︽ᠡᠷᠡᠭᠦᠯ ᠡᠩᠬᠡ ᠶᠢᠨ ᠰᠠᠬᠢᠭᠴᠢ︾ ᠪᠤᠯᠤᠨ᠎ᠠ
ᠨᠡᠶᠢᠲᠡᠯᠡᠭᠰᠡᠨ ᠴᠠᠭ᠄
2024/2/18
   ᠴᠠᠭᠠᠨ ᠰᠠᠷ᠎ᠠ ᠶᠢᠨ ᠬᠤᠭᠤᠴᠠᠭᠠᠨ ᠳᠤ ᠬᠥᠮᠦᠰ ᠴᠤᠭᠯᠠᠷᠠᠵᠤ ᠪᠠᠶᠢᠭ᠎ᠠ ᠲᠠᠰᠢᠷᠠᠮ ᠳᠤ᠂ ᠨᠢᠭᠡ ᠪᠦᠯᠦᠭ ᠬᠥᠮᠦᠰ ᠪᠠᠶᠢᠳᠠᠭ᠂ ᠲᠡᠳᠡ ᠶᠠᠭᠠᠷᠠᠤ ᠰᠠᠨᠳᠤᠷᠤᠤ ᠠᠯᠬᠤᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠠᠵᠢᠯ ᠤᠨ ᠪᠠᠶᠢᠷᠢ ᠪᠠᠨ ᠪᠠᠲᠤ ᠰᠠᠬᠢᠵᠤ᠂ ᠦᠬᠦᠯ ᠠᠴᠠ ᠠᠪᠤᠷᠠᠨ ᠰᠢᠷᠬᠠᠲᠤᠭᠰᠠᠳ ᠢ ᠲᠡᠩᠬᠡᠷᠡᠭᠦᠯᠵᠦ᠂ ᠲᠡᠳᠡ ᠪᠣᠯ ᠳᠠᠷᠤᠢ ︽ᠴᠠᠭᠠᠨ ᠬᠤᠪᠴᠠᠰᠤᠲᠤ︾ ᠭᠡᠳᠡᠭ ᠲᠠᠢ ᠡᠮᠨᠡᠯᠭᠡ ᠶᠢᠨ ᠠᠵᠢᠯᠲᠠᠨ ᠮᠥᠨ᠂ ᠲᠡᠳᠡ ︽ᠡᠷᠡᠭᠦᠯ ᠮᠡᠨᠳᠦ ᠶᠢᠨ ᠵᠣᠯ ᠵᠢᠷᠭᠠᠯ︾ ᠢ ᠰᠣᠯᠢᠵᠤ ᠠᠪᠴᠢᠷᠠᠭᠰᠠᠨ ᠪᠠᠶᠢᠨ᠎ᠠ᠃    ᠪᠠᠢ ᠵᠦᠩ ᠬᠤᠸᠠ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠨᠠᠰᠤᠲᠠᠶᠢᠴᠤᠳ ᠤᠨ ᠡᠪᠡᠳᠴᠢᠨ ᠤ ᠡᠭᠦᠳᠡᠨ ᠡᠮᠨᠡᠯᠭᠡ ᠶᠢᠨ ᠡᠷᠬᠢᠯᠡᠭᠴᠢ᠂ ᠡᠷᠡᠬᠦᠯᠵᠢᠯ ᠤᠨ ᠰᠠᠯᠠᠭᠠᠨ ᠤ ᠳᠡᠳ᠋ ᠡᠷᠬᠢᠯᠡᠭᠴᠢ ᠡᠮᠴᠢ ᠪᠣᠯᠤᠨ᠎ᠠ᠃ 21 ᠵᠢᠯ ᠤᠨ ᠡᠮᠴᠢ ᠶᠢᠨ ᠠᠮᠢᠳᠤᠷᠠᠯ ᠤᠨ ᠳᠤᠮᠳᠠ᠂ ᠲᠡᠷᠡ ᠢᠮᠠᠭᠲᠠ ᠰᠢᠨᠵᠢᠯᠡᠬᠦ ᠤᠬᠠᠭᠠᠨᠴᠢ ᠣᠪᠣᠷ ᠢᠶᠠᠷ ᠠᠵᠢᠯ ᠳᠠᠭᠠᠨ ᠬᠠᠨᠳᠤᠵᠤ᠂ ᠡᠷᠬᠢᠮ ᠳᠡᠭᠡᠳᠦ ᠡᠮᠴᠢ ᠶᠢᠨ ᠮᠣᠷᠠᠯ ᠢᠶᠠᠷ ᠥᠪᠡᠷ ᠢ ᠪᠠᠨ ᠴᠣᠭᠴᠠᠯᠠᠪᠠ᠃ ᠠᠵᠢᠯᠯᠠᠭᠰᠠᠨ ᠠᠴᠠ ᠨᠠᠰᠢ᠂ ᠪᠦᠷᠢᠨ ᠪᠦᠲᠦᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠠᠮᠠᠷᠠᠭᠰᠠᠨ ᠦᠭᠡᠢ᠂ ᠡᠮᠨᠡᠯᠭᠡ ᠶᠢᠨ ᠬᠤᠷᠢᠶ᠎ᠠ ᠬᠡᠷᠡᠭᠴᠡᠭᠡ ᠲᠠᠢ ᠯᠡ ᠶᠤᠮ ᠪᠣᠯ᠂ ᠲᠡᠷᠡ ᠡᠳᠦᠷ ᠰᠥᠨᠢ ᠦᠭᠡᠢ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠨ᠎ᠠ᠃
1589.png    ︽ᠪᠢ ᠡᠮᠴᠢ ᠶᠢᠨ ᠠᠵᠢᠯ ᠨᠢᠭᠡᠨᠲᠡ 21 ᠵᠢᠯ ᠪᠣᠯᠪᠠ᠂ ᠡᠨᠡ ᠠᠵᠢᠯ ᠲᠥᠷᠥᠯ ᠢ ᠰᠣᠩᠭᠤᠭᠰᠠᠨ ᠶᠤᠮ ᠴᠢᠨᠢ
ᠪᠢ ᠠᠵᠢᠯ ᠤᠨ ᠪᠠᠶᠢᠷᠢ ᠪᠠᠨ ᠰᠠᠶᠢᠲᠤᠷ ᠰᠠᠬᠢᠵᠤ᠂ ᠡᠪᠡᠳᠴᠢᠲᠡᠨ ᠨᠢᠭᠡᠪᠦᠷᠢ ᠶᠢ ᠰᠡᠳᠬᠢᠯ ᠲᠠᠯᠪᠢᠨ ᠬᠠᠷᠠᠭᠠᠯᠵᠠᠵᠤ᠂ ᠠᠷᠠᠳ ᠣᠯᠠᠨ ᠤ ᠠᠮᠢ ᠨᠠᠰᠤ ᠡᠷᠡᠭᠦᠯ ᠮᠡᠨᠳᠦ ᠶᠢ ᠪᠦᠬᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ︾ ᠭᠡᠵᠤ ᠬᠡᠯᠡᠨ᠎ᠡ᠃    ᠮᠥᠨ ᠴᠦ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠳᠤ᠂ ᠰᠤᠷᠪᠤᠯᠵᠢᠯᠠᠭᠴᠢ ᠲᠦᠷᠭᠡᠨ ᠡᠮᠨᠡᠬᠦ ᠡᠮᠴᠢ ᠰᠤᠪᠢᠯᠠᠭᠴᠢ ᠶᠢᠨ ᠶᠠᠭᠠᠷᠠᠤ ᠠᠯᠬᠤᠭ᠎ᠠ ᠶᠠᠭᠠᠷᠠᠤ ᠰᠠᠨᠳᠤᠷᠤᠤ ᠪᠠᠶᠢᠬᠤ ᠶᠢ ᠣᠯᠵᠤ ᠬᠠᠷᠠᠵᠤ᠂ ᠡᠪᠡᠳᠴᠢᠲᠡᠨ ᠵᠢᠴᠢ ᠭᠡᠷ ᠪᠦᠯᠢ ᠶᠢᠨ ᠬᠢᠨ ᠳᠤ ᠣᠨᠣᠰᠢᠯᠠᠬᠤ᠂ ᠮᠠᠳᠠᠭ ᠲᠠᠢ ᠠᠰᠠᠭᠤᠳᠠᠯ ᠢ ᠬᠠᠷᠢᠭᠤᠯᠬᠤ᠂ ᠰᠢᠩᠭᠡᠨ ᠶᠡᠭᠦᠯᠡᠬᠦ᠂ ᠡᠮ ᠰᠣᠯᠢᠬᠤ ᠁ ᠲᠡᠳᠡᠨ ᠤ ᠶᠠᠭᠠᠷᠠᠯᠲᠠᠢ ᠠᠯᠬᠤᠭ᠎ᠠ ᠪᠠᠨ ᠶᠡᠷᠦ ᠠᠴᠠ ᠵᠣᠭᠰᠣᠭᠰᠠᠨ ᠦᠭᠡᠢ ᠪᠠᠶᠢᠵᠤ᠂ ᠡᠮᠴᠢᠯᠡᠭᠡᠨ ᠤ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠴᠢᠩᠭ᠎ᠠ ᠵᠢᠷᠤᠮᠯᠠᠨ᠂ ᠴᠠᠭᠠᠨ ᠰᠠᠷ᠎ᠠ ᠶᠢᠨ ᠲᠦᠷᠭᠡᠨ ᠡᠮᠨᠡᠬᠦ ᠰᠠᠭᠠᠳ ᠦᠭᠡᠢ ᠨᠡᠪᠲᠡᠷᠡᠬᠦ ᠵᠠᠮ ᠤᠨ ᠰᠠᠭᠠᠳ ᠦᠭᠡᠢ ᠨᠡᠪᠲᠡᠷᠡᠬᠦ ᠶᠢ ᠦᠨᠡᠨ ᠬᠦ ᠪᠠᠲᠤᠯᠠᠵᠤ᠂ ᠡᠮᠴᠢᠯᠡᠭᠡᠨ ᠤ ᠠᠪᠤᠷᠠᠨ ᠵᠠᠰᠠᠬᠤ ᠬᠤᠷᠢᠶᠠᠨ ᠤ ᠡᠮᠦᠨ᠎ᠡ ᠵᠢᠴᠢ ᠡᠮᠨᠡᠯᠭᠡ ᠶᠢᠨ ᠬᠤᠷᠢᠶᠠᠨ ᠳᠤ ᠵᠠᠪᠰᠠᠷ ᠦᠭᠡᠢ ᠵᠣᠯᠭᠠᠯᠳᠤᠬᠤ ᠶᠢ ᠪᠡᠶᠡᠯᠡᠭᠦᠯᠪᠡ᠃    ᠵᠤᠤ ᠯᠢ ᠬᠤᠩ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠤ ᠰᠤᠪᠢᠯᠠᠯᠲᠠ ᠶᠢᠨ ᠬᠡᠯᠲᠡᠰ ᠤᠨ ᠡᠷᠬᠢᠯᠡᠭᠴᠢ ᠪᠣᠯᠤᠨ᠎ᠠ᠃ ᠡᠳᠦᠷ ᠪᠦᠷᠢ ᠶᠢᠨ ᠥᠷᠯᠥᠭᠡ ᠠᠴᠠ ᠠᠵᠢᠯ ᠬᠤᠪᠢᠶᠠᠷᠢᠯᠠᠵᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠬᠦᠷᠲᠡᠯ᠎ᠡ᠂ ᠬᠡᠪ ᠶᠠᠩᠵᠤ ᠶᠢ ᠨᠢ ᠴᠤ ᠣᠷᠬᠢᠭᠳᠠᠭᠤᠯᠬᠤ ᠦᠭᠡᠢ ᠪᠠᠶᠢᠨ᠎ᠠ᠃    ︽ᠴᠠᠭᠠᠨ ᠰᠠᠷ᠎ᠠ ᠶᠢᠨ ᠬᠤᠭᠤᠴᠠᠭᠠᠨ ᠳᠤ᠂ ᠡᠮᠨᠡᠯᠭᠡ ᠶᠢᠨ ᠬᠤᠷᠢᠶᠠᠨ ᠤ ᠡᠯ᠎ᠡ ᠰᠠᠯᠠᠭ᠎ᠠ ᠮᠥᠴᠢᠷ ᠴᠥᠮ ᠬᠡᠪ ᠤᠨ ᠶᠣᠰᠣᠭᠠᠷ ᠠᠵᠢᠯᠯᠠᠵᠤ᠂ ᠡᠮᠨᠡᠯᠭᠡ ᠶᠢᠨ ᠠᠵᠢᠯᠲᠠᠳ ᠦᠨᠡᠨ ᠰᠡᠳᠬᠢᠯ ᠠᠴᠠ ᠪᠠᠨ ᠡᠪᠡᠳᠴᠢᠲᠡᠨ ᠳᠤ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠠᠩᠭᠠᠪᠠ᠃ ᠮᠠᠨ ᠤ ᠡᠮᠨᠡᠯᠭᠡ ᠶᠢᠨ ᠠᠵᠢᠯᠲᠠᠳ ᠠᠵᠢᠯ ᠤᠨ ᠪᠠᠶᠢᠷᠢ ᠪᠠᠨ ᠪᠠᠲᠤ ᠰᠠᠬᠢᠵᠤ᠂ ᠣᠯᠠᠨ ᠲᠦᠮᠡᠨ ᠤ ᠡᠷᠡᠭᠦᠯ ᠮᠡᠨᠳᠦ᠂ ᠠᠮᠤᠷ ᠠᠮᠤᠭᠤᠯᠠᠩ ᠪᠠᠶᠠᠷ ᠤᠨ ᠡᠳᠦᠷ ᠢᠶᠠᠨ ᠥᠩᠭᠡᠷᠡᠭᠦᠯᠬᠦ ᠶᠢ ᠦᠨᠡᠨ ᠬᠦ ᠪᠠᠲᠤᠯᠠᠨ᠎ᠠ᠃︾ ᠬᠡᠵᠤ ᠵᠤᠤ ᠯᠢ ᠬᠤᠩ ᠬᠡᠯᠡᠪᠡ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠣᠩᠭᠤᠯ ᠡᠮᠨᠡᠯᠭᠡ ᠶᠢᠨ ᠬᠤᠷᠢᠶᠠᠨ ᠳᠤ᠂ 120 ᠲᠦᠷᠭᠡᠨ ᠠᠪᠤᠷᠠᠯᠲᠠ ᠶᠢᠨ ᠥᠷᠲᠡᠭᠡ ᠨᠢ ᠥᠩᠭᠡᠷᠡᠭᠰᠡᠨ ᠲᠠᠢ ᠠᠳᠠᠯᠢ ᠪᠠᠷ ᠪᠠᠴᠢᠮ ᠶᠠᠭᠠᠷᠠᠯᠲᠠᠢ ᠪᠥᠭᠡᠳ ᠡᠮᠬᠢ ᠵᠢᠷᠤᠮ ᠲᠠᠢ ᠠᠵᠢᠯᠯᠠᠵᠤ ᠪᠠᠶᠢᠪᠠ᠃ ᠴᠠᠭᠠᠨ ᠰᠠᠷ᠎ᠠ ᠶᠢᠨ ᠬᠤᠭᠤᠴᠠᠭᠠᠨ ᠳᠤ ᠭᠠᠷᠴᠤ ᠮᠡᠳᠡᠬᠦ ᠬᠦᠯᠢᠶᠡᠨ ᠠᠪᠴᠤ ᠡᠮᠨᠡᠭᠦᠯᠬᠦ ᠪᠠᠶᠢᠳᠠᠯ ᠢ 120 ᠲᠦᠷᠭᠡᠨ ᠠᠪᠤᠷᠠᠬᠤ ᠥᠷᠲᠡᠭᠡ ᠳᠤ ᠭᠦᠢᠴᠡᠳ ᠪᠡᠯᠡᠳᠬᠡᠯ ᠬᠢᠵᠦ᠂ ᠴᠠᠭ ᠲᠤᠬᠠᠢ ᠳᠤᠨᠢ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠡᠮᠨᠡᠯᠭᠡ ᠶᠢᠨ ᠬᠤᠷᠢ᠊ ᠡᠶ᠎ᠡ ᠶᠢᠨ ᠡᠮᠦᠨ᠎ᠡ ᠪᠠ ᠡᠮᠨᠡᠯᠭᠡ ᠶᠢᠨ ᠬᠤᠷᠢ᠊ ᠡᠶ᠎ᠡ ᠶᠢᠨ ᠳᠣᠲᠣᠷᠠᠬᠢ ᠲᠦᠷᠭᠡᠨ ᠠᠪᠤᠷᠠᠯᠲᠠ ᠶᠢ ᠵᠣᠯᠭᠠᠭᠤᠯᠤᠨ ᠰᠠᠭᠠᠳ ᠦᠭᠡᠢ ᠨᠡᠪᠲᠡᠷᠡᠭᠦᠯᠬᠦ ᠶᠢ ᠪᠠᠲᠤᠯᠠᠵᠤ᠂ ᠪᠠᠴᠢᠮ ᠲᠦᠭᠰᠢᠭᠦᠷᠢᠲᠡᠢ ᠬᠦᠨᠳᠦ ᠡᠪᠡᠳᠴᠢᠲᠡᠨ ᠢ ᠴᠠᠭ ᠲᠤᠬᠠᠢ ᠳᠤᠨᠢ ᠡᠮᠨᠡᠨ ᠵᠠᠰᠠᠬᠤ ᠶᠢ ᠪᠠᠳᠤᠯᠠᠨ᠎ᠠ᠃    ᠪᠠᠲᠤ ᠰᠠᠬᠢᠵᠤ ᠪᠠᠶᠢᠭ᠎ᠠ ᠬᠥᠮᠦᠨ ᠨᠢᠭᠡᠪᠦᠷᠢ ᠶᠢᠨ ᠠᠷᠤ ᠳᠤ ᠴᠥᠮ ︽ᠪᠠᠭ᠎ᠠ ᠭᠡᠷ ᠢᠶᠠᠨ ᠬᠠᠶᠠᠵᠤ᠂ ᠣᠯᠠᠨ ᠤ ᠲᠥᠯᠥᠭᠡ︾ ᠭᠡᠬᠦ ᠡᠮᠴᠢ ᠶᠢᠨ ᠬᠠᠶᠢᠷ᠎ᠠ ᠰᠡᠳᠬᠢᠯᠭᠡ ᠨᠢ ᠴᠥᠮ ᠭᠡᠷ ᠤᠨ ᠬᠥᠮᠦᠰ ᠤᠨ ᠢᠶᠠᠨ ᠬᠠᠷᠠᠮ ᠦᠭᠡᠢ ᠭᠡᠰᠡᠨ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠡᠨᠡ ᠴᠠᠭᠠᠨ ᠰᠠᠷ᠎ᠠ ᠳᠤ᠂ ᠪᠦᠬᠦ ᠡᠮᠴᠢ ᠰᠤᠪᠢᠯᠠᠭᠴᠢᠳ ᠡᠮᠨᠡᠯᠭᠡ ᠶᠢᠨ ᠬᠤᠷᠢ᠊ ᠡᠶ᠎ᠡ ᠪᠠᠷ ᠭᠡᠷ ᠢᠶᠠᠨ ᠪᠣᠯᠭᠠᠵᠤ᠂ ᠡᠪᠡᠳᠴᠢᠲᠡᠨ ᠲᠠᠢ ᠬᠠᠨᠢ ᠪᠠᠨ ᠪᠣᠯᠭᠠᠵᠤ᠂ ᠠᠮᠢ ᠨᠠᠰᠤ ᠶᠢ ᠬᠠᠮᠠᠭᠠᠯᠠᠵᠤ᠂ ᠡᠷᠡᠭᠦᠯ ᠮᠡᠨᠳᠦ ᠶᠢ ᠬᠠᠮᠠᠭᠠᠯᠠᠬᠤ ᠶᠢᠨ ᠲᠥᠯᠥᠭᠡ᠂ ᠬᠥᠮᠦᠰ ᠢ ᠳᠣᠭᠳᠣᠯᠤᠭᠤᠯᠤᠮ᠎ᠠ ᠬᠤᠪᠢ ᠨᠡᠮᠡᠷᠢ ᠦᠵᠡᠭᠦᠯᠬᠦ ᠳᠠᠭᠤᠤ ᠶᠢ ᠪᠢᠴᠢᠭᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号