ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ ᠠᠵᠢᠯ ᠤᠨ ᠪᠠᠶᠢᠷᠢ ᠪᠠᠨ ᠪᠠᠲᠤ ᠰᠠᠬᠢᠵᠤ ᠴᠠᠭᠠᠨ ᠰᠠᠷ᠎ᠠ ᠨᠡᠩ ᠠᠷᠢᠭᠤᠨ ᠴᠡᠪᠡᠷ ᠪᠠᠳᠤᠯᠠᠨ᠎ᠠ
ᠨᠡᠶᠢᠲᠡᠯᠡᠭᠰᠡᠨ ᠴᠠᠭ᠄
2024/2/18
    ᠴᠠᠭᠠᠨ ᠰᠠᠷ᠎ᠠ ᠶᠢᠨ ᠪᠠᠶᠠᠷ ᠤᠨ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠶᠡᠭᠡ ᠵᠡᠭᠡᠯᠢ ᠭᠤᠳᠤᠮᠵᠢ ᠳᠤ ᠳ᠋ᠧᠩ ᠭᠢᠯᠠᠯᠵᠠᠨ᠂ ᠭᠠᠵᠠᠷ ᠪᠣᠯᠭᠠᠨ ᠳᠤ ᠴᠠᠭᠠᠨ ᠰᠠᠷ᠎ᠠ ᠶᠢᠨ ᠠᠭᠤᠷ ᠠᠮᠢᠰᠬᠤᠯ ᠪᠢᠯᠬᠠᠵᠤ᠂ ᠬᠥᠮᠦᠰ ᠬᠠᠮᠲᠤ ᠪᠠᠷ ᠠᠵᠢᠯ ᠤᠨ ᠪᠠᠶᠢᠷᠢ ᠪᠠᠨ ᠪᠠᠲᠤ ᠰᠠᠬᠢᠵᠤ᠂ ᠲᠡᠳᠡ ᠥᠷᠯᠥᠭᠡ ᠦᠳᠡᠰᠢ ᠪᠠᠲᠤ ᠰᠠᠬᠢᠵᠤ᠂ ᠬᠠᠬᠢᠷ ᠬᠦᠢᠲᠡᠨ ᠰᠥᠨᠢ ᠪᠠᠷ ᠰᠠᠬᠢᠨ ᠰᠠᠭᠤᠵᠤ᠂ ᠨᠢᠭᠡ ᠬᠥᠮᠦᠨ᠂ ᠨᠢᠭᠡ ᠲᠡᠷᠭᠡ᠂ ᠨᠢᠭᠡ ᠱᠦᠭᠦᠷ ᠵᠡᠷᠭᠡ ᠭᠠᠵᠠᠷ ᠲᠤ ᠁ ᠲᠡᠳᠡ ᠡᠷᠲᠡ ᠪᠣᠰᠤᠭᠰᠠᠨ ᠪᠣᠯᠪᠠᠴᠤ ᠭᠡᠮᠱᠢᠬᠦ ᠦᠭᠡᠢ᠂ ᠦᠭᠡ ᠳᠠᠭᠤᠨ ᠦᠭᠡᠢ ᠪᠠᠷ ᠬᠤᠲᠠ ᠶᠢᠨ ᠴᠡᠪᠡᠷ ᠬᠥᠷᠥᠰᠥ ᠶᠢ ᠰᠣᠯᠢᠨ᠎ᠠ᠂ ᠲᠡᠳᠡ ᠪᠣᠯ ᠳᠠᠷᠤᠢ ᠬᠤᠲᠠ ᠶᠢᠨ ︽ᠵᠢᠰᠦ ᠭᠤᠶᠠᠯᠠᠬᠴᠢ︾ — ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ ᠪᠤᠯᠤᠨ᠎ᠠ᠃    ᠥᠷᠯᠥᠭᠡ ᠶᠢᠨ ᠵᠢᠷᠭᠤᠭᠠᠨ ᠴᠠᠭ ᠬᠠᠭᠠᠰ ᠲᠤ᠂ ᠲᠩᠷᠢ ᠭᠡᠭᠡᠷᠡᠵᠦ᠂ ᠬᠦᠢᠲᠡᠨ ᠰᠠᠯᠬᠢ ᠲᠡᠰᠬᠢᠮ᠎ᠡ ᠬᠦᠢᠲᠡᠨ᠂ ᠵᠡᠭᠡᠯᠢ ᠳᠡᠭᠡᠷ᠎ᠡ ᠶᠠᠪᠠᠭᠠᠨ ᠬᠥᠮᠦᠨ ᠳᠡᠮᠡᠢ ᠬᠡᠳᠦ ᠪᠠᠶᠢᠬᠤ ᠦᠭᠡᠢ᠂ ᠰᠤᠷᠪᠤᠯᠵᠢᠯᠠᠭᠴᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠳ ᠮᠥᠨ ᠯᠡ ᠡᠩ ᠤᠨ ᠦᠶ᠎ᠡ ᠶᠢᠨ ᠬᠢᠨ ᠲᠠᠢ ᠠᠳᠠᠯᠢ ᠪᠠᠷ ᠵᠦᠷᠵᠢ ᠶᠢᠨ ᠰᠢᠷ᠎ᠠ ᠥᠩᠭᠡ ᠶᠢᠨ ᠠᠵᠢᠯ ᠤᠨ ᠬᠤᠪᠴᠠᠰᠤ ᠡᠮᠦᠰᠴᠦ᠂ ᠥᠪᠡᠷ ᠥᠪᠡᠷ ᠤᠨ ᠠᠵᠢᠯ ᠤᠨ ᠣᠷᠣᠨ ᠳᠠᠭᠠᠨ ᠲᠠᠰᠤᠷᠠᠯᠲᠠ ᠦᠭᠡᠢ ᠶᠠᠭᠠᠷᠠᠯᠳᠤᠵᠤ᠂ ᠵᠠᠷᠢᠮ ᠨᠢ ᠵᠠᠮ ᠴᠡᠪᠡᠷᠯᠡᠵᠦ᠂ ᠵᠠᠷᠢᠮ ᠨᠢ ᠬᠤᠭ ᠨᠣᠪᠰᠢ ᠶᠢ ᠴᠡᠪᠡᠷᠯᠡᠨ ᠵᠥᠭᠡᠭᠡᠪᠦᠷᠢᠯᠡᠵᠦ᠂ ᠣᠯᠠᠨ ᠢᠶᠠᠷ ᠢᠶᠠᠨ ᠡᠮᠬᠢ ᠵᠠᠮᠪᠠᠷᠠᠭ᠎ᠠ ᠲᠠᠢ᠂ ᠠᠵᠢᠯᠴᠢ ᠬᠢᠴᠢᠶᠡᠩᠭᠦᠢ ᠨᠠᠷᠢᠨ ᠬᠢᠨᠠᠮᠠᠭᠠᠢ ᠪᠠᠶᠢᠬᠤ ᠶᠢ ᠣᠯᠵᠤ ᠬᠠᠷᠠᠪᠠ᠃    ︽ᠬᠤᠲᠠ ᠶᠢᠨ ᠴᠡᠪᠡᠷᠯᠡᠭᠡ ᠬᠢᠬᠦ ᠪᠣᠯ ᠮᠠᠨ ᠤ ᠡᠭᠦᠷᠭᠡ ᠬᠠᠷᠢᠭᠤᠴᠠᠯᠭ᠎ᠠ ᠮᠥᠨ᠂ ᠴᠡᠪᠡᠷ ᠵᠡᠭᠡᠯᠢ ᠭᠤᠳᠤᠮᠵᠢ ᠶᠢ ᠬᠠᠷᠠᠪᠠᠯ ᠪᠢᠳᠡ ᠴᠦ ᠰᠡᠳᠬᠢᠯ ᠠᠭᠤᠳᠠᠮ᠂ ᠮᠢᠨᠦ ᠦᠵᠡᠬᠦ ᠪᠠᠷ ᠮᠠᠨ ᠤ ᠠᠵᠢᠯ ᠮᠠᠰᠢ ᠤᠳᠬ᠎ᠠ ᠠᠭᠤᠯᠭ᠎ᠠ ᠲᠠᠢ ᠶᠤᠮ ᠃ ᠴᠠᠭᠠᠨ ᠰᠠᠷ᠎ᠠ ᠶᠢᠨ ᠬᠤᠭᠤᠴᠠᠭᠠᠨ ᠳᠤ ᠪᠢᠳᠡ ᠮᠥᠨ ᠯᠡ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠦᠬᠦ ᠬᠤᠰᠢᠭᠤᠨ ᠤ ᠠᠷᠠᠳ ᠲᠦᠮᠡᠨ ᠢ ᠠᠷᠢᠭᠤᠨ ᠴᠡᠪᠡᠷ ᠥᠯᠵᠡᠢ ᠪᠡᠯᠭᠡ ᠲᠠᠢ ᠪᠠᠷ ᠴᠠᠭᠠᠨ ᠰᠠᠷ᠎ᠠ ᠪᠠᠨ ᠥᠩᠭᠡᠷᠡᠭᠦᠯᠦᠨ᠎ᠡ︾ ᠭᠡᠵᠦ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠯᠢ ᠴᠢᠨ ᠶᠠᠨ ᠬᠡᠯᠡᠪᠡ᠃    ᠯᠢ ᠴᠢᠩ ᠶᠠᠨ ᠰᠢᠭ ᠴᠠᠭᠠᠨ ᠰᠠᠷ᠎ᠠ ᠶᠢᠨ ᠬᠤᠭᠤᠴᠠᠭᠠᠨ ᠳᠤ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠪᠦᠬᠦ ᠬᠤᠰᠢᠭᠤᠨ ᠳᠤ 213 ᠬᠥᠮᠦᠨ ᠪᠠᠶᠢᠨ᠎ᠠ᠃ ᠲᠡᠳᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠴᠠᠭᠠᠨ ᠰᠠᠷ᠎ᠠ ᠶᠢᠨ ᠬᠤᠭᠤᠴᠠᠭᠠᠨ ᠳᠤ ᠴᠡᠪᠡᠷᠯᠡᠬᠦ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠤᠲᠠ ᠶᠢᠨ ᠠᠷᠢᠭᠤᠨ ᠴᠡᠪᠡᠷ ᠢ ᠪᠠᠲᠤᠯᠠᠵᠤ᠂ ᠥᠪᠡᠷ ᠤᠨ ᠠᠵᠢᠯᠯᠠᠭ᠎ᠠ ᠪᠠᠷ ᠢᠶᠠᠨ ᠡᠨᠡᠬᠦ ᠬᠤᠲᠠ ᠶᠢᠨ ᠦᠵᠡᠰᠬᠦᠯᠡᠩᠲᠦ ᠰᠠᠶᠢᠬᠠᠨ ᠦᠵᠡᠮᠵᠢ ᠶᠢ ᠰᠠᠬᠢᠨ ᠬᠠᠮᠠᠭᠠᠯᠠᠪᠠ᠃    ︽ᠴᠠᠭᠠᠨ ᠰᠠᠷ᠎ᠠ ᠶᠢᠨ ᠬᠤᠭᠤᠴᠠᠭᠠᠨ ᠳᠤ ᠬᠥᠮᠦᠨ ᠤ ᠲᠤᠭ᠎ᠠ ᠨᠡᠯᠢᠶᠡᠳ ᠶᠡᠭᠡ᠂ ᠠᠮᠢᠳᠤᠷᠠᠯ ᠤᠨ ᠬᠤᠭ ᠨᠣᠪᠰᠢ ᠶᠢ ᠴᠤ ᠬᠠᠷᠢᠴᠠᠩᠭᠤᠢ ᠪᠠᠷ ᠨᠡᠮᠡᠭᠳᠡᠭᠦᠯᠦᠨ᠎ᠡ᠂ ᠮᠠᠨ ᠤ ᠬᠤᠰᠢᠭᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠪᠦᠬᠦᠨ ᠠᠵᠢᠯ ᠤᠨ ᠪᠠᠶᠢᠷᠢ ᠳᠤ ᠭᠠᠷᠴᠤ᠂ ᠡᠳᠦᠷ ᠪᠦᠷᠢ ᠴᠠᠭ ᠲᠤᠬᠠᠢ ᠳᠤᠨᠢ ᠴᠡᠪᠡᠷᠯᠡᠵᠦ᠂ ᠣᠯᠠᠨ ᠳᠤ ᠠᠷᠢᠭᠤᠨ ᠴᠡᠪᠡᠷ ᠣᠷᠴᠢᠨ ᠲᠣᠭᠤᠷᠢᠨ ᠢ ᠪᠣᠢ ᠪᠣᠯᠭᠠᠵᠤ ᠥᠭᠬᠦ ᠶᠢ ᠪᠠᠷᠢᠮᠲᠠᠯᠠᠵᠤ᠂ ᠪᠠᠰᠠ ᠥᠷᠭᠡᠨ ᠣᠯᠠᠨ ᠲᠦᠮᠡᠨ ᠤ ᠶᠠᠪᠤᠵᠤ ᠰᠠᠭᠤᠬᠤ ᠳᠤ ᠣᠷᠴᠢᠨ ᠲᠣᠭᠤᠷᠢᠨ ᠤ ᠠᠷᠢᠭᠤᠨ ᠴᠡᠪᠡᠷ ᠢ ᠰᠠᠶᠢᠲᠤᠷ ᠬᠠᠶᠢᠷᠠᠯᠠᠬᠤ ᠶᠢ ᠬᠦᠰᠡᠵᠦ ᠪᠠᠶᠢᠨ᠎ᠠ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠬᠠᠮᠢᠶᠠᠷᠤᠯᠲᠠ ᠶᠢᠨ ᠲᠥᠪ ᠤᠨ ᠳᠡᠳ᠋ ᠡᠷᠬᠢᠯᠡᠭᠴᠢ ᠪᠦᠦ ᠯᠢᠨ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号