ᠢᠳᠡᠰᠢᠨ ᠨᠣᠭᠤᠭ᠎ᠠ ᠶᠢᠨ ᠬᠦᠯᠡᠮᠵᠢ ᠨᠢ ᠡᠪᠦᠯ ᠤᠨ ᠡᠳᠦᠷ ‍ᠤᠨ‌ᠣᠷᠣᠯᠭ᠎ᠠ ᠨᠡᠮᠡᠭᠳᠡᠭᠦᠯᠬᠦ ᠶᠢ ᠠᠬᠢᠭᠤᠯᠪᠠ
ᠨᠡᠶᠢᠲᠡᠯᠡᠭᠰᠡᠨ ᠴᠠᠭ᠄
2024/2/18
   ᠴᠠᠭᠠᠨ ᠰᠠᠷ᠎ᠠ ᠶᠢᠨ ᠪᠠᠶᠠᠷ ᠲᠤ᠂ ᠭᠤᠣᠯ ᠤᠨ ᠪᠠᠶᠢᠰᠢᠩ ᠪᠠᠯᠭᠠᠰᠤᠨ ᠤ ᠳ᠋ᠦᠩ ᠹᠧᠩ ᠭᠠᠴᠠᠭᠠᠨ ᠤ ᠵᠢᠮᠢᠰ ᠲᠡᠭᠦᠬᠦ ᠬᠦᠷᠢᠶᠡᠯᠡᠩ ᠳᠤ᠂ ᠨᠣᠭᠤᠭᠠᠨ ᠥᠩᠭᠡ ᠪᠠᠷ ᠪᠢᠯᠬᠠᠵᠤ᠂ ᠡᠯ᠎ᠡ ᠵᠦᠢᠯ ᠤᠨ ᠤᠷᠪᠠᠭᠤ ᠤᠯᠠᠷᠢᠯ ᠤᠨ ᠢᠳᠡᠰᠢᠨ ᠨᠣᠭᠤᠭ᠎ᠠ ᠲᠠᠷᠢᠶᠠᠴᠢᠨ ᠡᠷᠦᠬᠡ ᠶᠢᠨ ᠨᠠᠷᠢᠨ ᠨᠢᠮᠪᠠᠢ ᠬᠠᠮᠢᠶᠠᠷᠤᠯᠲᠠ ᠬᠠᠮᠠᠭᠠᠯᠠᠯᠲᠠ ᠶᠢᠨ ᠳᠣᠣᠷ᠎ᠠ ᠤᠷᠭᠤᠴᠠ ᠰᠠᠶᠢᠲᠠᠢ ᠪᠠᠶᠢᠵᠤ᠂ ᠡᠯᠪᠡᠭ ᠬᠤᠷᠢᠶᠠᠯᠲᠠ ᠶᠢᠨ ᠪᠠᠶᠢᠳᠠᠯ ᠢᠯᠡᠷᠡᠪᠡ᠃    ᠬᠦᠯᠡᠮᠵᠢ ᠳᠤ ᠣᠷᠣᠬᠤ ᠳᠤ ᠨᠢᠭᠡ ᠬᠡᠯᠬᠢᠶ᠎ᠡ ᠲᠥᠪᠡᠳ ᠬᠠᠰᠢ ᠲᠡᠩᠨᠡᠭᠦᠷ ᠤᠨ ᠵᠡᠯ᠎ᠡ ᠳᠡᠭᠡᠷ᠎ᠡ ᠡᠯᠭᠦᠭᠳᠡᠵᠦ᠂ ᠨᠢᠭᠡ ᠨᠢᠭᠡ ᠪᠠᠷ ᠢᠶᠠᠨ ᠭᠢᠯᠲᠠᠭᠠᠨᠠᠵᠤ᠂ ᠶᠠᠭ ᠯᠠ ᠵᠢᠵᠢᠭ ᠳ᠋ᠧᠩᠯᠦ ᠶᠠᠭ ᠨᠣᠭᠤᠭᠠᠨ ᠨᠠᠪᠴᠢ ᠶᠢᠨ ᠲᠠᠰᠤᠯᠭ᠎ᠠ ᠳᠤ ᠴᠢᠮᠬᠢᠵᠦ ᠪᠠᠶᠢᠳᠠᠭ᠃ ᠲᠥᠪᠡᠳ ᠬᠠᠰᠢ ᠶᠢᠨ ᠤᠷᠭᠤᠯᠲᠠ ᠶᠢᠨ ᠬᠤᠭᠤᠴᠠᠭᠠᠨ ᠳᠤ᠂ ᠴᠢᠬᠢ ᠪᠤᠶᠢᠵᠢᠭᠤᠯᠬᠤ᠂ ᠪᠤᠶᠢᠵᠢᠭᠤᠯᠬᠤ᠂ ᠵᠢᠶᠠᠰᠠ ᠲᠠᠯᠪᠢᠬᠤ᠂ ᠲᠣᠭᠤᠰᠣ ᠬᠦᠷᠲᠡᠭᠡᠬᠦ᠂ ᠰᠠᠯᠠᠭ᠎ᠠ ᠨᠠᠮᠠᠭ᠎ᠠ᠂ ᠵᠢᠮᠢᠰ ᠬᠠᠰᠢᠬᠤ᠂ ᠤᠰᠤᠯᠠᠬᠤ ᠁ ᠠᠯᠬᠤᠮ ᠪᠦᠷᠢ ᠴᠥᠮ ᠨᠠᠷᠢᠯᠢᠭ ᠬᠠᠮᠢᠶᠠᠷᠤᠯᠲᠠ᠂ ᠲᠥᠪᠡᠳ ᠬᠠᠰᠢ ᠳᠤ ᠪᠣᠬᠢᠷᠲᠤᠯ ᠦᠭᠡᠢ ᠪᠠᠶᠢᠭᠠᠯᠢ ᠶᠢᠨ ᠤᠷᠭᠤᠯᠲᠠ ᠶᠢᠨ ᠣᠷᠴᠢᠨ ᠲᠣᠭᠤᠷᠢᠨ ᠢ ᠬᠠᠩᠭᠠᠨ᠎ᠠ᠃ ᠡᠷᠭᠢᠨ ᠲᠣᠭᠤᠷᠢᠨ ᠤ ᠲᠣᠰᠬᠤᠨ ᠤ ᠠᠷᠠᠳ ᠪᠣᠯᠤᠨ ᠵᠤᠭᠠᠴᠠᠭᠰᠠᠳ ᠪᠠᠶᠢᠨ ᠪᠠᠶᠢᠨ ᠲᠡᠭᠦᠵᠦ ᠠᠪᠤᠭᠰᠠᠨ ᠲᠥᠪᠡᠳ ᠬᠠᠰᠢ ᠶᠢ ᠰᠠᠭᠰᠤᠨ ᠳᠣᠲᠣᠷ᠎ᠠ ᠬᠢᠵᠦ᠂ ᠲᠡᠭᠦᠬᠦ ᠪᠠᠶᠠᠷ ᠪᠠᠶᠠᠰᠤᠯ ᠢ ᠪᠡᠶᠡᠴᠢᠯᠡᠨ ᠣᠶᠢᠯᠠᠭᠠᠪᠠ᠃
156.jpg    ︽ᠨᠠᠶᠢᠵᠠ ᠶᠢᠨ ᠲᠣᠭᠤᠷᠢᠭ ᠢᠶᠠᠷ ᠳᠠᠮᠵᠢᠨ ᠪᠢ ᠠᠳᠡᠬᠢ ᠲᠥᠪᠡᠳ ᠬᠠᠰᠢ ᠪᠣᠯᠪᠠᠰᠤᠷᠠᠭᠰᠠᠨ ᠢ ᠮᠡᠳᠡᠭᠡᠳ᠂ ᠪᠢ
ᠠᠪᠤ ᠪᠠᠨ ᠳᠠᠭᠠᠭᠤᠯᠤᠨ ᠲᠡᠭᠦᠬᠦ ᠪᠠᠷ ᠢᠷᠡᠵᠦ᠂ ᠰᠠᠶ᠋ᠢᠬᠠᠨ ᠨᠢᠭᠡ ᠠᠮᠲᠠᠯᠠᠭᠰᠠᠨ ᠮᠥᠷᠲᠡᠭᠡᠨ ᠬᠡᠦᠷᠡᠭ᠂ ᠪᠢ ᠬᠤᠶᠠᠷ ᠰᠠᠭᠰᠤ ᠬᠤᠳᠠᠯᠳᠤᠨ ᠠᠪᠴᠤ ᠨᠠᠶᠢᠵᠠ ᠨᠠᠷ ᠲᠤ ᠪᠠᠨ ᠠᠮᠲᠠᠯᠠᠭᠤᠯᠬᠤ ᠰᠠᠨᠠᠭ᠎ᠠ ᠲᠠᠢ ᠪᠠᠶᠢᠨ᠎ᠠ︾ ᠬᠡᠵᠤ ᠵᠣᠷᠴᠢᠭᠴᠢ ᠡᠤ ᠠᠪᠠᠭ᠋ᠠᠢ ᠬᠡᠯᠡᠪᠡ᠃    ᠨᠥᠭᠦᠭᠡ ᠨᠢᠭᠡ ᠬᠦᠯᠡᠮᠵᠢ ᠶᠢᠨ ᠳᠣᠲᠣᠷ᠎ᠠ᠂ ᠰᠢᠨ᠎ᠡ ᠨᠣᠭᠤᠭᠠᠨ ᠴᠣᠭᠤᠷ ᠨᠣᠭᠤᠭ᠎ᠠ ᠨᠢ ᠲᠣᠩ ᠵᠥᠭᠡᠯ ᠡᠷᠡᠵᠦ᠂ ᠥᠪᠡᠷᠮᠢᠴᠡ ᠦᠨᠦᠷ ᠨᠢ ᠬᠥᠮᠦᠰ ᠤᠨ ᠰᠡᠳᠬᠢᠯ ᠢ ᠠᠭᠤᠵᠢᠷᠠᠭᠤᠯᠤᠨ᠎ᠠ᠃ ᠤᠷᠭᠤᠴᠠ ᠰᠠᠶᠢᠲᠠᠢ ᠢᠳᠡᠰᠢᠨ ᠨᠣᠭᠤᠭ᠎ᠠ ᠶᠢ ᠬᠠᠷᠠᠭᠠᠳ ᠲᠠᠷᠢᠮᠠᠯ ᠤᠨ ᠡᠷᠦᠬᠡ ᠯᠢ ᠸᠧᠢ ᠰᠢ ᠰᠤᠷᠪᠤᠯᠵᠢᠯᠠᠭᠴᠢ ᠳᠤ ᠬᠡᠯᠡᠬᠦ ᠳᠡᠭᠡᠨ᠂ ᠡᠨᠡ ᠵᠢᠯ ᠲᠡᠷᠡ 4 ᠬᠦᠯᠡᠮᠵᠢ ᠶᠢ ᠳᠠᠭᠠᠭᠠᠴᠢᠯᠠᠵᠤ᠂ ᠦᠷ᠎ᠡ ᠠᠰᠢᠭ ᠢᠶᠠᠷ ᠥᠨᠳᠥᠷ᠂ ᠶᠠᠰᠤ ᠴᠢᠨᠠᠷ ᠢᠶᠠᠷ ᠰᠠᠶᠢᠨ ᠢᠳᠡᠰᠢᠨ ᠨᠣᠭᠤᠭ᠎ᠠ ᠶᠢ ᠰᠣᠩᠭᠤᠨ ᠳᠠᠷᠢᠪᠠ ᠭᠡᠵᠡᠢ᠃
157.jpg    ︽ᠪᠢ ᠡᠨᠡ ᠬᠡᠳᠦᠨ ᠬᠦᠯᠡᠮᠵᠢ ᠳᠤ ᠤᠯᠠᠷᠢᠯ ᠰᠥᠷᠦᠭᠰᠡᠨ ᠢᠳᠡᠰᠢᠨ ᠨᠣᠭᠤᠭ᠎ᠠ ᠲᠠᠷᠢᠵᠠᠢ᠂ ᠴᠠᠭᠠᠨ ᠰᠠᠷ᠎ᠠ ᠶᠢᠨ
ᠬᠤᠭᠤᠴᠠᠭᠠᠨ ᠳᠤ᠂ ᠮᠢᠨᠦ ᠢᠳᠡᠰᠢᠨ ᠨᠣᠭᠤᠭ᠎ᠠ ᠴᠤ ᠬᠤᠶᠢᠨ᠎ᠠ ᠬᠤᠶᠢᠨ᠎ᠠ ᠠᠴᠠ ᠪᠠᠨ ᠵᠠᠬ᠎ᠠ ᠳᠡᠯᠭᠡᠭᠦᠷ ᠲᠤ ᠭᠠᠷᠴᠤ᠂ ᠠᠷᠠᠳ ᠢᠷᠭᠡᠳ ᠪᠣᠬᠢᠷᠲᠤᠯ ᠦᠭᠡᠢ ᠰᠢᠨ᠎ᠡ ᠰᠣᠷᠭᠤᠭ ᠢᠳᠡᠰᠢᠨ ᠨᠣᠭᠤᠭ᠎ᠠ ᠣᠯᠵᠤ ᠢᠳᠡᠬᠦ ᠶᠢ ᠬᠠᠩᠭᠠᠪᠠ᠃︾ ᠬᠡᠵᠤ ᠯᠢ ᠸᠧᠢ ᠬᠡᠯᠡᠪᠡ᠃    ᠪᠠᠶᠠᠵᠢᠨ ᠴᠢᠨᠡᠭᠡᠯᠢᠭᠵᠢᠬᠦ ᠳᠤ ᠨᠤᠲᠤᠭ ᠤᠨ ᠠᠬ᠎ᠠ ᠳᠡᠭᠦᠦ ᠨᠡᠷ ᠢᠶᠠᠨ ᠮᠠᠷᠲᠠᠬᠤ ᠦᠭᠡᠢ᠂ ᠯᠢ ᠸᠧᠢ ᠡᠰᠡᠬᠦᠯ᠎ᠡ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠰᠢᠶᠣᠤ ᠵᠢᠩ︾ ᠮᠠᠶ᠋ᠢᠭ ᠤᠨ ᠬᠥᠳᠡᠭᠡ ᠲᠣᠰᠬᠤᠨ ᠤ ᠠᠵᠤ ᠦᠢᠯᠡᠰ ᠤᠨ ᠪᠠᠶᠠᠵᠢᠯ ᠤᠨ ᠳᠠᠭᠠᠭᠤᠯᠤᠭᠴᠢ᠂ ᠲᠤᠰ ᠪᠡᠶ᠎ᠡ ᠪᠠᠨ ᠬᠥᠭᠵᠢᠭᠦᠯᠬᠦ ᠶᠢᠨ ᠬᠠᠮᠲᠤ ᠡᠷᠭᠢᠨ ᠲᠣᠭᠤᠷᠢᠨ ᠤ ᠮᠠᠯᠴᠢᠨ ᠲᠠᠷᠢᠶᠠᠴᠢᠨ ᠢ ᠳᠠᠶᠢᠴᠢᠯᠠᠨ ᠰᠢᠨᠵᠢᠯᠡᠬᠦ ᠤᠬᠠᠭᠠᠨᠴᠢ ᠪᠠᠷ ᠲᠠᠷᠢᠬᠤ ᠮᠡᠷᠭᠡᠵᠢᠯ ᠢ ᠬᠠᠮᠲᠤᠪᠠᠷ ᠰᠤᠷᠤᠯᠴᠠᠭᠤᠯᠵᠤ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠶᠢ ᠪᠡᠶᠡᠯᠡᠭᠦᠯᠪᠡ᠃    ︽ᠮᠠᠨ ᠤ ᠭᠠᠴᠠᠭ᠎ᠠ 4 ᠳᠤᠯᠠᠭᠠᠨ ᠰᠠᠷᠠᠪᠴᠢ ᠲᠠᠢ᠂ ᠲᠥᠪᠡᠳ ᠬᠠᠰᠢ᠂ ᠴᠣᠭᠤᠷ ᠨᠣᠭᠤᠭ᠎ᠠ᠂ ᠦᠨᠦᠷᠲᠦ ᠨᠣᠭᠤᠭ᠎ᠠ ᠵᠡᠷᠭᠡ ᠶᠢ ᠲᠤᠰ ᠲᠤᠰ ᠲᠠᠷᠢᠬᠤ ᠶᠢᠨ ᠬᠠᠮᠲᠤ ᠭᠠᠴᠠᠭᠠᠨ ᠤ 20 ᠭᠠᠷᠤᠢ ᠬᠥᠮᠦᠨ ᠳᠤ ᠠᠵᠢᠯ ᠤᠨ ᠪᠠᠶᠢᠷᠢ ᠬᠠᠩᠭᠠᠵᠤ᠂ ᠲᠡᠳᠡᠨ ᠤ ᠣᠷᠣᠯᠭ᠎ᠠ ᠶᠢ ᠨᠡᠮᠡᠭᠳᠡᠭᠦᠯᠦᠨ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 3 ᠲᠦᠮᠡᠨ ᠲᠥᠭᠦᠷᠢᠭ ᠨᠡᠮᠡᠭᠳᠡᠭᠦᠯᠵᠡᠢ︾ ᠬᠡᠵᠤ ᠳ᠋ᠦᠩ ᠹᠧᠩ ᠭᠠᠴᠠᠭᠠᠨ ᠤ ᠨᠠᠮ ᠤᠨ ᠡᠭᠦᠷ ᠤᠨ ᠱᠦᠵᠢ ᠹᠧᠩ ᠸᠧᠨ ᠬᠡᠯᠡᠪᠡ᠃    ᠡᠪᠦᠯ ᠤᠨ ᠰᠡᠯᠡᠭᠦᠦ ᠬᠥᠮᠦᠰ ᠰᠤᠯᠠ ᠰᠡᠯᠡᠭᠦᠦ ᠪᠠᠶᠢᠬᠤ ᠦᠭᠡᠢ᠂ ᠣᠷᠣᠯᠭ᠎ᠠ ᠪᠠᠨ ᠨᠡᠮᠡᠭᠳᠡᠭᠦᠯᠬᠦ ᠰᠡᠳᠬᠢᠯ ᠠᠭᠤᠵᠢᠷᠠᠭᠤᠯᠤᠨ᠎ᠠ᠃ ᠰᠢᠨ ᠶᠦᠠ ᠯᠦᠩ ᠮᠦᠠ ᠴᠤ ᠬᠦᠢᠯᠠᠮᠵᠢ ᠳᠤ ᠲᠤᠯᠭᠠᠷᠠᠵᠤ ᠪᠠᠶᠢᠭ᠎ᠠ ᠰᠢᠨ ᠶᠦᠠ ᠯᠦᠩ ᠫᠧᠩ ᠠᠴᠠ  ᠶᠠᠭᠠᠷᠠᠯᠳᠤᠵᠤ᠂ ᠰᠢᠷᠭᠠᠭᠤ ᠬᠦᠢᠲᠠᠯᠮᠣᠷᠢ ᠪᠠᠷ ᠳᠦᠭᠦᠷᠠᠩ ᠠᠮᠵᠢᠯᠲᠠ ᠣᠯᠤᠭᠰᠠᠨ ᠪᠠᠶᠢᠨ᠎ᠠ᠃    ᠰᠢᠨ ᠶᠦᠨ ᠯᠦᠩ ᠣᠯᠠᠨ ᠵᠢᠯ ᠤᠨ ᠬᠦᠯᠡᠮᠵᠢ ᠶᠢᠨ ᠲᠠᠷᠢᠮᠠᠯ ᠤᠨ ᠲᠤᠷᠰᠢᠯᠭ᠎ᠠ ᠲᠠᠢ ᠪᠠᠶᠢᠵᠤ᠂ ᠪᠠᠶᠠᠨᠬᠤᠰᠢᠭᠤ ᠪᠠᠯᠭᠠᠰᠤᠨ ᠤ ᠸᠠᠩ ᠯᠦ ᠭᠠᠴᠠᠭᠠᠨ ᠤ ᠲᠥᠬᠦᠭᠡᠷᠦᠮᠵᠢ ᠶᠢᠨ ᠬᠦᠯᠡᠮᠵᠢ ᠶᠢᠨ ᠲᠠᠷᠢᠮᠠᠯ ᠳᠤ ᠴᠠᠭ ᠢ ᠠᠮᠵᠢᠨ ᠢᠳᠡᠰᠢᠨ ᠨᠣᠭᠤᠭ᠎ᠠ ᠲᠠᠷᠢᠵᠤ᠂ ᠤᠯᠠᠷᠢᠯ ᠰᠥᠷᠴᠦ ᠢᠳᠡᠰᠢᠨ ᠨᠣᠭᠤᠭ᠎ᠠ ᠶᠢ ᠲᠠᠷᠢᠪᠠ᠃ ︽ᠪᠢ ᠡᠨᠡ ᠵᠢᠯ 5 ᠫᠧᠩ ᠲᠠᠷᠢᠵᠤ᠂ ᠦᠨᠦᠷᠲᠦ ᠨᠣᠭᠤᠭ᠎ᠠ᠂ ᠥᠷᠭᠡᠰᠦᠲᠦ ᠨᠣᠭᠤᠭ᠎ᠠ᠂ ᠵᠢᠵᠢᠭ ᠴᠠᠭᠠᠨ ᠨᠣᠭᠤᠭ᠎ᠠ ᠵᠡᠷᠭᠡ ᠶᠢᠨ ᠭᠠᠷᠤᠯᠲᠠ ᠨᠢ ᠨᠡᠯᠢᠶᠡᠳ ᠰᠠᠶᠢᠨ ᠪᠠᠶᠢᠵᠤ᠂ ᠲᠤᠰ ᠭᠠᠵᠠᠷ ᠤᠨ ᠵᠠᠬ᠎ᠠ ᠳᠡᠯᠭᠡᠭᠦᠷ ᠤᠨ ᠬᠡᠷᠡᠭᠴᠡᠭᠡ ᠶᠢ ᠬᠠᠩᠭᠠᠵᠤ ᠴᠢᠳᠠᠬᠤ ᠪᠠᠷ ᠪᠠᠷᠠᠬᠤ ᠦᠭᠡᠢ᠂ ᠬᠡᠰᠡᠭ ᠢᠳᠡᠰᠢᠨ ᠨᠣᠭᠤᠭ᠎ᠠ ᠶᠢ ᠪᠠᠰᠠ ᠡᠷᠭᠢᠨ ᠲᠣᠭᠤᠷᠢᠨ ᠤ ᠭᠠᠵᠠᠷ ᠣᠷᠣᠨ ᠳᠤ ᠬᠠᠩᠭᠠᠵᠤ᠂ ᠵᠢᠱᠢᠯᠲᠡ ᠪᠠᠷ 12 ᠲᠦᠮᠡᠨ ᠲᠥᠭᠦᠷᠢᠭ ᠣᠷᠴᠢᠮ ᠣᠷᠣᠯᠭ᠎ᠠ ᠣᠯᠤᠨ᠎ᠠ︾ ᠬᠡᠵᠤ ᠤᠯᠠᠮ ᠠᠴᠠ ᠤᠯᠠᠮ ᠬᠦᠰᠡᠯ ᠡᠷᠡᠮᠡᠯᠵᠡᠯ ᠲᠠᠢ ᠪᠣᠯᠵᠤ᠂ ᠰᠢᠨ ᠶᠦᠨ ᠯᠦᠩ ᠤᠨ ᠴᠢᠷᠠᠢ ᠳᠤ ᠵᠣᠯ ᠵᠢᠷᠭᠠᠯ ᠤᠨ ᠢᠨᠢᠶᠡᠳᠦ ᠪᠠᠷ ᠪᠢᠯᠬᠠᠨ᠎ᠠ᠃    ᠵᠢᠯ ᠤᠨ ᠳᠥᠷᠪᠡᠨ ᠤᠯᠠᠷᠢᠯ ᠳᠤ᠂ ᠬᠦᠯᠡᠮᠵᠢ ᠶᠢᠨ ᠲᠠᠷᠢᠮᠠᠯ ᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠣᠯᠠᠨ ᠤ ︽ᠨᠣᠭᠤᠭ᠎ᠠ ᠶᠢᠨ ᠰᠠᠭᠰᠤ︾ ᠶᠢ ᠲᠡᠭᠦᠯᠳᠡᠷᠵᠢᠭᠦᠯᠦᠭᠰᠡᠨ ᠢᠶᠠᠷ ᠪᠠᠷᠠᠬᠤ ᠦᠭᠡᠢ᠂ ᠪᠠᠰᠠ ᠲᠠᠷᠢᠮᠠᠯ ᠤᠨ ᠡᠷᠦᠬᠡ ᠶᠢᠨ ︽ᠵᠣᠭᠤᠰᠣᠨ ᠤᠭᠤᠲᠠ︾ ᠶᠢ ᠬᠥᠭᠵᠢᠭᠡᠵᠦ᠂ ᠬᠠᠮᠲᠤ ᠶᠢᠨ ᠠᠵᠤ ᠠᠬᠤᠢ ᠶᠢᠨ ︽ᠪᠠᠶᠠᠵᠢᠯ ᠤᠨ ᠰᠢᠬᠦᠷ︾ ᠢ ᠲᠤᠯᠭᠠᠭᠤᠷᠢᠯᠠᠵᠤ᠂ ᠲᠠᠷᠢᠶᠠᠯᠠᠩ ᠤᠨ ᠦᠷᠭᠦᠯᠵᠢᠯᠡᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠶᠢ ᠠᠬᠢᠭᠤᠯᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号