠨᠳᠦᠰᠦᠯᠡᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠣᠷᠣᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠵᠦ᠂ ᠪᠦᠬᠦ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠭᠡᠷ ᠪᠠᠶᠢᠰᠢᠩ ᠤᠨ ᠠᠮᠤᠷ ᠲᠦᠪᠰᠢᠨ ᠤ ᠭᠡᠮ ᠰᠣᠭᠤᠭ ᠢ ᠠᠷᠢᠯᠭᠠᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ ᠮᠠᠨ ᠤ ᠬᠤᠰᠢᠭᠤᠨ ᠤ ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠲᠠᠢ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃     ᠨᠢᠭᠡ᠂ ᠶᠡᠷᠦᠩᠬᠡᠢ ᠱᠠᠭᠠᠷᠳᠠᠯᠭ᠎ᠠ    ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠬᠠᠢ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠠᠶᠢᠵᠢᠷᠠᠭᠤᠯᠬᠤ ᠶᠢ ᠦᠷᠭᠦᠯᠵᠢᠯᠡᠨ ᠬᠡᠷᠡᠭᠵᠢᠭᠦᠯᠵᠦ᠂ ᠬᠥᠳᠡᠭᠡ ᠲᠣᠰᠬᠤᠨ ᠤ ᠳᠣᠣᠷ᠎ᠠ ᠣᠷᠣᠯᠭ᠎ᠠ ᠲᠠᠢ ᠬᠠᠮᠲᠤᠯᠢᠭ ᠤᠨ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠤᠨ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠦᠨ᠎ᠡ᠃    ᠬᠤᠶᠠᠷ᠂ ᠭᠤᠣᠯ ᠵᠠᠷᠴᠢᠮ    ︵ᠨᠢᠭᠡ︶ ᠠᠮᠤᠷ ᠲᠦᠪᠰᠢᠨ ᠪᠠᠶᠢᠬᠤ ᠪᠠᠷ ᠦᠨᠳᠦᠰᠦ ᠪᠤᠯᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠦᠰ ᠤᠨ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠪᠠᠷ ᠦᠨᠳᠦᠰᠦᠨ ᠬᠠᠷᠠᠯᠲᠠ ᠪᠣᠯᠭᠠᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠲᠣᠭᠲᠠᠮᠠᠯ ᠬᠤᠭᠤᠴᠠᠭ᠎ᠠ ᠲᠠᠢ ᠪᠠᠷ ᠪᠡᠶ᠎ᠡ ᠶᠢᠨ ᠪᠠᠶᠢᠴᠠᠭᠠᠯᠲᠠ ᠬᠢᠬᠦ ᠳᠦᠷᠢᠮ ᠢ ᠪᠠᠶᠢᠭᠤᠯᠵᠤ᠂ ᠡᠳᠦᠷ ᠲᠤᠲᠤᠮ ᠤᠨ ᠰᠡᠯᠪᠢᠨ ᠵᠠᠰᠠᠵᠤ ᠬᠠᠮᠢᠶᠠᠷᠤᠨ ᠬᠠᠮᠠᠭᠠᠯᠠᠬᠤ ᠶᠢ ᠴᠢᠩᠭᠠᠳᠬᠠᠨ᠂ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠠ ᠬᠥᠳᠡᠭᠡ ᠲᠣᠰᠬᠤᠨ ᠤ ᠭᠡᠷ ᠪᠠᠶᠢᠰᠢᠩ ᠤᠨ ᠭᠠᠵᠠᠷ ᠬᠥᠳᠡᠯᠦᠯᠲᠡ ᠶᠢ ᠳᠠᠭᠠᠭᠠᠬᠤ ᠥᠭᠡᠷᠡᠴᠢᠯᠡᠯᠲᠡ ᠶᠢ ᠠᠬᠢᠭᠤᠯᠵᠤ᠂ ᠶᠠᠰᠤ ᠴᠢᠨᠠᠷ ᠤᠨ ᠠᠮᠤᠷ ᠲᠦᠪᠰᠢᠨ ᠤ ᠮᠡᠷᠭᠡᠵᠢᠯ ᠤᠨ ᠵᠢᠯᠣᠭᠤᠳᠣᠯᠭ᠎ᠠ ᠪᠠ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠢ ᠳᠤᠨᠢ ᠠᠷᠢᠯᠭᠠᠨ᠎ᠠ᠃    ︵ᠬᠤᠶᠠᠷ︶ ᠭᠠᠵᠠᠷ ᠣᠷᠣᠨ ᠤ ᠪᠠᠶᠢᠳᠠᠯ ᠳᠤ ᠨᠢ ᠲᠣᠬᠢᠷᠠᠭᠤᠯᠤᠨ᠎ᠠ᠃ ᠪᠣᠳᠠᠲᠤ ᠪᠠᠶᠢᠳᠠᠯ ᠢᠶᠠᠨ ᠦᠨᠳᠦᠰᠦᠯᠡᠨ ᠲᠠᠷᠢᠶᠠᠯᠠᠬᠤ ᠮᠠᠯᠵᠢᠬᠤ ᠣᠷᠣᠨ ᠤ ᠣᠷᠣᠯᠭ᠎ᠠ ᠪᠠᠭᠠᠲᠠᠢ ᠬᠥᠮᠦᠰ ᠵᠡᠷᠭᠡ ᠭᠤᠣᠯᠳᠠᠯᠭ᠎ᠠ ᠲᠠᠢ ᠡᠲᠡᠭᠡᠳ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠠᠷᠭ᠎ᠠ ᠮᠠᠶ᠋ᠢᠭ᠂ ᠪᠦᠲᠦᠭᠡᠨ ᠪᠠᠶᠢᠭᠤᠯᠬᠤ ᠪᠠᠷᠢᠮᠵᠢᠶ᠎ᠠ ᠵᠡᠷᠭᠡ ᠶᠢ ᠲᠣᠭᠲᠠᠭᠠᠵᠤ᠂ ᠲᠠᠷᠢᠶᠠᠯᠠᠬᠤ ᠮᠠᠯᠵᠢᠬᠤ ᠡᠷᠦᠬᠡ ᠶᠢ ᠵᠢᠯᠣᠭᠤᠳᠤᠨ ᠣᠯᠠᠨ ᠵᠦᠢᠯ ᠤᠨ ᠠᠷᠭ᠎ᠠ ᠮᠠᠶ᠋ᠢᠭ ᠢ ᠠᠪᠴᠤ ᠪᠠᠶᠢᠭᠠᠳ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠵᠤ᠂ ᠲᠤᠬᠠᠢ ᠶᠢᠨ ᠭᠠᠵᠠᠷ ᠲᠤᠨᠢ ᠮᠠᠲ᠋ᠧᠷᠢᠶᠠᠯ ᠠᠪᠴᠤ ᠪᠦᠲᠦᠭᠡᠨ ᠪᠠᠶᠢᠭᠤᠯᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠬᠤ ᠬᠡᠷᠡᠭᠲᠡᠢ᠃    ︵ᠭᠤᠷᠪᠠ︶ ᠮᠠᠯᠴᠢᠨ ᠲᠠᠷᠢᠶᠠᠴᠢᠨ ᠡᠷᠦᠬᠡ ᠶᠢᠨ ᠭᠤᠣᠯ ᠴᠣᠭᠴᠠ ᠪᠤᠯᠭᠠᠨ᠎ᠠ᠃ ᠲᠠᠷᠢᠶᠠᠯᠠᠬᠤ ᠮᠠᠯᠵᠢᠬᠤ ᠡᠷᠦᠬᠡ ᠪᠣᠯ ᠣᠷᠣᠨ ᠰᠠᠭᠤᠴᠠ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠭᠤᠣᠯ ᠴᠣᠭᠴᠠ ᠪᠣᠯᠬᠤ ᠲᠤᠯᠠ᠂ ᠭᠡᠷ ᠪᠠᠶᠢᠰᠢᠩ ᠤᠨ ᠠᠮᠤᠷ ᠲᠦᠪᠰᠢᠨ ᠤ ᠳᠠᠯᠳᠠ ᠭᠡᠮ ᠢ ᠣᠯᠵᠤ ᠮᠡᠳᠡᠪᠡᠯ᠂ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠭᠤᠶᠤᠴᠢᠯᠠᠯ ᠢ ᠳᠤᠷᠠᠳᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠢ᠃ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠬᠡᠷᠡᠭᠵᠢᠭᠦᠯᠦᠭᠰᠡᠨ ᠮᠠᠯᠵᠢᠬᠤ ᠲᠠᠷᠢᠶᠠᠯᠠᠬᠤ ᠡᠷᠦᠬᠡ ᠥᠭᠡᠷᠡᠴᠢᠯᠡᠨ ᠰᠢᠨᠡᠳᠬᠡᠬᠦ ᠲᠥᠰᠦᠯ ᠢ ᠰᠣᠩᠭᠤᠬᠤ᠂ ᠪᠡᠯᠡ ᠮᠥᠩᠭᠦ ᠴᠤᠭᠯᠠᠭᠤᠯᠬᠤ᠂ ᠬᠦᠴᠦ ᠬᠥᠳᠡᠯᠮᠦᠷᠢ ᠣᠷᠣᠭᠤᠯᠬᠤ᠂ ᠪᠠᠷᠢᠯᠭ᠎ᠠ ᠪᠠᠷᠢᠬᠤ ᠶᠠᠪᠤᠴᠠ ᠶᠢᠨ ᠶᠠᠰᠤ ᠴᠢᠨᠠᠷ ᠲᠤ ᠬᠢᠨᠠᠯᠲᠠ ᠲᠠᠯᠪᠢᠬᠤ ᠬᠢᠭᠡᠳ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠵᠡᠷᠭᠡ ᠪᠦᠬᠦ ᠶᠠᠪᠤᠴᠠ ᠳᠤ ᠭᠦᠢᠴᠡᠳ ᠣᠷᠣᠯᠴᠠᠬᠤ ᠬᠡᠷᠡᠭᠲᠡᠢ᠃    ︵ᠳᠥᠷᠪᠡ︶ ᠶᠠᠰᠤ ᠴᠢᠨᠠᠷ ᠢ ᠳᠡᠭᠡᠭᠰᠢᠯᠡᠬᠦᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠣᠷᠣᠰᠢᠨ ᠰᠠᠭᠤᠬᠤ ᠴᠢᠳᠠᠮᠵᠢ ᠪᠠ ᠪᠠᠷᠢᠯᠭ᠎ᠠ ᠶᠢᠨ ᠳᠦᠷᠰᠦ ᠪᠠᠶᠢᠳᠠᠯ ᠢ ᠨᠢᠭᠡᠳᠦᠯᠲᠡᠢ ᠲᠥᠯᠥᠪᠯᠡᠨ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠦᠰ ᠵᠡᠷᠭᠡ ᠭᠤᠣᠯᠳᠠᠯᠭ᠎ᠠ ᠲᠠᠢ ᠡᠲᠡᠭᠡᠳ ᠤᠨ ᠣᠷᠣᠨ ᠰᠠᠭᠤᠴᠠ ᠶᠢᠨ ᠨᠥᠬᠦᠴᠡᠯ ᠪᠠ ᠣᠷᠣᠰᠢᠨ ᠰᠠᠭᠤᠬᠤ ᠣᠷᠴᠢᠨ ᠨᠥᠬᠦᠴᠡᠯ ᠢ ᠰᠠᠶᠢᠵᠢᠷᠠᠭᠤᠯᠵᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠤᠨ᠎ᠠ᠃    ᠭᠤᠷᠪᠠ᠂ ᠪᠠᠲᠤᠯᠠᠬᠤ ᠡᠲᠡᠭᠡᠳ    ᠮᠠᠯᠵᠢᠬᠤ ᠲᠠᠷᠢᠶᠠᠯᠠᠬᠤ ᠣᠷᠣᠨ ᠤ ᠣᠷᠣᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠡᠲᠡᠭᠡᠳ ᠨᠢ ᠭᠤᠣᠯᠳᠠᠭᠤ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠦᠰ ᠪᠣᠯᠤᠨ᠎ᠠ᠂ ᠡᠭᠦᠨ ᠳᠤ ᠬᠥᠳᠡᠭᠡ ᠲᠣᠰᠬᠤᠨ ᠳᠤ ᠠᠮᠠᠷᠬᠠᠨ ᠳᠠᠬᠢᠨ ᠶᠠᠳᠠᠭᠤᠷᠠᠭᠰᠠᠨ ᠠᠴᠠ ᠪᠣᠯᠵᠤ ᠶᠠᠳᠠᠭᠤᠷᠠᠭᠰᠠᠨ ᠡᠷᠦᠬᠡ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠬᠥᠳᠡᠭᠡ ᠲᠣᠰᠬᠤᠨ ᠤ ᠲᠠᠷᠠᠬᠠᠢ ᠪᠤᠲᠠᠷᠬᠠᠢ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ ᠬᠥᠮᠦᠰ᠂ ᠡᠪᠡᠳᠴᠢᠨ ᠪᠠ ᠭᠠᠮᠰᠢᠭ ᠠᠴᠠ ᠪᠣᠯᠵᠤ ᠰᠠᠨᠠᠭᠠᠨ ᠳᠤ ᠦᠭᠡᠢ ᠠᠳᠠᠯ ᠵᠡᠷᠭᠡ ᠵᠠᠶᠢᠯᠠᠰᠢ ᠦᠭᠡᠢ ᠵᠠᠷᠤᠯᠭ᠎ᠠ ᠪᠠᠷ ᠨᠡᠯᠢᠶᠡᠳ ᠶᠡᠭᠡ ᠪᠤᠶᠤ ᠣᠷᠣᠯᠭ᠎ᠠ ᠨᠢ ᠶᠡᠭᠡ ᠬᠡᠮᠵᠢᠶ᠎ᠡ ᠪᠠᠷ ᠪᠠᠭᠠᠰᠤᠭᠰᠠᠨ ᠠᠴᠠ ᠪᠣᠯᠵᠣ ᠦᠨᠳᠦᠰᠦᠨ ᠠᠮᠢᠳᠤᠷᠠᠯ ᠳᠤ ᠬᠦᠨᠳᠦ ᠨᠣᠴᠢᠲᠠᠢ ᠬᠦᠴᠢᠷᠳᠡᠯ ᠲᠠᠢ ᠭᠡᠷ ᠪᠦᠯᠢ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠵᠠᠬ᠎ᠠ ᠬᠢᠵᠠᠭᠠᠷ ᠤᠨ ᠭᠡᠷ ᠪᠦᠯᠢ᠂ ᠪᠤᠰᠤᠳ ᠶᠠᠳᠠᠭᠤ ᠠᠴᠠ ᠠᠩᠭᠢᠵᠢᠷᠠᠭᠰᠠᠨ ᠡᠷᠦᠬᠡ ᠵᠡᠷᠭᠡ ᠪᠠᠭᠲᠠᠨ᠎ᠠ᠃      ᠳᠥᠷᠪᠡ᠂ ᠪᠠᠲᠤᠯᠠᠭ᠎ᠠ ᠶᠢᠨ ᠠᠷᠭ᠎ᠠ ᠮᠠᠶ᠋ᠢᠭ    ᠮᠠᠯᠵᠢᠬᠤ ᠲᠠᠷᠢᠶᠠᠯᠠᠬᠤ ᠡᠷᠦᠬᠡ ᠶᠢᠨ ᠥᠪᠡᠰᠦᠪᠡᠨ ᠪᠡᠯᠡ ᠮᠥᠩᠭᠦ ᠴᠤᠭᠯᠠᠭᠤᠯᠬᠤ ᠪᠠᠷ ᠭᠤᠣᠯ ᠪᠣᠯᠭᠠᠬᠤ᠂ ᠵᠠᠰᠠᠭ ᠤᠨ ᠣᠷᠳᠣᠨ ᠠᠴᠠ ᠵᠣᠬᠢᠰᠲᠠᠢ ᠨᠥᠬᠦᠪᠥᠷᠢ ᠥᠭᠬᠦ ᠠᠷᠭ᠎ᠠ ᠮᠠᠶ᠋ᠢᠭ ᠢᠶᠠᠷ ᠳᠠᠮᠵᠢᠭᠤᠯᠤᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠦᠰ ᠵᠡᠷᠭᠡ ᠭᠤᠣᠯᠳᠠᠯᠭ᠎ᠠ ᠲᠠᠢ ᠡᠲᠡᠭᠡᠳ ᠤᠨ ᠣᠷᠣᠨ ᠰᠠᠭᠤᠴᠠ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠭᠤᠣᠯ ᠠᠷᠭ᠎ᠠ ᠮᠠᠶ᠋ᠢᠭ ᠪᠣᠯᠤᠨ᠎ᠠ᠃ ᠨᠥᠬᠦᠴᠡᠯ ᠳᠤ ᠨᠡᠶᠢᠴᠡᠬᠦ ᠪᠠᠲᠤᠯᠠᠭ᠎ᠠ ᠶᠢᠨ ᠡᠲᠡᠭᠡᠳ ᠢ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠳᠡᠮᠵᠢᠬᠦ ᠬᠡᠪᠴᠢᠶᠡᠨ ᠳᠤ ᠣᠷᠣᠭᠤᠯᠵᠤ᠂ ᠭᠡᠷ ᠪᠠᠶᠢᠰᠢᠩ ᠤᠨ ᠠᠶᠤᠯ ᠤᠨ ᠬᠡᠮᠵᠢᠶ᠎ᠡ ᠪᠠ ᠮᠠᠯᠵᠢᠬᠤ ᠲᠠᠷᠢᠶᠠᠯᠠᠬᠤ ᠡᠷᠦᠬᠡ ᠶᠢ ᠥᠭᠡᠷᠡᠴᠢᠯᠡᠨ ᠰᠢᠨᠡᠳᠬᠡᠬᠦ ᠬᠦᠰᠡᠯ ᠰᠠᠨᠠᠭ᠎ᠠ ᠶᠢ ᠦᠨᠳᠦᠰᠦᠯᠡᠨ ᠪᠠᠬᠢᠵᠢᠭᠦᠯᠦᠨ ᠥᠭᠡᠷᠡᠴᠢᠯᠡᠬᠦ᠂ ᠨᠤᠷᠠᠭᠠᠵᠤ ᠳᠠᠬᠢᠨ ᠪᠠᠶᠢᠭᠤᠯᠬᠤ ᠵᠡᠷᠭᠡ ᠠᠷᠭ᠎ᠠ ᠮᠠᠶ᠋ᠢᠭ ᠢ ᠰᠣᠩᠭᠤᠵᠤ ᠣᠷᠣᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠢ ᠰᠢᠢᠳᠪᠦᠷᠢᠯᠡᠨ᠎ᠡ᠃ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠨᠢᠭᠡᠨᠲᠡ ᠬᠡᠷᠡᠭᠵᠢᠭᠦᠯᠦᠭᠰᠡᠨ ᠪᠣᠯᠪᠠᠴᠤ ᠵᠢᠵᠢᠭ ᠬᠡᠯᠪᠡᠷᠢ ᠶᠢᠨ ᠪᠠᠶᠢᠭᠠᠯᠢ ᠶᠢᠨ ᠭᠠᠮᠰᠢᠭ ᠵᠡᠷᠭᠡ ᠰᠢᠯᠲᠠᠭᠠᠨ ᠠᠴᠠ ᠪᠣᠯᠵᠤ ᠪᠠᠰᠠ ᠨᠤᠷᠠᠬᠤ ᠠᠶᠤᠯᠲᠠᠢ ᠭᠡᠷ ᠪᠠᠶᠢᠰᠢᠩ ᠪᠣᠯᠵᠤ ᠬᠤᠪᠢᠷᠠᠭᠰᠠᠨ᠂ ᠪᠠᠰᠠ ᠲᠠᠷᠢᠶᠠᠴᠢᠨ ᠮᠠᠯᠴᠢᠨ ᠡᠷᠦᠬᠡ ᠶᠢᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠡᠭᠦᠨ ᠢ ᠳᠡᠮᠵᠢᠬᠦ ᠬᠡᠪᠴᠢᠶᠡᠨ ᠳᠤ ᠳᠠᠬᠢᠨᠲᠠ ᠣᠷᠣᠭᠤᠯᠵᠤ ᠪᠣᠯᠤᠨ᠎ᠠ᠂ ᠭᠡᠪᠡᠴᠦ ᠭᠠᠮᠰᠢᠭ ᠠᠴᠠ ᠪᠣᠯᠵᠤ ᠨᠤᠷᠠᠵᠤ ᠡᠪᠳᠡᠷᠡᠭᠰᠡᠨ ᠬᠥᠳᠡᠭᠡ ᠲᠣᠰᠬᠤᠨ ᠤ ᠭᠡᠷ ᠪᠠᠶᠢᠰᠢᠩ ᠢ ᠰᠡᠷᠭᠦᠭᠡᠨ ᠳᠠᠬᠢᠨ ᠪᠠᠶᠢᠭᠤᠯᠬᠤ ᠨᠥᠬᠦᠪᠥᠷᠢ ᠶᠢᠨ ᠬᠡᠪᠴᠢᠶᠡᠨ ᠳᠤ ᠨᠢᠭᠡᠨᠲᠡ ᠣᠷᠣᠭᠤᠯᠤᠭᠰᠠᠨ ᠪᠠᠶᠢᠪᠠᠯ᠂ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠳᠠᠬᠢᠨ ᠳᠠᠪᠲᠠᠨ ᠬᠦᠷᠲᠡᠵᠦ ᠪᠣᠯᠬᠤ ᠦᠭᠡᠢ᠃    ᠲᠠᠪᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ    ︵ᠨᠢᠭᠡ︶ C ᠳᠡᠰ ᠤᠨ ᠨᠤᠷᠠᠬᠤ ᠠᠶᠤᠯᠲᠠᠢ ᠭᠡᠷ ᠪᠠᠶᠢᠰᠢᠩ ᠢᠶᠠᠨ ᠰᠡᠯᠪᠢᠨ ᠵᠠᠰᠠᠬᠤ ᠴᠢᠬᠤᠯᠠᠲᠠᠢ ᠭᠡᠵᠦ ᠲᠣᠭᠲᠠᠭᠠᠭᠳᠠᠭᠰᠠᠨ ᠪᠠᠶᠢᠪᠠᠯ᠂ ᠰᠡᠯᠪᠢᠨ ᠵᠠᠰᠠᠬᠤ ᠲᠥᠰᠦᠯ ᠨᠢ ᠦᠨᠡᠨ ᠠᠴᠠ ᠵᠥᠪ ᠢ ᠡᠷᠢᠬᠦ᠂ ᠪᠤᠰᠤᠳᠴᠢ ᠪᠥᠭᠡᠳ ᠲᠥᠪ ᠭᠤᠣᠯᠴᠢ ᠪᠠᠶᠢᠬᠤ ᠶᠢ ᠪᠠᠷᠢᠮᠲᠠᠯᠠᠵᠤ᠂ ᠶᠠᠮᠠᠷ ᠠᠰᠠᠭᠤᠳᠠᠯ ᠣᠷᠣᠰᠢᠵᠤ ᠪᠠᠶᠢᠪᠠᠯ ᠲᠡᠷᠡ ᠠᠰᠠᠭᠤᠳᠠᠯ ᠢ ᠰᠢᠢᠳᠪᠦᠷᠢᠯᠡᠬᠦ ᠵᠠᠷᠴᠢᠮ ᠶᠣᠰᠣᠭᠠᠷ ᠰᠡᠯᠪᠢᠨ ᠵᠠᠰᠠᠬᠤ ᠲᠥᠰᠦᠯ ᠢ ᠲᠣᠭᠲᠠᠭᠠᠵᠤ᠂ ᠪᠠᠷᠢᠮᠵᠢᠶ᠎ᠠ ᠶᠢ ᠳᠤᠷ᠎ᠠ ᠪᠠᠷ ᠢᠶᠠᠨ ᠳᠡᠭᠡᠭᠰᠢᠯᠡᠭᠦᠯᠬᠦ ᠶᠢ ᠴᠢᠩᠭ᠎ᠠ ᠴᠠᠭᠠᠵᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠦᠰ ᠵᠡᠷᠭᠡ ᠭᠤᠣᠯᠳᠠᠯᠭ᠎ᠠ ᠲᠠᠢ ᠡᠲᠡᠭᠡᠳ ᠤᠨ ᠡᠷᠦᠬᠡ ᠪᠦᠷᠢ ᠳᠤ ᠪᠣᠳᠠᠲᠠᠢ ᠡᠭᠦᠰᠦᠭᠰᠡᠨ ᠪᠠᠷᠢᠯᠭ᠎ᠠ ᠶᠢᠨ ᠬᠡᠮᠵᠢᠶ᠎ᠡ ᠶᠢᠨ ᠬᠢᠨᠠᠨ ᠲᠣᠭᠲᠠᠭᠠᠬᠤ ᠦᠨ᠎ᠡ ᠬᠠᠩᠰᠢ ᠪᠠᠷ ᠨᠥᠬᠦᠪᠥᠷᠢ ᠣᠯᠭᠤᠵᠤ᠂ ᠰᠡᠯᠪᠢᠨ ᠵᠠᠰᠠᠬᠤ ᠳᠤ ᠬᠠᠮᠤᠭ ᠥᠨᠳᠥᠷ ᠡᠷᠦᠬᠡ ᠪᠦᠷᠢ ᠳᠤ 1 ᠲᠦᠮᠡᠨ ᠲᠥᠭᠦᠷᠢᠭ ᠤᠨ ᠨᠥᠬᠦᠪᠥᠷᠢ ᠥᠭᠴᠦ᠂ ᠬᠡᠲᠦᠷᠡᠭᠰᠡᠨ ᠬᠡᠰᠡᠭ ᠢ ᠰᠠᠭᠤᠭᠠᠯᠢ ᠡᠷᠦᠬᠡ ᠥᠪᠡᠰᠦᠪᠡᠨ ᠪᠡᠯᠡᠳᠬᠡᠨ᠎ᠡ᠃    ︵ᠬᠤᠶᠠᠷ︶᠂ D ᠳᠡᠰ ᠤᠨ ᠨᠤᠷᠠᠬᠤ ᠠᠶᠤᠯᠲᠠᠢ ᠭᠡᠷ ᠪᠠᠶᠢᠰᠢᠩ ᠢᠶᠠᠷ ᠲᠣᠭᠲᠠᠭᠠᠭᠳᠠᠭᠰᠠᠨ ᠪᠠᠶᠢᠪᠠᠯ᠂ ᠮᠠᠯᠵᠢᠬᠤ ᠲᠠᠷᠢᠶᠠᠯᠠᠬᠤ ᠣᠷᠣᠨ ᠤ ᠳᠣᠣᠷ᠎ᠠ ᠣᠷᠣᠯᠭ᠎ᠠ ᠲᠠᠢ ᠬᠥᠮᠦᠰ ᠵᠡᠷᠭᠡ ᠭᠤᠣᠯᠳᠠᠯᠭ᠎ᠠ ᠲᠠᠢ ᠡᠲᠡᠭᠡᠳ ᠨᠢ ︽ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠬᠢᠩᠭᠠᠨ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ 2023 ᠣᠨ ᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠥᠪᠡᠷᠲᠡᠭᠡᠨ ᠵᠠᠰᠠᠬᠤ ᠣᠷᠣᠨ ᠤ ᠨᠥᠬᠦᠪᠥᠷᠢ ᠪᠡᠯᠡ ᠮᠥᠩᠭᠦ ᠶᠢ ᠪᠠᠭᠤᠯᠭᠠᠬᠤ ᠲᠤᠬᠠᠢ ᠮᠡᠳᠡᠭᠳᠡᠯ︾ ︵ᠰᠢᠩ ᠼᠠᠢ ᠵᠢᠶᠠᠨ ︹2020︺ 20 ᠳ᠋ᠤᠭᠠᠷ ᠲᠣᠭᠠᠲᠤ︶᠂ ︽ᠬᠢᠩᠭᠠᠨ ᠠᠶᠢᠮᠠᠭ ᠤᠨ ᠡᠳ᠋ ᠤᠨ ᠵᠠᠰᠠᠭ ᠤᠨ ᠲᠣᠪᠴᠢᠶ᠎ᠠ ᠬᠢᠩᠭᠠᠨ ᠠᠶᠢᠮᠠᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠠᠴᠠ 2023 ᠣᠨ ᠤ ᠲᠥᠪ ᠤᠨ ᠡᠳ᠋ ᠤᠨ ᠵᠠᠰᠠᠭ ᠤᠨ ᠬᠥᠳᠡᠭᠡ ᠲᠣᠰᠬᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠨᠥᠬᠦᠪᠥᠷᠢ ᠪᠡᠯᠡ ᠮᠥᠩᠭᠦ ᠶᠢᠨ ᠲᠥᠰᠦᠪ ᠢ ᠪᠠᠭᠤᠯᠭᠠᠬᠤ ᠲᠤᠬᠠᠢ ᠮᠡᠳᠡᠭᠳᠡᠯ︾ ︵ᠰᠢᠩ ᠼᠠᠢ ᠪᠦᠲᠦᠭᠡᠨ ᠪᠠᠶᠢᠭᠤᠯᠤᠭᠰᠠᠨ ︹2020︺ 66 ᠳ᠋ᠤᠭᠠᠷ ᠲᠣᠭᠠᠲᠤ︶ ᠶᠣᠰᠣᠭᠠᠷ︶ ᠵᠣᠷᠢᠭ ᠰᠠᠨᠠᠭ᠎ᠠ᠂ ᠰᠢᠨ᠎ᠡ ᠪᠠᠷ ᠪᠠᠶᠢᠭᠤᠯᠤᠭᠰᠠᠨ ᠡᠷᠦᠬᠡ ᠪᠦᠷᠢ ᠳᠤ 4.8643 ᠲᠦᠮᠡᠨ ᠲᠥᠭᠦᠷᠢᠭ ᠤᠨ ᠨᠥᠬᠦᠪᠥᠷᠢ ᠥᠭᠴᠦ᠂ ᠬᠡᠲᠦᠷᠡᠭᠰᠡᠨ ᠬᠡᠰᠡᠭ ᠢ ᠰᠠᠭᠤᠭ᠎ᠠ ᠡᠷᠦᠭᠡ ᠥᠪᠡᠷᠲᠡᠭᠡᠨ ᠴᠤᠭᠯᠠᠭᠤᠯᠤᠨ᠎ᠠ᠃     ︵ᠭᠤᠷᠪᠠ︶ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠡᠭᠦᠷᠭᠡ ᠶᠢ ᠨᠤᠷᠠᠭᠠᠵᠤ ᠳᠠᠬᠢᠨ ᠪᠠᠶᠢᠭᠤᠯᠬᠤ ᠡᠭᠦᠷᠭᠡ ᠶᠢ ᠠᠪᠤᠭᠰᠠᠨ ᠪᠠᠶᠢᠪᠠᠯ᠂ ᠵᠠᠷᠴᠢᠮ ᠳᠡᠭᠡᠷ᠎ᠡ ᠪᠠᠨ ᠤᠤᠯ ᠤᠨ ᠨᠤᠷᠠᠬᠤ ᠠᠶᠤᠯᠲᠠᠢ ᠭᠡᠷ ᠪᠠᠶᠢᠰᠢᠩ ᠢ ᠪᠦᠬᠦᠨ ᠢ ᠨᠤᠷᠠᠭᠠᠵᠤ᠂ ᠨᠦᠬᠡᠨ ᠭᠡᠷ ᠵᠡᠷᠭᠡ ᠤᠯᠠᠮᠵᠢᠯᠠᠯᠲᠤ ᠪᠠᠷᠢᠯᠭ᠎ᠠ ᠳᠤ ᠬᠠᠷᠢᠶᠠᠯᠠᠭᠳᠠᠬᠤ ᠪᠤᠶᠤ ᠬᠥᠷᠰᠢ ᠵᠡᠷᠭᠡᠯᠡᠳᠡᠭᠡ ᠪᠠᠷᠠᠭᠤᠨ ᠬᠠᠰᠢᠶᠠᠨ ᠲᠠᠢ ᠬᠤᠯᠪᠣᠭᠠᠯᠠᠨ ᠭᠠᠳᠠᠭᠰᠢᠯᠠᠭᠤᠯᠵᠤ ᠭᠡᠷ ᠪᠠᠶᠢᠰᠢᠩ ᠪᠠᠷᠢᠬᠤ ᠵᠡᠷᠭᠡ ᠪᠤᠰᠤᠳᠴᠢ ᠰᠢᠯᠲᠠᠭᠠᠨ ᠠᠴᠠ ᠪᠣᠯᠵᠤ ᠨᠤᠷᠠᠭᠠᠬᠤ ᠳᠤ ᠪᠡᠷᠬᠡᠲᠡᠢ ᠪᠠᠶᠢᠪᠠᠯ᠂ ᠳᠠᠬᠢᠵᠤ ᠰᠠᠭᠤᠬᠤ ᠦᠭᠡᠢ ᠪᠥᠭᠡᠳ ᠨᠤᠲᠠᠯᠠᠬᠤ ᠶᠠᠪᠤᠴᠠ ᠶᠢ ᠭᠦᠢᠴᠡᠳᠬᠡᠭᠰᠡᠨ ᠤ ᠳᠠᠷᠠᠭ᠎ᠠ ᠨᠤᠷᠠᠭᠠᠬᠤ ᠦᠭᠡᠢ ᠪᠠᠶᠢᠵᠤ ᠪᠣᠯᠤᠨ᠎ᠠ᠃    ᠵᠢᠷᠭᠤᠭ᠎ᠠ᠂ ᠠᠵᠢᠯ ᠤᠨ ᠱᠠᠭᠠᠷᠳᠠᠯᠭ᠎ᠠ    ︵ᠨᠢᠭᠡ︶ ᠡᠯ᠎ᠡ ᠰᠤᠮᠤ ᠪᠠᠯᠭᠠᠰᠤ ᠪᠠᠷ ᠭᠤᠣᠯᠯᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠦᠰ ᠵᠡᠷᠭᠡ ᠭᠤᠣᠯᠳᠠᠯᠭ᠎ᠠ ᠲᠠᠢ ᠡᠲᠡᠭᠡᠳ ᠤᠨ ᠭᠡᠷ ᠪᠠᠶᠢᠰᠢᠩ ᠤᠨ ᠪᠠᠶᠢᠳᠠᠯ ᠢ ᠳᠠᠬᠢᠨ ᠬᠢᠨᠠᠵᠤ ᠡᠵᠡᠮᠳᠡᠬᠦ ᠠᠵᠢᠯ ᠢ ᠥᠷᠨᠢᠭᠦᠯᠵᠦ᠂ ᠰᠠᠭᠤᠷᠢ ᠲᠤᠭ᠎ᠠ ᠶᠢ ᠪᠦᠬᠦ ᠲᠠᠯ᠎ᠠ ᠪᠠᠷ ᠲᠣᠳᠣᠷᠬᠠᠢ ᠣᠶᠢᠯᠠᠭᠠᠨ᠂ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠲᠥᠷᠥ ᠶᠢᠨ ᠪᠣᠳᠣᠯᠭ᠎ᠠ ᠶᠢ ᠨᠢᠭᠡᠨᠲᠡ ᠬᠦᠷᠲᠡᠵᠦ᠂ ᠭᠡᠷ ᠪᠠᠶᠢᠰᠢᠩ ᠢ ᠨᠢ ᠦᠷ᠎ᠡ ᠬᠡᠦᠬᠡᠳ ᠤᠨ ᠣᠷᠣᠰᠢᠨ ᠰᠠᠭᠤᠬᠤ ᠳᠤ ᠬᠡᠷᠡᠭᠯᠡᠭᠦᠯᠬᠦ ᠶᠢ ᠨᠢ ᠴᠥᠮ ᠠᠷᠢᠯᠭᠠᠵᠤ᠂ ᠨᠤᠷᠠᠬᠤ ᠠᠶᠤᠯᠲᠠᠢ ᠭᠡᠷ ᠪᠠᠶᠢᠰᠢᠩ ᠢ ᠰᠢᠨᠡᠳᠬᠡᠨ ᠵᠠᠰᠠᠬᠤ ᠬᠡᠪᠴᠢᠶᠡᠨ ᠳᠤ ᠳᠠᠬᠢᠵᠤ ᠣᠷᠣᠭᠤᠯᠬᠤ ᠦᠭᠡᠢ ᠪᠥᠭᠡᠳ ᠳᠠᠬᠢᠨ ᠬᠢᠨᠠᠭᠰᠠᠨ ᠦᠷ᠎ᠡ ᠳ᠋ᠦᠩ ᠢ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠳᠤ ᠮᠡᠳᠡᠭᠦᠯᠦᠨ ᠯᠠᠪᠯᠠᠯᠲᠠ ᠶᠢᠨ ᠦᠨᠳᠦᠰᠦᠯᠡᠯ ᠪᠣᠯᠭᠠᠨ᠎ᠠ᠃    ︵ᠬᠤᠶᠠᠷ︶ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠯ᠎ᠡ ᠰᠤᠮᠤ ᠪᠠᠯᠭᠠᠰᠤᠨ ᠤ ᠳᠠᠬᠢᠨ ᠬᠢᠨᠠᠭᠰᠠᠨ ᠦᠷ᠎ᠡ ᠳ᠋ᠦᠩ ᠲᠠᠢ ᠤᠶᠠᠯᠳᠤᠭᠤᠯᠤᠨ᠂ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠵᠦ ᠳᠠᠬᠢᠨ ᠬᠢᠨᠠᠵᠤ ᠰᠢᠯᠭᠠᠨ ᠲᠣᠭᠲᠠᠭᠠᠬᠤ ᠠᠵᠢᠯ ᠤᠨ ᠳᠤᠭᠤᠶᠢᠯᠠᠩ ᠪᠠᠶᠢᠭᠤᠯᠵᠤ᠂ ᠡᠯ᠎ᠡ ᠰᠤᠮᠤ ᠪᠠᠯᠭᠠᠰᠤᠨ ᠳᠤ ᠭᠦᠨᠵᠡᠭᠡᠶᠢᠷᠡᠨ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠦᠰ ᠵᠡᠷᠭᠡ ᠭᠤᠣᠯᠳᠠᠯᠭ᠎ᠠ ᠲᠠᠢ ᠡᠲᠡᠭᠡᠳ ᠲᠤ ᠭᠡᠷ ᠪᠠᠶᠢᠰᠢᠩ ᠢ ᠳᠠᠬᠢᠨ ᠬᠢᠨᠠᠵᠤ ᠰᠢᠯᠭᠠᠨ ᠲᠣᠭᠲᠠᠭᠠᠬᠤ ᠠᠵᠢᠯ ᠥᠷᠨᠢᠭᠦᠯᠪᠡ᠃    ︵ᠭᠤᠷᠪᠠ︶ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠲᠣᠳᠣᠷᠬᠠᠶᠢᠯᠠᠵᠤ᠂ ᠣᠷᠣᠨ ᠰᠠᠭᠤᠴᠠ ᠶᠢᠨ ᠠᠮᠤᠷ ᠲᠦᠪᠰᠢᠨ ᠢ ᠪᠠᠲᠤᠯᠠᠬᠤ ᠮᠥᠷᠲᠡᠭᠡᠨ ᠪᠠᠰᠠ ᠰᠣᠬᠤᠷ ᠪᠠᠯᠠᠢ ᠪᠠᠷ ᠳᠤᠷᠠᠯᠠᠬᠤ ᠦᠭᠡᠢ ᠪᠠᠶᠢᠬᠤ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠪᠠᠷᠢᠮᠲᠠᠯᠠᠵᠤ᠂ ᠲᠠᠷᠢᠶᠠᠯᠠᠬᠤ ᠮᠠᠯᠵᠢᠬᠤ ᠡᠷᠦᠬᠡ ᠶᠢ ᠬᠥᠲᠥᠯᠥᠨ ᠵᠢᠯᠣᠭᠤᠳᠴᠤ ᠪᠠᠶᠢᠭᠠᠳ ᠴᠢᠳᠠᠯ ᠤᠨ ᠢᠶᠠᠨ ᠬᠢᠷᠢ ᠪᠠᠷ ᠬᠢᠵᠦ᠂ ᠴᠢᠳᠠᠯ ᠤᠨ ᠬᠢᠷᠢ ᠪᠠᠷ ᠢᠶᠠᠨ ᠬᠢᠵᠦ᠂ ᠰᠣᠬᠤᠷ ᠪᠠᠯᠠᠢ ᠪᠠᠷ ᠠᠳᠠᠯᠢᠳᠬᠠᠨ ᠮᠠᠯᠵᠢᠬᠤ ᠲᠠᠷᠢᠶᠠᠯᠠᠬᠤ ᠡᠷᠦᠬᠡ ᠶᠢᠨ ᠠᠵᠤ ᠠᠬᠤᠢ ᠶᠢᠨ ᠳᠠᠷᠤᠭᠠᠰᠤ ᠶᠢ ᠬᠦᠨᠳᠦᠷᠡᠭᠦᠯᠬᠦ ᠠᠴᠠ ᠵᠠᠶᠢᠯᠠᠰᠬᠢᠬᠦ ᠬᠡᠷᠡᠭᠲᠡᠢ᠃ ᠥᠭᠡᠷᠡᠴᠢᠯᠡᠨ ᠰᠢᠨᠡᠳᠬᠡᠭᠰᠡᠨ ᠤ ᠳᠠᠷᠠᠭᠠᠬᠢ ᠭᠡᠷ ᠪᠠᠶᠢᠰᠢᠩ ᠤᠨ ᠲᠠᠯᠠᠪᠠᠢ ᠶᠢ ᠵᠠᠷᠴᠢᠮ ᠳᠡᠭᠡᠷ᠎ᠡ ᠪᠠᠨ 1᠎ ᠠᠴᠠ 3 ᠬᠥᠮᠦᠨ ᠤ ᠡᠷᠦᠬᠡ ᠶᠢ 40 — 60 ᠺᠦᠸᠠᠳ᠋ ᠮᠧᠳ᠋ᠷ ᠤᠨ ᠳᠣᠲᠣᠷ᠎ᠠ ᠬᠢᠵᠠᠭᠠᠷᠯᠠᠬᠤ ᠮᠥᠷᠲᠡᠭᠡᠨ 1 ᠬᠥᠮᠦᠨ ᠤ ᠡᠷᠦᠬᠡ ᠶᠢ 20 ᠺᠦᠸᠠᠳ᠋ ᠮᠧᠲᠷ ᠠᠴᠠ ᠳᠣᠣᠷ᠎ᠠ ᠪᠠᠶᠢᠯᠭᠠᠬᠤ ᠦᠭᠡᠢ᠂ 2 ᠬᠥᠮᠦᠨ ᠤ ᠡᠷᠦᠬᠡ ᠶᠢ 30 ᠺᠦᠸᠠᠳ᠋ ᠮᠧᠲᠷ ᠠᠴᠠ ᠳᠣᠣᠷ᠎ᠠ ᠪᠠᠶᠢᠯᠭᠠᠬᠤ ᠦᠭᠡᠢ᠂ 3 ᠬᠥᠮᠦᠨ ᠤ ᠡᠷᠦᠬᠡ ᠶᠢ 40 ᠺᠦᠸᠠᠳ᠋ ᠮᠧᠲᠷ ᠠᠴᠠ ᠳᠣᠣᠷ᠎ᠠ ᠪᠠᠶᠢᠯᠭᠠᠬᠤ ᠦᠭᠡᠢ︔ 3 ᠬᠥᠮᠦᠨ ᠠᠴᠠ ᠳᠡᠭᠡᠭᠰᠢᠬᠢ ᠡᠷᠦᠬᠡ ᠶᠢᠨ ᠬᠥᠮᠦᠨ ᠳᠤᠮᠳᠠᠴᠢ ᠶᠢᠨ ᠪᠠᠷᠢᠯᠭ᠎ᠠ ᠶᠢᠨ ᠲᠠᠯᠠᠪᠠᠢ ᠶᠢ 18 ᠺᠦᠸᠠᠳ᠋ ᠮᠧᠲᠷ ᠠᠴᠠ ᠬᠡᠲᠦᠷᠡᠭᠦᠯᠵᠦ ᠪᠣᠯᠬᠤ ᠦᠭᠡᠢ᠂ 13 ᠺᠦᠸᠠᠳ᠋ ᠮᠧᠳ᠋ᠷ ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ ᠠᠮᠤ ᠪᠤᠳᠠᠭ᠎ᠠ ᠬᠠᠳᠠᠭᠠᠯᠠᠬᠤ᠂ ᠲᠠᠷᠢᠶᠠᠯᠠᠩ ᠤᠨ ᠪᠠᠭᠠᠵᠢ ᠲᠠᠯᠪᠢᠬᠤ ᠵᠡᠷᠭᠡ ᠬᠡᠷᠡᠭᠴᠡᠭᠡ ᠳᠤ ᠲᠤᠰᠠᠯᠠᠬᠤ ᠭᠡᠷ ᠪᠠᠶᠢᠰᠢᠩ ᠢ ᠭᠤᠣᠯ ᠭᠡᠷ ᠤᠨ ᠪᠠᠷᠢᠯᠭ᠎ᠠ ᠶᠢᠨ ᠲᠠᠯᠠᠪᠠᠢ ᠳᠤ ᠪᠣᠳᠣᠵᠤ ᠣᠷᠣᠭᠤᠯᠬᠤ ᠦᠭᠡᠢ᠃    ᠳᠣᠯᠤᠭ᠎ᠠ᠂ ᠠᠵᠢᠯ ᠤᠨ ᠡᠭᠦᠷᠭᠡ    ︵ᠨᠢᠭᠡ︶ ᠬᠥᠳᠡᠯᠦᠩᠭᠦᠢ ᠬᠢᠨᠠᠨ ᠬᠡᠮᠵᠢᠬᠦ ᠲᠣᠭᠲᠠᠴᠠ ᠶᠢ ᠪᠦᠷᠢᠨᠰᠢᠭᠦᠯᠦᠨ᠎ᠡ᠃ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠤᠳ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠷᠠᠳ ᠤᠨ ᠶᠠᠪᠤᠳᠠᠯ ᠵᠡᠷᠭᠡ ᠰᠠᠯᠠᠭ᠎ᠠ ᠮᠥᠴᠢᠷ ᠲᠠᠢ ᠵᠣᠬᠢᠴᠠᠯᠳᠤᠨ ᠬᠥᠳᠡᠯᠦᠯᠴᠡᠬᠦ ᠪᠠ ᠲᠤᠭ᠎ᠠ ᠪᠠᠷᠢᠮᠲᠠ ᠶᠢ ᠬᠠᠷᠢᠯᠴᠠᠨ ᠨᠡᠪᠲᠡᠷᠡᠯᠴᠡᠵᠦ ᠬᠠᠮᠲᠤᠪᠠᠷ ᠭᠥᠷᠳᠡᠬᠦ ᠶᠢ ᠴᠢᠩᠭᠠᠳᠬᠠᠵᠤ᠂ ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠦᠰ ᠵᠡᠷᠭᠡ ᠭᠤᠣᠯᠳᠠᠯᠭ᠎ᠠ ᠲᠠᠢ ᠡᠲᠡᠭᠡᠳ ᠤᠨ ᠣᠷᠣᠨ ᠰᠠᠭᠤᠴᠠ ᠶᠢᠨ ᠠᠮᠤᠷ ᠲᠦᠪᠰᠢᠨ ᠤ ᠬᠥᠳᠡᠯᠦᠩᠭᠦᠢ ᠬᠢᠨᠠᠨ ᠬᠡᠮᠵᠢᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃ ᠬᠢᠨᠠᠨ ᠬᠡᠮᠵᠢᠬᠦ ᠳᠤ ᠢᠯᠡᠷᠡᠭᠦᠯᠦᠭᠰᠡᠨ ᠣᠷᠣᠨ ᠰᠠᠭᠤᠴᠠ ᠶᠢᠨ ᠠᠮᠤᠷ ᠲᠦᠪᠰᠢᠨ ᠤ ᠠᠰᠠᠭᠤᠳᠠᠯ ᠳᠤ ᠠᠵᠢᠯ ᠤᠨ ᠡᠬᠡ ᠳᠠᠩᠰᠠ ᠪᠠᠶᠢᠭᠤᠯᠵᠤ᠂ ᠳ᠋ᠤᠭᠠᠷ ᠬᠠᠰᠤᠬᠤ ᠳᠦᠷᠢᠮ ᠢ ᠬᠡᠷᠡᠭᠵᠢᠭᠦᠯᠦᠨ᠂ ᠨᠢᠭᠡ ᠡᠷᠦᠬᠡ ᠶᠢ ᠰᠢᠢᠳᠪᠦᠷᠢᠯᠡᠵᠦ᠂ ᠨᠢᠭᠡ ᠡᠷᠦᠬᠡ ᠶᠢ ᠦᠭᠡᠶᠢᠰᠬᠡᠨ᠂ ᠪᠤᠢ ᠪᠦᠬᠦᠢ ᠪᠠᠲᠤᠯᠠᠭ᠎ᠠ ᠶᠢᠨ ᠡᠲᠡᠭᠡᠳ ᠤᠨ ᠣᠷᠣᠨ ᠰᠠᠭᠤᠴᠠ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠬᠡᠷᠡᠭᠲᠡᠢ᠃     ︵ᠬᠤᠶᠠᠷ︶ ᠶᠠᠰᠤ ᠴᠢᠨᠠᠷ ᠤᠨ ᠠᠶᠤᠯ ‍ᠦᠭᠡᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠤᠷᠠᠨ ᠳᠠᠷᠬᠠᠨ ᠵᠡᠷᠭᠡ ᠮᠡᠷᠭᠡᠵᠢᠯ ᠤᠨ ᠬᠦᠴᠦᠨ ᠤ ᠪᠣᠯᠪᠠᠰᠤᠷᠠᠯ ᠢ ᠴᠢᠩᠭᠠᠳᠬᠠᠵᠤ᠂ ᠵᠠᠰᠠᠭ ᠵᠠᠬᠢᠷᠭᠠᠨ ᠤ ᠣᠷᠣᠨ ᠪᠦᠰᠡ ᠶᠢᠨ ᠳᠣᠲᠣᠷᠠᠬᠢ ᠮᠡᠷᠭᠡᠵᠢᠯ ᠤᠨ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠵᠤ᠂ ᠮᠡᠷᠭᠡᠵᠢᠯ ᠤᠨ ᠬᠦᠴᠦᠨ ᠢᠶᠠᠷ ᠪᠠᠭᠤᠷᠠᠢ ᠭᠠᠵᠠᠷ ᠣᠷᠣᠨ ᠢ ᠬᠠᠪᠰᠤᠷᠤᠨ ᠬᠥᠳᠡᠭᠡ ᠲᠣᠰᠬᠤᠨ ᠤ ᠭᠡᠷ ᠪᠠᠶᠢᠰᠢᠩ ᠤᠨ ᠠᠮᠤᠷ ᠲᠦᠪᠰᠢᠨ ᠤ ᠴᠢᠨᠠᠷ ᠤᠨ ᠬᠢᠨᠠᠨ ᠲᠣᠭᠲᠠᠭᠠᠯ ᠵᠡᠷᠭᠡ ᠬᠠᠮᠢᠶ᠎ᠠ ᠪᠦᠬᠦᠢ ᠮᠡᠷᠭᠡᠵᠢᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠢᠨᠠᠨ ᠲᠣᠭᠲᠠᠭᠠᠭᠰᠠᠨ ᠦᠷ᠎ᠡ ᠳ᠋ᠦᠩ ᠤᠨ ᠣᠨᠣᠪᠴᠢᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠠᠮᠤᠷ ᠲᠦᠪᠰᠢᠨ ᠤ ᠱᠠᠭᠠᠷᠳᠠᠯᠭ᠎ᠠ ᠵᠢᠴᠢ ᠲᠠᠷᠢᠶᠠᠴᠢᠳ ᠤᠨ ᠠᠮᠢᠳᠤᠷᠠᠯ ᠤᠨ ᠳᠠᠳᠬᠠᠯ ᠳᠤ ᠨᠡᠶᠢᠴᠡᠭᠰᠡᠨ ᠲᠠᠷᠢᠶᠠᠴᠢᠨ ᠤ ᠭᠡᠷ ᠪᠠᠶᠢᠰᠢᠩ ᠤᠨ ᠵᠢᠷᠤᠭ ᠲᠥᠯᠥᠪᠯᠡᠭᠡ ᠶᠢᠨ ᠨᠡᠶᠢᠳᠡᠮ ᠬᠡᠷᠡᠭᠯᠡᠬᠦ ᠵᠢᠷᠤᠭ ᠢ ᠨᠠᠶᠢᠷᠠᠭᠤᠯᠤᠨ ᠵᠣᠬᠢᠶᠠᠵᠤ᠂ ᠰᠦᠢᠳᠬᠡᠯ ᠬᠤᠷᠢᠶᠠᠬᠤ ᠦᠭᠡᠢ ᠪᠠᠷ ᠮᠠᠯᠵᠢᠬᠤ ᠲᠠᠷᠢᠶᠠᠯᠠᠬᠤ ᠡᠷᠦᠬᠡ ᠶᠢ ᠬᠠᠩᠭᠠᠵᠤ᠂ ᠮᠠᠯᠵᠢᠬᠤ ᠲᠠᠷᠢᠶᠠᠯᠠᠬᠤ ᠡᠷᠦᠬᠡ ᠶᠢ ᠬᠥᠲᠥᠯᠥᠨ ᠵᠢᠯᠣᠭᠤᠳᠴᠤ ᠪᠠᠶᠢᠭᠠᠳ ᠳᠣᠣᠷ᠎ᠠ ᠥᠪᠡᠷ ᠤᠨ ᠥᠷᠲᠡᠭ ᠲᠠᠢ ᠥᠭᠡᠷᠡᠴᠢᠯᠡᠬᠦ ᠠᠷᠭ᠎ᠠ ᠮᠠᠶ᠋ᠢᠭ ᠢ ᠰᠣᠩᠭᠤᠨ᠎ᠠ᠃ ᠪᠠᠷᠢᠯᠭ᠎ᠠ ᠶᠢᠨ ᠲᠤᠬᠠᠢ ᠶᠢᠨ ᠭᠠᠵᠠᠷ ᠢ ᠲᠣᠭᠤᠷᠢᠨ ᠪᠠᠶᠢᠴᠠᠭᠠᠬᠤ ᠪᠠ ᠵᠢᠯᠣᠭᠤᠳᠤᠨ ᠬᠢᠨᠠᠯᠲᠠ ᠲᠠᠯᠪᠢᠬᠤ ᠶᠢ ᠴᠢᠩᠭᠠᠳᠬᠠᠵᠤ᠂ ᠠᠰᠠᠭᠤᠳᠠᠯ ᠢ ᠴᠠᠭ ᠲᠤᠬᠠᠢ ᠳᠤᠨᠢ ᠣᠯᠵᠤ ᠮᠡᠳᠡᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠵᠤ᠂ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠠᠵᠢᠯ ᠢ ᠰᠠᠶᠢᠲᠤᠷ ᠬᠢᠬᠦ ᠶᠢ ᠵᠢᠯᠣᠭᠤᠳᠴᠤ᠂ ᠥᠭᠡᠷᠡᠴᠢᠯᠡᠨ ᠪᠠᠶᠢᠭᠤᠯᠤᠭᠰᠠᠨ ᠤ ᠳᠠᠷᠠᠭᠠᠬᠢ ᠭᠡᠷ ᠪᠠᠶᠢᠰᠢᠩ ᠤᠨ ᠠᠮᠤᠷ ᠲᠦᠪᠰᠢᠨ ᠤ ᠱᠠᠭᠠᠷᠳᠠᠯᠭ᠎ᠠ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠢ᠃    ︵ᠭᠤᠷᠪᠠ︶ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠭᠡᠷ ᠪᠠᠶᠢᠰᠢᠩ ᠤᠨ ᠦᠨᠳᠦᠰᠦᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠬᠦ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠪᠠᠷ ᠬᠠᠷᠠᠯᠲᠠ ᠪᠣᠯᠭᠠᠨ ᠬᠥᠳᠡᠭᠡ ᠲᠣᠰᠬᠤᠨ ᠤ ᠭᠡᠷ ᠪᠠᠶᠢᠰᠢᠩ ᠤᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ ᠬᠥᠳᠡᠭᠡ ᠲᠣᠰᠬᠤᠨ ᠤ ᠭᠡᠷ ᠪᠠᠶᠢᠰᠢᠩ ᠤᠨ ᠬᠡᠷᠡᠭᠯᠡᠭᠡᠨ ᠤ ᠴᠢᠳᠠᠮᠵᠢ ᠶᠢ ᠲᠡᠭᠦᠯᠳᠡᠷᠵᠢᠭᠦᠯᠬᠦ ᠬᠡᠷᠡᠭᠲᠡᠢ᠃ ᠥᠭᠡᠷᠡᠴᠢᠯᠡᠯᠲᠡ ᠶᠢᠨ ᠳᠤᠮᠳᠠ ᠪᠠᠷᠢᠯᠭ᠎ᠠ ᠶᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠵᠡᠷᠭᠡᠪᠡᠷ ᠬᠡᠷᠡᠭᠵᠢᠭᠦᠯᠬᠦ ᠶᠢ ᠵᠣᠷᠢᠭᠵᠢᠭᠤᠯᠵᠤ᠂ ᠣᠷᠣᠨ ᠰᠠᠭᠤᠴᠠ ᠶᠢᠨ ᠠᠮᠤᠷ ᠲᠦᠪᠰᠢᠨ ᠤ ᠴᠢᠨᠠᠷ ᠢ ᠪᠠᠲᠤᠯᠠᠬᠤ ᠶᠢᠨ ᠬᠠᠮᠲᠤ ᠡᠨᠧᠷᠭᠢ ᠶᠢᠨ ᠬᠤᠷᠣᠭᠳᠠᠯ ᠪᠣᠯᠤᠨ ᠲᠠᠷᠢᠶᠠᠴᠢᠨ ᠡᠷᠦᠬᠡ ᠶᠢᠨ ᠳᠤᠯᠠᠭᠠᠯᠠᠭ᠎ᠠ ᠶᠢᠨ ᠵᠠᠷᠤᠯᠭ᠎ᠠ ᠶᠢ ᠪᠠᠭᠤᠷᠠᠭᠤᠯᠵᠤ᠂ ᠬᠥᠳᠡᠭᠡ ᠲᠣᠰᠬᠤᠨ ᠤ ᠭᠡᠷ ᠪᠠᠶᠢᠰᠢᠩ ᠤᠨ ᠡᠨᠧᠷᠭᠢ ᠠᠷᠪᠢᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠢ᠃    ᠨᠠᠢᠮᠠ᠂ ᠬᠡᠷᠡᠭᠵᠢᠭᠦᠯᠬᠦ ᠴᠠᠭ ᠬᠤᠭᠤᠴᠠᠭ᠎ᠠ    ᠮᠠᠯᠵᠢᠬᠤ ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠢ ᠬᠥᠮᠦᠰ ᠵᠡᠷᠭᠡ ᠭᠤᠣᠯᠳᠠᠯᠭ᠎ᠠ ᠲᠠᠢ ᠡᠲᠡᠭᠡᠳ ᠤᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠵᠠᠰᠠᠬᠤ ᠪᠠᠷᠢᠯᠭ᠎ᠠ ᠶᠢ ᠵᠢᠯ ᠪᠦᠷᠢ ᠶᠢᠨ 10 ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠪᠠᠷᠢᠯᠭ᠎ᠠ ᠳᠠᠭᠤᠰᠬᠠᠵᠤ᠂ 11 ᠰᠠᠷ᠎ᠠ ᠶᠢᠨ ᠰᠡᠭᠦᠯᠴᠢ ᠠᠴᠠ ᠡᠮᠦᠨ᠎ᠡ ᠣᠷᠣᠵᠤ ᠰᠠᠭᠤᠬᠤ ᠨᠥᠬᠦᠴᠡᠯ ᠳᠤ ᠬᠦᠷᠭᠡᠵᠦ᠂ 12 ᠰᠠᠷ᠎ᠠ ᠶᠢᠨ ᠰᠡᠭᠦᠯᠴᠢ ᠪᠠᠷ ᠡᠮᠦᠨᠡᠲᠦ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠯ᠎ᠡ ᠰᠤᠮᠤ ᠪᠠᠯᠭᠠᠰᠤ ᠶᠢ ᠵᠣᠬᠢᠶᠠᠨ ᠪᠠᠶᠢᠭᠤᠯᠤᠨ ᠰᠢᠯᠭᠠᠨ ᠠᠪᠬᠤ ᠠᠵᠢᠯ ᠢ ᠪᠡᠶᠡᠯᠡᠭᠦᠯᠬᠦ ᠶᠢᠨ ᠬᠠᠮᠲᠤ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢ ᠭᠤᠶᠤᠴᠢᠯᠠᠨ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠨᠥᠬᠦᠪᠥᠷᠢ ᠪᠡᠯᠡ ᠮᠥᠩᠭᠦ ᠶᠢ ᠰᠢᠯᠵᠢᠭᠦᠯᠦᠨ ᠥᠭᠬᠦ ᠶᠢ ᠱᠠᠭᠠᠷᠳᠠᠪᠠ᠃    ᠶᠢᠰᠦ᠂ ᠰᠢᠯᠭᠠᠨ ᠠᠪᠬᠤ ᠱᠠᠭᠠᠷᠳᠠᠯᠭ᠎ᠠ    ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ︽ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠬᠠᠮᠢᠶᠠᠷᠤᠯᠲᠠ ᠶᠢᠨ ᠵᠢᠷᠤᠮᠵᠢᠯ︾ ︵DBJ03 - 2018︶᠎ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠦᠬᠦ ᠶᠠᠪᠤᠴᠠ ᠶᠢᠨ ᠬᠠᠮᠢᠶᠠᠷᠤᠯᠲᠠ ᠶᠢᠨ ᠠᠵᠢᠯ ᠢ ᠰᠠᠶᠢᠲᠤᠷ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠴᠠᠲᠠᠢ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠬᠠᠮᠢᠶᠠᠷᠤᠯᠲᠠ ᠶᠢᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠬᠠᠮᠢᠶ᠎ᠠ ᠪᠦᠬᠦᠢ ᠬᠠᠷᠢᠭᠤᠴᠠᠯᠭᠠᠲᠤ ᠭᠤᠣᠯ ᠴᠣᠭᠴᠠ ᠵᠢᠴᠢ ᠥᠭᠡᠷᠡᠴᠢᠯᠡᠨ ᠰᠢᠨᠡᠳᠬᠡᠬᠦ ᠡᠷᠦᠬᠡ ᠶᠢ ᠵᠣᠬᠢᠶᠠᠨ ᠪᠠᠶᠢᠭᠤᠯᠤᠨ ᠪᠠᠷᠢᠯᠭ᠎ᠠ ᠳᠠᠭᠤᠰᠤᠭᠰᠠᠨ ᠢ ᠰᠢᠯᠭᠠᠨ ᠠᠪᠴᠤ᠂ ᠥᠭᠡᠷᠡᠴᠢᠯᠡᠨ ᠰᠢᠨᠡᠳᠬᠡᠬᠦ ᠡᠷᠦᠬᠡ ᠨᠢ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠪᠦᠬᠦ ᠶᠠᠪᠤᠴᠠ ᠳᠤ ᠣᠷᠣᠯᠴᠠᠬᠤ ᠶᠢᠨ ᠬᠠᠮᠲᠤ ᠬᠢᠷᠢ ᠲᠡᠩᠴᠡᠭᠰᠡᠨ ᠤ ᠳᠠᠷᠠᠭ᠎ᠠ ᠭᠠᠷ ᠤᠨ ᠦᠰᠦᠭ ᠵᠢᠷᠤᠵᠤ ᠨᠤᠲᠠᠯᠠᠬᠤ ᠬᠡᠷᠡᠭᠲᠡᠢ᠃ ᠰᠢᠯᠭᠠᠨ ᠠᠪᠬᠤ ᠶᠢ ᠳᠠᠮᠵᠢᠭᠰᠠᠨ ᠦᠭᠡᠢ ᠪᠤᠶᠤ ᠰᠢᠯᠭᠠᠨ ᠠᠪᠬᠤ ᠳᠤ ᠬᠢᠷᠢ ᠲᠡᠩᠴᠡᠭᠰᠡᠨ ᠦᠭᠡᠢ ᠪᠣᠯ ᠲᠤᠰᠢᠶᠠᠨ ᠥᠭᠴᠦ ᠬᠡᠷᠡᠭᠯᠡᠭᠦᠯᠵᠦ ᠪᠣᠯᠬᠤ ᠦᠭᠡᠢ᠃         ᠠᠷᠪᠠ᠂ ᠡᠯ᠎ᠡ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ    ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠬᠠᠷᠢᠭᠤᠴᠠᠯᠭ᠎ᠠ ᠶᠢᠨ ᠭᠤᠣᠯ ᠴᠣᠭᠴᠠ ᠪᠣᠯᠤᠨ᠎ᠠ᠂ ᠭᠤᠣᠯᠳᠠᠭᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠯᠤᠭ᠎ᠠ ᠬᠠᠮᠲᠤᠪᠠᠷ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠪᠠ ᠬᠥᠳᠡᠭᠡ ᠲᠣᠰᠬᠤᠨ ᠤ ᠳᠠᠬᠢᠨ ᠶᠠᠳᠠᠭᠤᠷᠠᠭᠰᠠᠨ ᠡᠷᠦᠬᠡ᠂ ᠨᠥᠬᠦᠴᠡᠯ ᠳᠤ ᠨᠡᠶᠢᠴᠡᠬᠦ ᠪᠤᠰᠤᠳ ᠶᠠᠳᠠᠭᠤ ᠠᠴᠠ ᠠᠩᠭᠢᠵᠢᠷᠠᠭᠰᠠᠨ ᠡᠷᠦᠬᠡ᠂ ᠡᠪᠡᠳᠴᠢᠨ ᠪᠠ ᠭᠠᠮᠰᠢᠭ ᠠᠴᠠ ᠪᠣᠯᠵᠤ ᠰᠠᠨᠠᠭᠠᠨ ᠳᠤ ᠦᠭᠡᠢ ᠠᠳᠠᠯ ᠵᠡᠷᠭᠡ ᠵᠠᠶᠢᠯᠠᠰᠢ ᠦᠭᠡᠢ ᠵᠠᠷᠤᠯᠭ᠎ᠠ ᠪᠠᠷ ᠨᠡᠯᠢᠶᠡᠳ ᠶᠡᠭᠡ ᠪᠤᠶᠤ ᠣᠷᠣᠯᠭ᠎ᠠ ᠨᠢ ᠶᠡᠭᠡ ᠬᠡᠮᠵᠢᠶ᠎ᠡ ᠪᠠᠷ ᠪᠠᠭᠠᠰᠤᠭᠰᠠᠨ ᠠᠴᠠ ᠪᠣᠯᠵᠣ ᠦᠨᠳᠦᠰᠦᠨ ᠠᠮᠢᠳᠤᠷᠠᠯ ᠳᠤ ᠬᠦᠨᠳᠦ ᠨᠣᠴᠢᠲᠠᠢ ᠬᠦᠴᠢᠷᠳᠡᠯᠲᠡᠢ ᠭᠡᠷ ᠪᠦᠯᠢ ᠶᠢᠨ ᠡᠷᠦᠬᠡ ᠶᠢ ᠢᠯᠭᠠᠨ ᠲᠠᠨᠢᠬᠤ ᠠᠵᠢᠯ ᠵᠡᠷᠭᠡ ᠬᠠᠮᠢᠶ᠎ᠠ ᠪᠦᠬᠦᠢ ᠵᠦᠢᠯᠡᠰ ᠢ ᠬᠠᠷᠢᠭᠤᠴᠠᠬᠤ ᠶᠢᠨ ᠬᠠᠮᠲᠤ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠢ ᠬᠤᠭᠤᠴᠠᠭ᠎ᠠ ᠶᠣᠰᠣᠭᠠᠷ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃    ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶ᠎ᠠ ᠭᠤᠣᠯᠳᠠᠭᠤ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭᠠᠲᠤ ᠡᠷᠦᠬᠡ᠂ ᠬᠥᠳᠡᠭᠡ ᠲᠣᠰᠬᠤᠨ ᠤ ᠲᠠᠷᠠᠬᠠᠢ ᠠᠰᠠᠷᠠᠨ ᠲᠡᠵᠢᠭᠡᠵᠦ ᠪᠠᠶᠢᠭ᠎ᠠ ᠣᠨᠴᠠ ᠬᠦᠴᠢᠷᠳᠡᠯᠲᠡᠢ ᠬᠥᠮᠦᠰ᠂ ᠬᠥᠳᠡᠭᠡ ᠲᠣᠰᠬᠤᠨ ᠤ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠳᠤ ᠬᠠᠪᠢᠳᠠᠭᠰᠠᠨ ᠭᠡᠷ ᠪᠦᠯᠢ ᠶᠢ ᠢᠯᠭᠠᠨ ᠲᠠᠨᠢᠬᠤ ᠠᠵᠢᠯ ᠢ ᠬᠠᠷᠢᠭᠤᠴᠠᠨ᠎ᠠ᠃    ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠭᠤᠣᠯᠳᠠᠭᠤ ᠬᠥᠳᠡᠭᠡ ᠲᠣᠰᠬᠤᠨ ᠤ ᠳᠠᠬᠢᠨ ᠶᠠᠳᠠᠭᠤᠷᠠᠬᠤ ᠠᠴᠠ ᠪᠣᠯᠵᠤ ᠶᠠᠳᠠᠭᠤᠷᠠᠭᠰᠠᠨ ᠡᠷᠦᠬᠡ᠂ ᠨᠥᠬᠦᠴᠡᠯ ᠳᠤ ᠨᠡᠶᠢᠴᠡᠬᠦ ᠪᠤᠰᠤᠳ ᠶᠠᠳᠠᠭᠤ ᠠᠴᠠ ᠠᠩᠭᠢᠵᠢᠷᠠᠭᠰᠠᠨ ᠡᠷᠦᠬᠡ᠂ ᠡᠪᠡᠳᠴᠢᠨ ᠤ ᠰᠢᠯᠲᠠᠭᠠᠨ ᠪᠠ ᠭᠠᠮᠰᠢᠭ ᠤᠨ ᠰᠢᠯᠲᠠᠭᠠᠨ ᠠᠴᠠ ᠪᠣᠯᠵᠤ ᠰᠠᠨᠠᠭᠠᠨ ᠳᠤ ᠦᠭᠡᠢ ᠠᠳᠠᠯ ᠵᠡᠷᠭᠡ ᠵᠠᠶᠢᠯᠠᠰᠢ ᠦᠭᠡᠢ ᠵᠠᠷᠤᠯᠭ᠎ᠠ ᠪᠠᠷ ᠨᠡᠯᠢᠶᠡᠳ ᠶᠡᠭᠡ ᠪᠤᠶᠤ ᠣᠷᠣᠯᠭ᠎ᠠ ᠨᠢ ᠶᠡᠭᠡ ᠬᠡᠮᠵᠢᠶ᠎ᠡ ᠪᠠᠷ ᠪᠠᠭᠠᠰᠤᠭᠰᠠᠨ ᠠᠴᠠ ᠪᠣᠯᠵᠣ ᠦᠨᠳᠦᠰᠦᠨ ᠠᠮᠢᠳᠤᠷᠠᠯ ᠳᠤ ᠬᠦᠨᠳᠦ ᠨᠣᠴᠢᠲᠠᠢ ᠬᠦᠴᠢᠷᠳᠡᠯᠲᠡᠢ ᠭᠡᠷ ᠪᠦᠯᠢ ᠶᠢ ᠢᠯᠭᠠᠨ ᠲᠠᠨᠢᠬᠤ ᠠᠵᠢᠯ ᠢ ᠬᠠᠷᠢᠭᠤᠴᠠᠨ᠎ᠠ᠃    ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠭᠤᠣᠯᠳᠠᠭᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠳᠠᠬᠢᠨ ᠬᠢᠨᠠᠵᠤ ᠬᠢᠨᠠᠨ ᠲᠣᠭᠲᠠᠭᠠᠬᠤ ᠠᠵᠢᠯ ᠪᠠ ᠮᠠᠯᠵᠢᠬᠤ ᠲᠠᠷᠢᠶᠠᠯᠠᠬᠤ ᠣᠷᠣᠨ ᠤ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠶᠢ ᠬᠢᠨᠠᠨ ᠪᠠᠶᠢᠴᠠᠭᠠᠵᠤ ᠰᠢᠯᠭᠠᠨ ᠠᠪᠬᠤ ᠬᠠᠮᠢᠶᠠᠷᠤᠯᠲᠠ ᠵᠡᠷᠭᠡ ᠠᠵᠢᠯ ᠢ ᠬᠠᠷᠢᠭᠤᠴᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号