ᠴᠠᠭᠠᠨ ᠰᠠᠷ᠎ᠠ ᠪᠢ ᠠᠵᠢᠯ ᠤᠨ ᠪᠠᠶᠢᠷᠢᠨ ᠳᠤ ᠪᠠᠨ ᠪᠠᠶᠢᠨ᠎ᠠ
ᠨᠡᠶᠢᠲᠡᠯᠡᠭᠰᠡᠨ ᠴᠠᠭ᠄
2024/2/18
   ᠭᠡᠷ ᠬᠤᠲᠠᠯᠠᠭᠠᠷ ᠢᠶᠠᠨ ᠴᠤᠭᠯᠠᠷᠠᠬᠤ ᠬᠠᠯᠠᠭᠤᠨ ᠳᠤᠯᠠᠭᠠᠨ ᠴᠠᠭ ᠮᠥᠴᠡ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠥᠩ ᠶᠤᠸᠠᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ 4 ᠢᠯᠴᠢ ᠬᠠᠩᠭᠠᠬᠤ ᠭᠠᠵᠠᠷ ᠤᠨ 41 ᠢᠯᠴᠢ ᠰᠣᠯᠢᠯᠴᠠᠬᠤ ᠥᠷᠲᠡᠭᠡ ᠳᠤ᠂ ᠢᠯᠴᠢ ᠰᠣᠯᠢᠯᠴᠠᠭᠤᠷ ᠲᠠᠰᠤᠷᠠᠯᠲᠠ ᠦᠭᠡᠢ ᠠᠵᠢᠯᠯᠠᠵᠤ᠂ 130 ᠬᠥᠮᠦᠨ ᠴᠠᠭᠠᠨ ᠰᠠᠷ᠎ᠠ ᠶᠢᠨ ᠬᠠᠩᠭᠠᠯᠭ᠎ᠠ ᠶᠢ ᠪᠠᠲᠤᠯᠠᠬᠤ ᠨᠢᠭᠡᠳᠦᠭᠡᠷ ᠹᠷᠣᠨᠲ ᠲᠤ ᠲᠡᠮᠡᠴᠡᠵᠦ᠂ ᠲᠦᠮᠡᠨ ᠡᠷᠦᠬᠡ ᠶᠢᠨ ︽ᠳᠤᠯᠠᠭᠠᠨ ᠪᠦᠯᠢᠶᠡᠨ︾ ᠢ ᠰᠠᠬᠢᠨ ᠬᠠᠮᠠᠭᠠᠯᠠᠬᠤ ᠶᠢᠨ ᠲᠥᠯᠥᠭᠡ ᠡᠷᠡᠯᠬᠡᠭᠯᠡᠨ ᠲᠡᠮᠡᠴᠡᠪᠡ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠥᠩ ᠶᠤᠸᠠᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ᠠᠦ᠋ᠲ᠋ᠣᠴᠢᠯᠠᠭᠰᠠᠨ ᠲᠣᠭᠠᠴᠢᠯᠠᠭᠰᠠᠨ ᠡᠵᠡᠮᠰᠢᠯ ᠤᠨ ᠲᠥᠪ ᠤᠨ ᠪᠦᠦ ᠬᠤᠩ ᠪᠦᠸᠧ ᠨᠢᠭᠡᠨᠲᠡ 10 ᠵᠢᠯ ᠳᠠᠷᠠᠭᠠᠯᠠᠨ ᠠᠵᠢᠯ ᠤᠨ ᠪᠠᠶᠢᠷᠢ ᠳᠠᠭᠠᠨ ᠪᠠᠶᠢᠨ᠎ᠠ᠃ ᠡᠨᠡ ᠴᠠᠭᠠᠨ ᠰᠠᠷ᠎ᠠ ᠶᠢᠨ ᠬᠤᠭᠤᠴᠠᠭᠠᠨ ᠳᠤ᠂ ᠲᠡᠷᠡ ᠪᠠᠰᠠ ᠤᠤᠯ ᠤᠨ ᠬᠢ ᠲᠠᠢ ᠪᠠᠨ ᠠᠳᠠᠯᠢ ᠪᠠᠷ᠂ ᠠᠯᠢ ᠡᠷᠲᠡ ᠠᠵᠢᠯ ᠤᠨ ᠪᠠᠶᠢᠷᠢ ᠳᠡᠭᠡᠷ᠎ᠡ ᠢᠷᠡᠵᠦ᠂ ᠱᠢᠨ᠎ᠡ ᠨᠢᠭᠡ ᠡᠳᠦᠷ ᠤᠨ ᠠᠵᠢᠯ ᠢᠶᠠᠨ ᠡᠬᠢᠯᠡᠭᠦᠯᠵᠦ᠂ 10 ᠵᠢᠯ ᠤᠨ ᠪᠠᠲᠤ ᠰᠠᠬᠢᠬᠤ ᠨᠢ ᠲᠡᠭᠦᠨ ᠢ ᠲᠦᠮᠡᠨ ᠭᠡᠷ ᠤᠨ ︽ᠳᠤᠯᠠᠭᠠᠨ ︾ ᠪᠣᠯᠭᠠᠵᠤ ᠴᠢᠳᠠᠬᠤ ᠪᠣᠯ ᠨᠢᠭᠡᠨ ᠵᠦᠢᠯ ᠤᠨ ᠢᠷᠠᠭᠤ ᠠᠯᠳᠠᠷ ᠮᠥᠨ ᠭᠡᠵᠦ ᠨᠡᠩ ᠰᠠᠨᠠᠭᠳᠠᠪᠠ᠃
158.jpg    ︽ᠴᠠᠭᠠᠨ ᠰᠠᠷ᠎ᠠ ᠶᠢᠨ ᠬᠤᠭᠤᠴᠠᠭᠠᠨ ᠳᠤ ᠪᠢ ᠡᠩ ᠤᠨ ᠦᠶ᠎ᠡ ᠶᠢᠨ ᠬᠢᠨ ᠲᠠᠢ ᠠᠳᠠᠯᠢ ᠪᠠᠷ ᠡᠯ᠎ᠡ ᠢᠯᠴᠢ
ᠰᠣᠯᠢᠯᠴᠠᠬᠤ ᠥᠷᠲᠡᠭᠡ ᠶᠢᠨ ᠠᠵᠢᠯᠯᠠᠭᠠᠨ ᠤ ᠲᠤᠭ᠎ᠠ ᠪᠠᠷᠢᠮᠲᠠ ᠶᠢ ᠴᠠᠭ ᠲᠤᠬᠠᠢ ᠳᠤᠨᠢ ᠬᠢᠨᠠᠨ ᠡᠵᠡᠮᠳᠡᠵᠦ᠂ ᠪᠦᠬᠦ ᠰᠦᠯᠵᠢᠶᠡᠨ ᠤ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠵᠤ᠂ ᠪᠦᠬᠦ ᠬᠤᠰᠢᠭᠤᠨ ᠤ ᠠᠷᠠᠳ ᠲᠦᠮᠡᠨ ᠳᠤ ᠳᠤᠯᠠᠭᠠᠨ ᠲᠠᠭᠠᠯᠠᠮᠵᠢᠲᠠᠢ ᠭᠡᠷ ᠳᠣᠲᠣᠷᠠᠬᠢ ᠳᠤᠯᠠᠭᠠᠨ ᠤ ᠬᠡᠮᠵᠢᠶ᠎ᠡ ᠶᠢ ᠬᠠᠩᠭᠠᠨ᠎ᠠ ᠬᠡᠵᠤ ᠪᠦᠦ ᠬᠤᠩ ᠪᠦᠸᠧ ᠬᠡᠯᠡᠪᠡ᠃    ᠢᠯᠴᠢ ᠰᠣᠯᠢᠯᠴᠠᠬᠤ ᠥᠷᠲᠡᠭᠡᠨ ᠤ ᠠᠵᠢᠯᠲᠠᠳ ᠴᠤ ᠬᠠᠷᠢᠶᠠᠲᠤ ᠣᠷᠣᠨ ᠤ ᠵᠢᠵᠢᠭ ᠲᠣᠭᠤᠷᠢᠭ ᠲᠤ ᠶᠠᠭᠠᠷᠠᠯᠳᠤᠵᠤ᠂ ᠬᠤᠭᠤᠯᠠᠢ ᠶᠢᠨ ᠲᠣᠣᠷ᠂ ᠠᠰᠠᠷ ᠤᠨ ᠬᠤᠩᠭᠢᠯ ᠤᠨ ᠢᠯᠴᠢ ᠬᠠᠩᠭᠠᠬᠤ ᠬᠤᠭᠤᠯᠠᠢ ᠶᠢᠨ ᠨᠡᠭᠡᠯᠡᠬᠡᠢ ᠵᠡᠷᠭᠡ ᠳᠤ ᠡᠳᠦᠷ ᠲᠤᠲᠤᠮ ᠤᠨ ᠬᠠᠮᠠᠭᠠᠯᠠᠯᠲᠠ ᠪᠠ ᠪᠠᠶᠢᠴᠠᠭᠠᠨ ᠵᠠᠰᠠᠯᠲᠠ ᠬᠢᠵᠦ᠂ ᠢᠯᠴᠢ ᠬᠠᠩᠭᠠᠬᠤ ᠭᠠᠵᠠᠷ ᠤᠨ ᠳᠠᠷᠤᠭ᠎ᠠ ᠬᠣ᠋ ᠢᠦᠢ ᠭᠠᠩ ᠪᠣᠯ ᠳᠠᠷᠤᠢ ᠲᠡᠭᠦᠨ ᠤ ᠳᠣᠲᠣᠷᠠᠬᠢ ᠨᠢᠭᠡ ᠭᠡᠰᠢᠭᠦᠨ ᠮᠥᠨ᠂ ᠡᠳᠦᠷ ᠪᠦᠷᠢ ᠠᠵᠢᠯᠲᠠᠨ ᠢᠶᠠᠨ ᠳᠠᠭᠠᠭᠤᠯᠤᠨ ᠵᠢᠵᠢᠭ ᠲᠣᠭᠤᠷᠢᠭ ᠲᠤ ᠣᠷᠣᠵᠤ ᠦᠢᠯᠡᠴᠢᠯᠡᠬᠦ ᠪᠣᠯ ᠲᠡᠭᠦᠨ ᠤ ᠠᠵᠢᠯ ᠤᠨ ᠬᠡᠪ ᠪᠠᠶᠢᠳᠠᠯ ᠮᠥᠨ᠂ ᠪᠣᠯᠪᠠᠰᠤᠷᠠᠩᠭᠤᠢ ᠮᠡᠷᠭᠡᠵᠢᠯ ᠤᠨ ᠠᠷᠤ ᠳᠤ 21 ᠵᠢᠯ ᠤᠨ ᠡᠷᠡᠰ ᠪᠠᠲᠤ ᠪᠠᠷᠢᠮᠲᠠᠯᠠᠯ ᠮᠥᠨ᠂ 21 ᠵᠢᠯ ᠤᠨ ᠲᠤᠷᠰᠢ ᠲᠡᠷᠡ ᠵᠢᠯ ᠪᠦᠷᠢ ᠶᠢᠨ ᠴᠠᠭᠠᠨ ᠰᠠᠷ᠎ᠠ ᠳᠤ ᠲᠡᠷᠡ ᠴᠥᠮ ᠠᠵᠢᠯ ᠤᠨ ᠪᠠᠶᠢᠷᠢ ᠳᠤ ᠪᠠᠶᠢᠵᠤ᠂ ᠲᠡᠭᠦᠨ ᠳᠤ ᠠᠪᠴᠤ ᠬᠡᠯᠡᠪᠡᠯ᠂ ᠴᠠᠭᠠᠨ ᠰᠠᠷ᠎ᠠ ᠳᠤ ᠴᠠᠭ ᠲᠤᠬᠠᠢ ᠳᠤᠨᠢ᠂ ᠨᠡᠩ ᠨᠠᠷᠢᠯᠢᠭ᠂ ᠨᠠᠩ ᠲᠤᠰᠬᠠᠢ ᠮᠡᠷᠭᠡᠵᠢᠯ ᠤᠨ ᠦᠢᠯᠡᠴᠢᠯᠡᠭᠡᠨ ᠤ ᠳᠡᠮᠵᠢᠯᠭᠡ ᠪᠣᠯᠬᠤ ᠶᠢ ᠬᠠᠷᠠᠭᠤᠯᠵᠤ ᠪᠠᠶᠢᠨ᠎ᠠ᠃    ︽ᠪᠠᠶᠠᠷ ᠤᠨ ᠡᠳᠦᠷ ᠤᠨ ᠬᠤᠭᠤᠴᠠᠭᠠᠨ ᠳᠠᠬᠢ ᠢᠯᠴᠢ ᠬᠠᠩᠭᠠᠬᠤ ᠦᠢᠯᠡᠴᠢᠯᠡᠭᠡᠨ ᠤ ᠶᠠᠰᠤ ᠴᠢᠨᠠᠷ ᠢ ᠦᠨᠡᠨ ᠬᠦ ᠪᠠᠲᠤᠯᠠᠬᠤ ᠶᠢᠨ ᠲᠥᠯᠥᠭᠡ᠂ ᠮᠠᠨ ᠤ ᠡᠯ᠎ᠡ ᠢᠯᠴᠢ ᠬᠠᠩᠭᠠᠬᠤ ᠭᠠᠵᠠᠷ ᠬᠤᠶᠠᠳᠠᠬᠢ ᠤᠳᠠᠭᠠᠨ ᠤ ᠢᠯᠴᠢ ᠬᠠᠩᠭᠠᠬᠤ ᠬᠤᠭᠤᠯᠠᠢ ᠶᠢᠨ ᠲᠣᠣᠷ ᠵᠢᠴᠢ ᠬᠤᠭᠤᠯᠠᠢ ᠶᠢᠨ ᠲᠣᠣᠷ ᠤᠨ ᠬᠤᠳᠳᠤᠭ ᠵᠡᠷᠭᠡ ᠲᠥᠬᠦᠭᠡᠷᠦᠮᠵᠢ ᠶᠢ ᠲᠣᠭᠤᠷᠢᠨ ᠪᠠᠶᠢᠴᠠᠭᠠᠵᠤ ᠰᠡᠯᠪᠢᠨ ᠵᠠᠰᠠᠬᠤ ᠪᠠᠨ ᠴᠢᠩᠭᠠᠳᠬᠠᠬᠤ ᠶᠢᠨ ᠬᠠᠮᠲᠤ 24 ᠴᠠᠭ ᠤᠨ ᠦᠢᠯᠡᠴᠢᠯᠡᠭᠡᠨ ᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠢᠯᠴᠢ ᠬᠡᠷᠡᠭᠯᠡᠬᠦ ᠡᠷᠦᠬᠡ ᠶᠢᠨ ᠤᠲᠠᠰᠤ ᠰᠡᠯᠪᠢᠨ ᠵᠠᠰᠠᠬᠤ ᠶᠢ ᠴᠠᠭ ᠲᠤᠬᠠᠢ ᠳᠤᠨᠢ ᠰᠢᠢᠳᠪᠦᠷᠢᠯᠡᠬᠦ ᠶᠢ ᠦᠨᠡᠨ ᠬᠦ ᠪᠠᠲᠤᠯᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠢᠯᠴᠢ ᠬᠠᠩᠭᠠᠬᠤ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ ᠪᠠᠶᠢᠨ᠎ᠠ︾ ᠬᠡᠵᠤ ᠬᠤ᠋ ᠢᠦᠢ ᠭᠠᠩ ᠬᠡᠯᠡᠪᠡ᠃    ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠥᠩ ᠶᠤᠸᠠᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠲᠣᠣᠷᠵᠢᠭᠤᠯᠤᠭᠰᠠᠨ ᠬᠠᠮᠢᠶᠠᠷᠤᠯᠲᠠ ᠶᠢ ᠬᠡᠷᠡᠭᠵᠢᠭᠦᠯᠵᠦ᠂ ᠪᠦᠬᠦ ᠬᠤᠰᠢᠭᠤᠨ ᠤ 4 ᠢᠯᠴᠢ ᠬᠠᠩᠭᠠᠬᠤ ᠭᠠᠵᠠᠷ ᠤᠨ ᠬᠠᠷᠢᠶᠠᠲᠤ ᠬᠡᠰᠡᠭ ᠶᠣᠰᠣᠭᠠᠷ ᠬᠤᠪᠢᠶᠠᠷᠢᠯᠠᠵᠤ᠂ 56 ᠲᠣᠣᠷᠵᠢᠭᠤᠯᠤᠭᠰᠠᠨ ᠠᠵᠢᠯᠲᠠᠨ ᠢ ᠲᠣᠬᠢᠷᠠᠭᠤᠯᠤᠨ᠂ ᠬᠠᠷᠢᠶᠠᠲᠤ ᠣᠷᠣᠨ ᠤ ᠪᠤᠢ ᠪᠦᠬᠦᠢ ᠲᠥᠪᠯᠡᠷᠡᠭᠦᠯᠦᠨ ᠢᠯᠴᠢ ᠬᠠᠩᠭᠠᠬᠤ ᠡᠷᠦᠬᠡ ᠶᠢ ᠬᠠᠮᠤᠷᠪᠠ᠃    ︽ᠴᠠᠭᠠᠨ ᠰᠠᠷ᠎ᠠ ᠶᠢᠨ ᠬᠤᠭᠤᠴᠠᠭᠠᠨ ᠳᠤ᠂ ᠮᠠᠨ ᠤ ᠺᠣᠮᠫᠠᠨᠢ ᠢᠯᠴᠢ ᠬᠠᠩᠭᠠᠬᠤ ᠶᠢ ᠪᠠᠲᠤᠯᠠᠬᠤ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠬᠦᠭᠡᠷᠦᠮᠵᠢ ᠶᠢ ᠲᠣᠭᠤᠷᠢᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠬᠤᠶᠠᠳᠠᠬᠢ ᠤᠳᠠᠭᠠᠨ ᠤ ᠢᠯᠴᠢ ᠬᠠᠩᠭᠠᠬᠤ ᠬᠤᠭᠤᠯᠠᠢ ᠶᠢᠨ ᠲᠣᠣᠷ ᠤᠨ ᠤᠰᠤᠨ ᠤ ᠬᠦᠴᠦᠨ ᠢ ᠲᠡᠩᠴᠡᠭᠦᠷᠢᠲᠡᠢ ᠪᠠᠶᠢᠯᠭᠠᠬᠤ ᠠᠵᠢᠯ ᠢ ᠰᠠᠶᠢᠲᠤᠷ ᠬᠢᠬᠦ ᠶᠢᠨ ᠬᠠᠮᠲᠤ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠠᠩᠬᠢ 24 ᠴᠠᠭ ᠵᠠᠷᠯᠢᠭ ᠬᠦᠯᠢᠶᠡᠵᠦ᠂ ᠭᠡᠨᠡᠳᠲᠡ ᠶᠢᠨ ᠬᠡᠷᠡᠭ ᠲᠣᠬᠢᠶᠠᠯᠳᠤᠪᠠᠯ ᠲᠦᠷᠭᠡᠨ ᠲᠤᠰᠬᠠᠯ ᠭᠠᠷᠭᠠᠵᠤ᠂ ᠲᠣᠬᠢᠲᠠᠢ ᠰᠢᠢᠳᠪᠦᠷᠢᠯᠡᠪᠡ᠃ ᠪᠦᠬᠦ ᠺᠠᠳ᠋ᠷ ᠠᠵᠢᠯᠲᠠᠨ ᠠᠵᠢᠯᠴᠢᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠠᠷᠠᠳ ᠣᠯᠠᠨ ᠤ ᠬᠠᠯᠠᠭᠤᠨ ᠳᠤᠯᠠᠭᠠᠨ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠦᠩ ᠶᠤᠸᠠᠨ ᠢᠯᠴᠢ ᠶᠢᠨ ᠬᠦᠴᠦᠨ ᠤ ᠬᠢᠵᠠᠭᠠᠷᠲᠤ ᠺᠣᠮᠫᠠᠨᠢ ᠶᠢᠨ ᠳᠡᠳ᠋ ᠳᠠᠭᠠᠭᠠᠮᠠᠯ ᠾᠧ ᠦ᠋ ᠵᠢᠶᠦ᠋ᠨ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号