ᠲᠠᠯ᠎ᠠ ᠨᠤᠲᠤᠭ ᠤᠨ ᠨᠣᠮ ᠤᠨ ᠥᠷᠥᠭᠡ ᠶᠢᠨ ︽ᠭᠤᠣᠯ ᠨᠣᠮ ᠤᠨ ᠥᠷᠥᠭᠡ︾ ᠳᠤ ︽ᠴᠠᠬᠢᠯᠭᠠᠨ ᠴᠡᠨᠡᠭᠯᠡᠵᠤ︾  ᠶᠠᠭᠠᠷᠠᠨ᠎ᠠ
ᠨᠡᠶᠢᠲᠡᠯᠡᠭᠰᠡᠨ ᠴᠠᠭ᠄
2024/2/18
    ᠡᠪᠦᠯ ᠤᠨ ᠠᠮᠠᠷᠠᠯᠲᠠ ᠳᠤ ᠨᠣᠮ ᠤᠨ ᠦᠨᠦᠷ ᠬᠠᠩᠬᠤᠯᠤᠭᠰᠠᠨ ᠲᠠᠯ᠎ᠠ ᠨᠤᠲᠤᠭ ᠤᠨ ᠨᠣᠮ ᠤᠨ ᠥᠷᠥᠭᠡ ᠶᠢᠨ ︽ᠭᠤᠣᠯ ᠨᠣᠮ ᠤᠨ ᠥᠷᠥᠭᠡ︾ ᠨᠢ ᠮᠠᠰᠢ ᠣᠯᠠᠨ ᠰᠤᠷᠤᠭᠴᠢ ᠵᠢᠴᠢ ᠮᠠᠯᠴᠢᠨ ᠲᠠᠷᠢᠶᠠᠴᠢᠨ ᠤ ᠠᠩᠬᠠᠷᠤᠯ ᠢ ᠲᠠᠲᠠᠵᠤ᠂ ᠣᠯᠠᠨ ᠢᠶᠠᠷ ᠢᠶᠠᠨ ᠲᠠᠯ᠎ᠠ ᠨᠤᠲᠤᠭ ᠤᠨ ᠨᠣᠮ ᠤᠨ ᠥᠷᠥᠭᠡ ᠶᠢᠨ ︽ᠭᠤᠣᠯ ᠨᠣᠮ ᠤᠨ ᠥᠷᠥᠭᠡ︾ ᠳᠤ ᠨᠣᠮ ᠤᠨ ᠳᠠᠯᠠᠢ ᠪᠠᠷ ᠵᠤᠭᠠᠴᠠᠵᠤ᠂ ᠨᠣᠮ ᠤᠨ ᠬᠦᠵᠢ ᠶᠢᠨ ᠰᠠᠶᠢᠬᠠᠨ ᠦᠵᠡᠮᠵᠢ ᠶᠢ ᠡᠳ᠋ᠯᠡᠪᠡ᠃    ᠰᠤᠷᠪᠤᠯᠵᠢᠯᠠᠭᠴᠢ ᠭᠤᠣᠯ ᠤᠨ ᠪᠠᠶᠢᠰᠢᠩ ᠪᠠᠯᠭᠠᠰᠤᠨ ᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ︽ᠭᠤᠣᠯ ᠨᠣᠮ ᠤᠨ ᠥᠷᠥᠭᠡ︾ ᠠᠴᠠ ᠦᠵᠡᠬᠦ ᠳᠤ᠂ ᠨᠣᠮ ᠤᠨ ᠥᠷᠥᠭᠡ ᠶᠢᠨ ᠳᠣᠲᠣᠷ᠎ᠠ ᠬᠥᠮᠦᠨ ᠳᠦᠭᠦᠷᠬᠦ ᠦᠭᠡᠢ ᠪᠠᠶᠢᠵᠤ᠂ ᠣᠯᠠᠨ ᠢᠶᠠᠷ ᠢᠶᠠᠨ ᠰᠤᠷᠤᠯᠴᠠᠯᠭ᠎ᠠ ᠶᠢᠨ ᠳᠤᠮᠳᠠ ᠣᠨᠳᠣᠣ ᠵᠢᠯ ᠤᠨ ᠦᠨᠦᠷ ᠠᠮᠲᠠ ᠶᠢ ᠣᠶᠢᠯᠠᠭᠠᠪᠠ᠃ ᠨᠣᠮ ᠪᠢᠴᠢᠭ ᠵᠢᠭᠡᠯᠡᠬᠦ ᠲᠣᠭᠤᠷᠢᠭ ᠲᠤ ᠢᠷᠡᠵᠦ ᠪᠠᠶᠢᠭ᠎ᠠ ᠰᠤᠷᠤᠭᠴᠢ ᠪᠣᠯᠤᠨ ᠮᠠᠯᠴᠢᠨ ᠲᠠᠷᠢᠶᠠᠴᠢᠨ ᠲᠡᠳᠡ ᠨᠠᠷ ︽ᠴᠠᠬᠢᠯᠭᠠᠨ ᠴᠡᠨᠡᠭᠯᠡᠬᠦ︾ ᠪᠤᠶᠤ ᠡᠰᠡᠬᠦᠯ᠎ᠡ ᠨᠣᠮ ᠤᠨ ᠵᠢᠶᠠᠰᠠ ᠶᠢᠨ ᠡᠮᠦᠨ᠎ᠡ ᠨᠠᠷᠢᠨ ᠨᠢᠮᠪᠠᠢ ᠰᠣᠩᠭᠤᠵᠤ᠂ ᠭᠠᠵᠠᠷ ᠪᠣᠯᠭᠠᠨ ᠳᠤ ᠭᠦᠨ ᠵᠤᠵᠠᠭᠠᠨ ᠨᠣᠮ ᠤᠨ ᠦᠨᠦᠷ ᠬᠠᠩᠬ ᠣᠯᠤᠨ᠎ᠠ᠃    ᠵᠢᠶᠠᠩ ᠰᠢᠶᠣᠤ ᠫᠢᠩ ᠪᠣᠯ ᠭᠤᠣᠯ ᠤᠨ ᠪᠠᠶᠢᠰᠢᠩ ᠪᠠᠭ᠎ᠠ ᠰᠤᠷᠭᠠᠭᠤᠯᠢ ᠶᠢᠨ ᠰᠤᠷᠤᠭᠴᠢ ᠮᠥᠨ᠂ ᠪᠠᠰᠠ ᠴᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ︽ᠭᠤᠣᠯ ᠨᠣᠮ ᠤᠨ ᠥᠷᠥᠭᠡ︾ ᠶᠢᠨ ︽ᠦᠷᠭᠦᠯᠵᠢ ᠵᠣᠴᠢᠨ︾ ᠮᠥᠨ᠂ ᠲᠡᠷᠡ ᠰᠤᠷᠪᠤᠯᠵᠢᠯᠠᠭᠴᠢ ᠳᠤ ᠬᠡᠯᠡᠬᠦ ᠳᠡᠭᠡᠨ᠂ ᠲᠡᠷᠡ ᠦᠷᠭᠦᠯᠵᠢ ᠠᠳᠡ ᠨᠣᠮ ᠦᠵᠡᠵᠦ᠂ ᠳᠠᠰᠬᠠᠯ ᠬᠢᠵᠦ᠂ ᠨᠠᠮ ᠰᠡᠯᠡᠭᠦᠨ ᠣᠷᠴᠢᠨ ᠨᠥᠬᠦᠴᠡᠯ ᠨᠢ ᠲᠡᠳᠡᠨ ᠢ ᠳᠠᠰᠬᠠᠯ ᠳᠠᠭᠠᠭᠠᠯᠭᠠᠪᠤᠷᠢ ᠶᠢᠨ ᠦᠷ᠎ᠡ ᠪᠦᠲᠦᠮᠵᠢ ᠶᠢ ᠪᠠᠭ᠎ᠠ ᠪᠤᠰᠤ ᠳᠡᠭᠡᠭᠰᠢᠯᠡᠭᠦᠯᠳᠡᠭ᠃    ᠭᠤᠣᠯ ᠤᠨ ᠪᠠᠶᠢᠰᠢᠩ ᠪᠠᠭ᠎ᠠ ᠰᠤᠷᠭᠠᠭᠤᠯᠢ ᠶᠢᠨ ᠰᠤᠷᠤᠭᠴᠢ ᠵᠢᠶᠠᠩ ᠰᠢᠶᠣᠤ ᠫᠢᠩ ᠬᠡᠯᠡᠭᠰᠡᠨ ᠨᠢ᠄ ︽ᠣᠳᠣ ᠡᠪᠦᠯ ᠤᠨ ᠠᠮᠠᠷᠠᠯᠲᠠ ᠲᠠᠯᠪᠢᠭᠰᠠᠨ ᠪᠣᠯᠬᠤᠷ ᠲᠠᠯ᠎ᠠ ᠨᠤᠲᠤᠭ ᠤᠨ ᠨᠣᠮ ᠤᠨ ᠥᠷᠥᠭᠡ ᠶᠢᠨ ︿ᠭᠤᠣᠯ ᠨᠣᠮ ᠤᠨ ᠥᠷᠥᠭᠡ﹀ ᠳᠤ ᠮᠠᠰᠢ ᠣᠯᠠᠨ ᠨᠣᠮ ᠪᠢᠴᠢᠭ ᠨᠢ ᠪᠢᠳᠡᠨ ᠢ ᠤᠩᠰᠢᠭᠤᠯᠵᠤ᠂ ᠨᠠᠳᠠ ᠳᠤ ᠮᠠᠰᠢ ᠣᠯᠠᠨ ᠰᠢᠨ᠎ᠡ ᠮᠡᠳᠡᠯᠭᠡ ᠬᠦᠷᠲᠡᠭᠡᠪᠡ᠃︾    ᠭᠤᠣᠯ ᠤᠨ ᠪᠠᠶᠢᠰᠢᠩ ᠪᠠᠯᠭᠠᠰᠤᠨ ᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ︽ᠭᠤᠣᠯ ᠨᠣᠮ ᠤᠨ ᠥᠷᠥᠭᠡ︾ ᠳᠤ ᠨᠣᠮ ᠪᠢᠴᠢᠭ ᠵᠢᠭᠡᠯᠡᠨ ᠤᠩᠰᠢᠬᠤ ᠰᠤᠷᠤᠭᠴᠢ᠂ ᠮᠠᠯᠴᠢᠨ ᠲᠠᠷᠢᠶᠠᠴᠢᠨ ᠲᠠᠰᠤᠷᠠᠯᠳᠡ ᠦᠭᠡᠢ ᠣᠯᠠᠰᠢᠷᠠᠵᠤ᠂ ᠡᠪᠦᠯ ᠤᠨ ᠠᠮᠠᠷᠠᠯᠲᠠ ᠲᠠᠯᠪᠢᠵᠤ ᠪᠠᠶᠢᠭ᠎ᠠ ᠣᠶᠤᠲᠠᠨ ᠯᠢᠶᠠᠩ ᠬᠤᠩ ᠰᠢᠶᠠ ᠥᠷᠯᠥᠭᠡ ᠡᠷᠲᠡ ᠠᠳᠡ ᠢᠷᠡᠵᠦ ᠥᠪᠡᠷ ᠤᠨ ᠬᠡᠷᠡᠭᠴᠡᠭᠡ ᠲᠠᠢ ᠨᠣᠮ ᠪᠢᠴᠢᠭ ᠢᠶᠠᠨ ᠵᠢᠭᠡᠯᠡᠵᠦ ᠤᠩᠰᠢᠪᠠ᠃    ︽ᠮᠢᠨᠦ ᠲᠤᠰᠬᠠᠢ ᠮᠡᠷᠭᠡᠵᠢᠯ ᠪᠣᠯ ᠬᠠᠤᠯᠢ ᠶᠢᠨ ᠤᠬᠠᠭᠠᠨ ᠮᠥᠨ᠂ ᠡᠶᠢᠮᠦ ᠠᠴᠠ ᠬᠠᠤᠯᠢ ᠶᠢᠨ ᠤᠬᠠᠭᠠᠨ ᠤ ᠲᠤᠬᠠᠢ ᠵᠠᠷᠢᠮ ᠨᠣᠮ ᠡᠷᠢᠬᠦ ᠰᠠᠨᠠᠭ᠎ᠠ ᠲᠠᠢ ᠪᠠᠶᠢᠳᠠᠭ᠂ ᠡᠨᠡ ᠬᠦ ᠡᠪᠦᠯ ᠤᠨ ᠠᠮᠠᠷᠠᠯᠲᠠ ᠳᠤ ᠪᠢ ᠥᠪᠡᠷ ᠤᠨ ᠲᠤᠰᠬᠠᠢ ᠮᠡᠷᠭᠡᠵᠢᠯ ᠤᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠰᠠᠨᠠᠭ᠎ᠠ ᠲᠠᠢ ᠪᠠᠶᠢᠨ᠎ᠠ᠂ ᠠᠳᠡ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠲᠥᠷᠥᠯ ᠤᠨ ᠮᠠᠰᠢ ᠣᠯᠠᠨ ᠨᠣᠮ ᠪᠢᠴᠢᠭ ᠪᠠᠶᠢᠨ᠎ᠠ ᠪᠥᠭᠡᠳ ᠲᠠᠯ᠎ᠠ ᠨᠤᠲᠤᠭ ᠤᠨ ᠨᠣᠮ ᠤᠨ ᠥᠷᠥᠭᠡ ᠶᠢᠨ ᠰᠤᠷᠤᠯᠴᠠᠬᠤ ᠠᠭᠤᠷ ᠠᠮᠢᠰᠬᠤᠯ ᠭᠦᠨ ᠵᠤᠵᠠᠭᠠᠨ ᠪᠠᠶᠢᠵᠤ᠂ ︿ᠭᠡᠷ ᠤᠨ ᠡᠭᠦᠳᠡ﹀ ᠳᠤ ᠢᠷᠡᠵᠦ ᠰᠤᠷᠤᠯᠴᠠᠬᠤ ᠳᠤ ᠮᠠᠰᠢ ᠳᠥᠭᠦᠮ ᠪᠠᠶᠢᠨ᠎ᠠ︾ ᠭᠡᠵᠡᠢ᠃ ᠯᠢᠶᠠᠩ ᠬᠤᠩ ᠰᠢᠶᠠ ᠬᠡᠯᠡᠭᠰᠡᠨ ᠨᠢ     ᠲᠠᠯ᠎ᠠ ᠨᠤᠲᠤᠭ ᠤᠨ ᠨᠣᠮ ᠤᠨ ᠥᠷᠥᠭᠡ ᠨᠢ ᠮᠠᠯᠵᠢᠬᠤ ᠲᠠᠷᠢᠶᠠᠯᠠᠬᠤ ᠣᠷᠣᠨ ᠤ ᠰᠣᠶᠣᠯ ᠤᠨ ᠭᠤᠣᠯ ᠵᠢᠭᠰᠠᠭᠠᠯ ᠤᠨ ᠭᠠᠵᠠᠷ ᠪᠣᠯᠤᠭᠰᠠᠨ ᠤ ᠬᠤᠪᠢ ᠳᠤ᠂ ᠬᠥᠳᠡᠭᠡ ᠲᠣᠰᠬᠤᠨ ᠤ ᠰᠣᠶᠣᠯ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠮᠠᠯᠴᠢᠨ ᠲᠠᠷᠢᠶᠠᠴᠢᠨ ᠤ ᠣᠶᠤᠨ ᠤ ᠰᠣᠶᠣᠯ ᠤᠨ ᠭᠡᠷ ᠣᠷᠣᠨ ᠢ ᠪᠠᠶᠢᠭᠤᠯᠬᠤ ᠦᠢᠯᠡᠳᠦᠯ ᠢ ᠡᠭᠦᠷᠭᠡᠯᠡᠵᠦ ᠪᠤᠢ᠃ ᠡᠪᠦᠯ ᠤᠨ ᠠᠮᠠᠷᠠᠯᠲᠠ ᠶᠢᠨ ᠬᠤᠭᠤᠴᠠᠭᠠᠨ ᠳᠤ ᠨᠣᠮ ᠤᠨ ᠥᠷᠥᠭᠡ ᠳᠤ ᠬᠦᠷᠴᠦ ︽ᠴᠠᠬᠢᠯᠭᠠᠨ ᠴᠡᠨᠡᠭᠯᠡᠬᠦ︾ ᠰᠤᠷᠤᠯᠴᠠᠯᠭ᠎ᠠ ᠶᠢᠨ ᠤᠩᠰᠢᠭᠴᠢᠳ ᠲᠤ ᠰᠠᠶᠢᠲᠤᠷ ᠦᠢᠯᠡᠴᠢᠯᠡᠬᠦ ᠶᠢᠨ ᠲᠥᠯᠥᠭᠡ᠂ ᠭᠤᠣᠯ ᠤᠨ ᠪᠠᠶᠢᠰᠢᠩ ᠪᠠᠯᠭᠠᠰᠤᠨ ᠤ ︽ᠭᠤᠣᠯ ᠨᠣᠮ ᠤᠨ ᠥᠷᠥᠭᠡ︾ ᠡᠪᠦᠯ ᠤᠨ ᠠᠮᠠᠷᠠᠯᠲᠠ ᠶᠢᠨ ᠰᠠᠶᠢᠨ ᠳᠤᠷ᠎ᠠ ᠶᠢᠨ ᠦᠢᠯᠡᠴᠢᠯᠡᠭᠴᠢ ᠶᠢ ᠡᠯᠰᠡᠵᠦ᠂ ᠲᠥᠷᠥᠯ ᠵᠦᠢᠯ ᠡᠯᠪᠡᠭ ᠪᠠᠶᠠᠯᠢᠭ ᠨᠣᠮ ᠪᠢᠴᠢᠭ ᠢ ᠳᠡᠯᠭᠡᠵᠦ᠂ ᠨᠣᠮ ᠤᠨ ᠥᠷᠥᠭᠡ ᠶᠢᠨ ᠴᠢᠯᠥᠭᠡᠲᠡᠢ ᠨᠡᠭᠡᠭᠡᠬᠦ ᠴᠠᠭ ᠢ ᠬᠤᠶᠢᠰᠢᠯᠠᠭᠤᠯᠵᠤ᠂ ᠪᠣᠬᠢᠷᠲᠤᠯ ᠦᠭᠡᠢ ᠤᠩᠰᠢᠯᠭ᠎ᠠ᠂ ᠤᠬᠠᠭᠤᠯᠭ᠎ᠠ ᠬᠥᠮᠦᠵᠢᠯ ᠵᠡᠷᠭᠡ ᠠᠵᠢᠯᠯᠠᠭ᠎ᠠ ᠥᠷᠨᠢᠭᠦᠯᠵᠦ᠂ ᠮᠠᠰᠢ ᠣᠯᠠᠨ ᠤᠩᠰᠢᠭᠴᠢᠳ ᠢ ᠲᠠᠲᠠᠵᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ︽ᠭᠤᠣᠯ ᠨᠣᠮ ᠤᠨ ᠥᠷᠥᠭᠡ︾ ᠳᠤ ᠣᠷᠣᠯᠴᠠᠭᠤᠯᠵᠤ᠂ ᠤᠩᠰᠢᠭᠴᠢᠳ ᠤᠨ ᠤᠩᠰᠢᠯᠭ᠎ᠠ ᠶᠢᠨ ᠬᠡᠷᠡᠭᠴᠡᠭᠡ ᠶᠢ ᠬᠠᠩᠭᠠᠵᠤ᠂ ᠰᠤᠷᠤᠭᠴᠢ ᠵᠢᠴᠢ ᠮᠠᠯᠴᠢᠨ ᠲᠠᠷᠢᠶᠠᠴᠢᠨ ᠣᠯᠠᠨ ᠲᠦᠮᠡᠨ ᠤ ︽ᠴᠠᠬᠢᠯᠭᠠᠨ ᠴᠡᠨᠡᠭᠯᠡᠬᠦ︾ ᠰᠠᠶᠢᠨ ᠭᠠᠵᠠᠷ ᠪᠣᠯᠭᠠᠪᠠ᠃    ᠭᠤᠣᠯ ᠤᠨ ᠪᠠᠶᠢᠰᠢᠩ ᠪᠠᠯᠭᠠᠰᠤᠨ ᠤ ᠨᠠᠮ ᠤᠨ ᠬᠤᠷᠢᠶᠠᠨ ᠤ ᠤᠬᠠᠭᠤᠯᠬᠤ ᠠᠵᠢᠯᠯᠠᠭᠴᠢ ᠪᠠᠢ ᠵᠢᠶᠠ ᠴᠠᠩ ᠬᠡᠯᠡᠭᠰᠡᠨ ᠨᠢ᠄ ︽ᠭᠤᠣᠯ ᠤᠨ ᠨᠣᠮ ᠤᠨ ᠥᠷᠥᠭᠡ︾ 2022 ᠣᠨ ᠳᠤ ᠪᠠᠶᠢᠭᠤᠯᠤᠭᠳᠠᠵᠤ᠂ ᠲᠥᠷᠥᠯ ᠵᠦᠢᠯ ᠡᠯᠪᠡᠭ ᠪᠠᠶᠠᠯᠢᠭ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ᠂ ᠰᠣᠶᠣᠯ ᠤᠨ ᠳᠦᠷᠦᠯ᠂ ᠨᠠᠮ ᠤᠨ ᠲᠡᠦᠬᠡ ᠶᠢᠨ ᠲᠥᠷᠥᠯ᠂ ᠪᠠᠭᠠᠴᠤᠳ ᠤᠨ ᠲᠥᠷᠥᠯ ᠵᠡᠷᠭᠡ ᠠᠯᠢ ᠣᠯᠠᠨ ᠨᠣᠮ ᠪᠢᠴᠢᠭ ᠲᠠᠢ ᠬᠤᠯᠪᠣᠭᠳᠠᠵᠤ᠂ ᠠᠳᠠᠯᠢ ᠪᠤᠰᠤ ᠨᠠᠰᠤᠨ ᠤ ᠣᠯᠠᠨ ᠲᠦᠮᠡᠨ ᠤ ᠣᠶᠤᠨ ᠤ ᠰᠣᠶᠣᠯ ᠤᠨ ᠬᠡᠷᠡᠭᠴᠡᠭᠡ ᠶᠢ ᠬᠠᠩᠭᠠᠵᠤ᠂ ᠣᠯᠠᠨ ᠲᠦᠮᠡᠨ ᠳᠤ ᠬᠦᠷᠦᠯᠴᠡᠬᠦ ᠰᠣᠶᠣᠯ ᠤᠨ ᠵᠣᠯ ᠵᠢᠷᠭᠠᠯ ᠢ ᠡᠳ᠋ᠯᠡᠭᠦᠯᠦᠭᠰᠡᠨ ᠪᠥᠭᠡᠳ ᠭᠤᠣᠯ ᠤᠨ ᠪᠠᠶᠢᠰᠢᠩ ᠪᠠᠯᠭᠠᠰᠤᠨ ᠤ ᠲᠠᠯ᠎ᠠ ᠨᠤᠲᠤᠭ ᠤᠨ ᠨᠣᠮ ᠤᠨ ᠥᠷᠥᠭᠡ ᠶᠢᠨ ︿ᠭᠤᠣᠯ ᠨᠣᠮ ᠤᠨ ᠥᠷᠥᠭᠡ﹀ ᠶᠢ ᠣᠯᠠᠨ ᠲᠦᠮᠡᠨ ᠤ ᠡᠭᠦᠳᠡᠨ ᠳᠠᠬᠢ ᠰᠣᠶᠣᠯ ᠤᠨ ︿ᠴᠠᠬᠢᠯᠭᠠᠨ ᠴᠡᠨᠡᠭᠯᠡᠬᠦ ᠥᠷᠲᠡᠭᠡ﹀ ᠪᠣᠯᠭᠠᠵᠤ︾ ᠭᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号