ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠭᠠᠨ ᠰᠠᠷ᠎ᠠ ᠶᠢᠨ ᠪᠠᠷᠠᠭᠠᠨ ᠤ ᠵᠠᠬ᠎ᠠ ᠳᠡᠯᠭᠡᠭᠦᠷ ᠤᠨ ᠬᠤᠳᠠᠯᠳᠤᠨ ᠠᠪᠬᠤ ᠪᠠ ᠪᠣᠷᠣᠯᠠᠭᠤᠯᠬᠤ ᠠᠵᠢᠯ ᠬᠥᠷ ᠬᠥᠭᠵᠢᠶᠡᠨ ᠲᠠᠢ ᠰᠢᠨ᠎ᠡ ᠵᠢᠯ ᠢᠶᠠᠨ ᠤᠭᠲᠤᠪᠠ
ᠨᠡᠶᠢᠲᠡᠯᠡᠭᠰᠡᠨ ᠴᠠᠭ᠄
2024/2/18
    ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠲᠣᠮᠣ ᠵᠠᠬ᠎ᠠ ᠳᠡᠯᠭᠡᠭᠦᠷ᠂ ᠬᠤᠳᠠᠯᠳᠤᠭᠠᠨ ᠤ ᠬᠡᠲᠦ ᠳᠡᠯᠭᠡᠭᠦᠷ ᠪᠠᠶᠠᠷ ᠤᠨ ᠡᠳᠦᠷ ᠤᠨ ᠠᠭᠤᠷ ᠠᠮᠢᠰᠬᠤᠯ ᠢᠶᠠᠷ ᠪᠢᠯᠬᠠᠵᠤ᠂ ᠲᠠᠸᠠᠷ ᠪᠠᠶᠠᠯᠢᠭ᠂ ᠬᠠᠩᠭᠠᠯᠭ᠎ᠠ ᠭᠦᠢᠴᠡᠳ᠂ ᠬᠤᠳᠠᠯᠳᠤᠨ ᠠᠪᠬᠤ ᠪᠠ ᠪᠣᠷᠣᠯᠠᠭᠤᠯᠬᠤ ᠵᠡᠷᠭᠡ ᠲᠠᠯ᠎ᠠ ᠪᠠᠷ ᠮᠠᠰᠢ ᠰᠠᠶᠢᠨ ᠪᠠᠶᠢᠨ᠎ᠠ᠃    ᠵᠢᠶᠠ ᠹᠦ᠋ ᠯᠧ ᠠᠮᠢᠳᠤᠷᠠᠯ ᠤᠨ ᠬᠡᠲᠦ ᠳᠡᠯᠭᠡᠭᠦᠷ ᠪᠣᠯᠤᠨ ᠿᠢ ᠽᠢ ᠬᠤᠣ ᠬᠡᠲᠦ ᠳᠡᠯᠭᠡᠭᠦᠷ ᠲᠤ᠂ ᠪᠠᠶᠠᠷ ᠪᠠᠶᠠᠰ  ᠤᠨ ᠳᠠᠭᠤᠤ ᠬᠥᠭᠵᠢᠮ ᠨᠢ ᠬᠡᠲᠦ ᠳᠡᠯᠭᠡᠭᠦᠷ ᠲᠤ ᠵᠢᠯ ᠤᠨ ᠦᠨᠦᠷ ᠠᠮᠲᠠ ᠨᠢ ᠮᠠᠱᠢ ᠲᠡᠭᠦᠯᠳᠡᠷ ᠪᠠᠶᠢᠵᠤ᠂ ᠬᠤᠳᠠᠯᠳᠤᠨ ᠠᠪᠬᠤ ᠪᠠᠷ ᠢᠷᠡᠭᠰᠡᠨ ᠬᠤᠲᠠ ᠶᠢᠨ ᠠᠷᠠᠳ ᠲᠠᠰᠤᠷᠠᠯᠲᠠ ᠦᠭᠡᠢ ᠴᠤᠪᠤᠷ ᠠᠵᠤ᠂ ᠲᠡᠳᠡ ᠪᠠᠷᠠᠭ᠎ᠠ ᠬᠤᠳᠠᠯᠳᠤᠨ ᠠᠪᠬᠤ ᠲᠡᠷᠭᠡ ᠪᠠᠨ ᠭᠠᠷ ᠤᠨ ᠠᠶ᠎ᠠ ᠪᠠᠷ ᠨᠢ ᠲᠠᠯᠪᠢᠵᠤ᠂ ᠱᠢᠨ᠎ᠡ ᠵᠢᠯ ᠤᠨ ᠪᠠᠷᠠᠭ᠎ᠠ ᠶᠢ ᠨᠠᠷᠢᠨ ᠨᠢᠮᠪᠠᠢ ᠰᠣᠩᠭᠤᠵᠤ ᠪᠠᠶᠢᠨ᠎ᠠ᠃ ᠮᠥᠩᠭᠦ ᠬᠤᠷᠢᠶᠠᠬᠤ ᠭᠠᠵᠠᠷ ᠤᠨ ᠬᠠᠵᠠᠭᠤ ᠪᠠᠷ ᠶᠠᠭᠤᠮ᠎ᠠ ᠬᠤᠳᠠᠯᠳᠤᠨ ᠠᠪᠴᠤ ᠳᠠᠭᠤᠰᠤᠭᠠᠳ ᠳᠠᠩᠰᠠ ᠪᠣᠳᠣᠬᠤ ᠪᠠᠷ ᠢᠷᠡᠭᠰᠡᠨ ᠬᠥᠮᠦᠨ ᠨᠢ ᠪᠠᠰᠠ ᠤᠷᠲᠤ ᠮᠥᠷᠯᠡᠨ ᠵᠢᠭᠰᠠᠭᠠᠵᠠᠢ᠃
154.jpg    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ
ᠲᠥᠪ ᠤᠨ ᠲᠦᠰᠢᠶᠡᠲᠦ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠪᠠᠢ ᠶᠢᠩ ᠭᠧ᠄ ︽ᠤᠳᠠᠯ ᠦᠭᠡᠢ ᠰᠢᠨᠠᠯᠠᠵᠤ ᠂ ᠵᠠᠬ᠎ᠠ ᠳᠡᠯᠭᠡᠭᠦᠷ ᠲᠤ ᠢᠷᠡᠵᠦ ᠰᠢᠨ᠎ᠡ ᠶᠢᠨ ᠪᠠᠷᠠᠭ᠎ᠠ ᠬᠤᠳᠠᠯᠳᠤᠨ ᠠᠪᠴᠤ᠂ ᠠᠳᠡᠬᠢ ᠰᠢᠨ᠎ᠡ ᠵᠢᠯ ᠤᠨ ᠪᠠᠷᠠᠭ᠎ᠠ ᠮᠠᠰᠢ ᠪᠦᠷᠢᠨ ᠭᠦᠢᠴᠡᠳ ᠪᠠᠶᠢᠵᠤ᠂ ᠢᠳᠡᠰᠢᠨ ᠨᠣᠭᠤᠭ᠎ᠠ ᠵᠢᠮᠢᠰ᠂ ᠪᠣᠯᠭᠤᠭᠰᠠᠨ ᠢᠳᠡᠭᠡᠨ᠂ ᠴᠠᠭᠠᠨ ᠰᠠᠷ᠎ᠠ ᠶᠢᠨ ᠬᠤᠣᠰ ᠤᠶᠠᠩᠭ᠎ᠠ ᠴᠥᠮ ᠪᠠᠶᠢᠵᠤ᠂ ᠨᠢᠭᠡ ᠤᠳᠠᠭ᠎ᠠ ᠢᠷᠡᠭᠡᠳ ᠴᠥᠮ ᠬᠤᠳᠠᠯᠳᠤᠨ ᠠᠪᠴᠤ ᠲᠠᠶᠢᠯᠤᠨ᠎ᠠ︾ ᠭᠡᠵᠦ ᠬᠡᠯᠡᠪᠡ᠃    ᠬᠡᠲᠦ ᠳᠡᠯᠭᠡᠭᠦᠷ ᠤᠨ ᠪᠠᠷᠠᠭᠠᠨ ᠤ ᠲᠠᠯᠪᠢᠭᠤᠷ ᠳᠡᠭᠡᠷ᠎ᠡ ᠪᠠᠷᠠᠭ᠎ᠠ ᠭᠢᠯᠠᠯᠵᠠᠲᠠᠯ᠎ᠠ ᠲᠠᠯᠪᠢᠵᠤ᠂ ᠴᠠᠭᠠᠨ ᠰᠠᠷ᠎ᠠ ᠶᠢᠨ ᠪᠡᠯᠡᠭ ᠤᠨ ᠬᠠᠶᠢᠷᠴᠠᠭ ᠨᠢ ᠣᠯᠠᠨ ᠶᠠᠩᠵᠤ ᠶᠢᠨ ᠪᠠᠶᠢᠵᠤ᠂ ᠡᠯ᠎ᠡ ᠵᠦᠢᠯ ᠤᠨ ᠵᠢᠯ ᠤᠨ ᠪᠠᠷᠠᠭᠠᠨ ᠤ ᠲᠣᠮᠣ ᠪᠡᠯᠡᠭ ᠤᠨ ᠪᠣᠭᠴᠣ ᠵᠢᠴᠢ ᠡᠯ᠎ᠡ ᠵᠦᠢᠯ ᠤᠨ ᠵᠢᠮᠢᠰ ᠤᠨ ᠪᠡᠯᠡᠭ ᠤᠨ ᠬᠠᠶᠢᠷᠴᠠᠭ ᠨᠢ ᠵᠢᠯ ᠤᠨ ᠪᠠᠷᠠᠭᠠᠨ ᠤ ᠪᠣᠷᠣᠯᠠᠭᠤᠯᠤᠯᠲᠠ ᠳᠤ ᠨᠡᠯᠢᠶᠡᠳ ᠥᠨᠳᠥᠷ ᠬᠥᠮᠦᠨ ᠤ ᠴᠤᠭ ᠪᠠᠶᠢᠨ᠎ᠠ᠃
155.jpg    ᠵᠢᠶᠠ ᠹᠦ᠋ ᠯᠧ ᠠᠮᠢᠳᠤᠷᠠᠯ ᠤᠨ ᠴᠢᠯᠥᠭᠡᠲᠦ ᠳᠡᠯᠭᠡᠭᠦᠷ ᠤᠨ ᠳᠠᠭᠠᠭᠠᠮᠠᠯ ᠰᠡᠴᠡᠨᠭᠡᠷᠡᠯ ᠬᠡᠯᠡᠬᠦ ᠳᠡᠭᠡᠨ᠄ ︽ᠮᠠᠨ ᠤ
ᠵᠢᠶᠠ ᠹᠦ᠋ ᠯᠧ ᠠᠮᠢᠳᠤᠷᠠᠯ ᠤᠨ ᠴᠢᠯᠥᠭᠡᠲᠦ ᠳᠡᠯᠭᠡᠭᠦᠷ᠂ ᠡᠵᠡᠩᠨᠡᠯᠲᠡ ᠶᠢᠨ ᠴᠠᠭ ᠨᠢ ᠥᠷᠯᠥᠭᠡ ᠶᠢᠨ ᠨᠠᠢᠮᠠᠨ ᠴᠠᠭ ᠠᠴᠠ ᠣᠷᠣᠢ ᠶᠢᠨ ᠨᠠᠢᠮᠠᠨ ᠴᠠᠭ ᠬᠠᠭᠠᠰ ᠲᠤ ᠬᠦᠷᠴᠦ ᠰᠢᠨᠡᠯᠡᠵᠦ᠂ ᠬᠡᠲᠦ ᠳᠡᠯᠭᠡᠭᠦᠷ ᠤᠨ ᠬᠥᠮᠦᠨ ᠤ ᠲᠤᠭ᠎ᠠ ᠪᠠᠷᠤᠭ ᠡᠳᠦᠷ ᠲᠤ 2000 ᠭᠠᠷᠤᠢ ᠬᠥᠮᠦᠨ ᠪᠠᠶᠢᠯ᠎ᠠ᠃ ᠪᠦᠬᠦ ᠬᠤᠰᠢᠭᠤᠨ ᠤ ᠠᠷᠠᠳ ᠲᠦᠮᠡᠨ ᠢ ᠰᠠᠶᠢᠨ ᠰᠠᠶᠢᠬᠠᠨ ᠴᠠᠭᠠᠨ ᠰᠠᠷ᠎ᠠ ᠶᠢ ᠥᠩᠭᠡᠷᠡᠭᠦᠯᠬᠦ ᠶᠢᠨ ᠲᠥᠯᠥᠭᠡ᠂ ᠬᠡᠲᠦ ᠳᠡᠯᠭᠡᠭᠦᠷ ᠤᠷᠢᠳᠴᠢᠯᠠᠨ ᠪᠠᠷᠠᠭ᠎ᠠ ᠪᠡᠯᠡᠳᠬᠡᠵᠦ᠂ ᠣᠳᠣᠬᠠᠨ ᠳᠤ ᠪᠠᠷᠠᠭᠠᠨ ᠤ ᠢᠷᠡᠯᠲᠡ ᠭᠦᠢᠴᠡᠳ᠂ ᠶᠠᠰᠤ ᠴᠢᠨᠠᠷ ᠨᠢ ᠪᠠᠲᠤᠯᠠᠭ᠎ᠠ ᠲᠠᠢ ᠪᠠᠶᠢᠵᠤ᠂ ᠣᠯᠠᠨ ᠢᠶᠠᠷ ᠢᠶᠠᠨ ᠰᠠᠨᠠᠭ᠎ᠠ ᠠᠮᠤᠷ ᠪᠠᠷᠠᠭ᠎ᠠ ᠬᠤᠳᠠᠯᠳᠤᠨ ᠠᠪᠤᠭᠠᠷᠠᠢ︾ ᠭᠡᠪᠡ᠃    ᠬᠡᠲᠦ ᠳᠡᠯᠭᠡᠭᠦᠷ ᠲᠠᠢ ᠠᠳᠠᠯᠢ ᠪᠠᠷ᠂ ᠲᠣᠮᠣ ᠵᠠᠬ᠎ᠠ ᠳᠡᠯᠭᠡᠭᠦᠷ ᠨᠢ ᠴᠦ ᠬᠡᠷᠡᠭᠯᠡᠭᠡᠨ ᠤ ᠢᠳᠡ ᠤᠯᠠᠷᠢᠯ ᠢ ᠤᠭᠲᠤᠨ ᠠᠪᠴᠢᠷᠠᠵᠠᠢ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠲᠤ ᠣᠷᠣᠬᠤ ᠳᠤ᠂ ᠡᠯ᠎ᠡ ᠳᠡᠯᠭᠡᠭᠦᠷ ᠤᠨ ᠪᠠᠶᠢᠷᠢ ᠳᠡᠭᠡᠷᠡᠬᠢ ᠪᠠᠷᠠᠭᠠᠨ ᠤ ᠨᠣᠮᠧᠷ ᠢ ᠲᠡᠷᠢ ᠲᠡᠭᠰᠢ ᠲᠠᠯᠪᠢᠵᠤ᠂ ᠰᠢᠨ᠎ᠡ ᠰᠣᠷᠭᠤᠭ ᠵᠢᠮᠢᠰ ᠨᠣᠭᠤᠭ᠎ᠠ ᠠᠴᠠ ᠴᠠᠭᠠᠨ ᠰᠠᠷ᠎ᠠ ᠶᠢᠨ ᠬᠤᠣᠰ ᠤᠶᠠᠩᠭ᠎ᠠ ᠪᠣᠯᠲᠠᠯ᠎ᠠ᠂ ᠲᠠᠸᠠᠷ ᠴᠥᠮ ᠪᠦᠷᠢᠨ ᠭᠦᠢᠴᠡᠳ ᠪᠣᠯᠪᠠ᠃ ᠰᠠᠭᠤᠭᠠᠯᠢ ᠠᠷᠠᠳ ᠤᠨ ᠰᠢᠨ᠎ᠡ ᠵᠢᠯ ᠤᠨ ᠪᠠᠷᠠᠭ᠎ᠠ ᠬᠤᠳᠠᠯᠳᠤᠨ ᠠᠪᠬᠤ ᠬᠠᠯᠠᠭᠤᠨ ᠰᠡᠳᠬᠢᠯᠭᠡ ᠠᠭᠠᠵᠢᠮ ᠢᠶᠠᠷ ᠳᠡᠭᠡᠭᠰᠢᠯᠡᠵᠦ ᠪᠠᠶᠢᠨ᠎ᠠ᠃ ᠬᠡᠲᠦ ᠳᠡᠯᠭᠡᠭᠦᠷ ᠪᠠ ᠵᠠᠬ᠎ᠠ ᠳᠡᠯᠭᠡᠭᠦᠷ ᠲᠤ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠠᠵᠢᠯᠲᠠᠳ ᠶᠠᠭ ᠲᠠᠸᠠᠷ ᠤᠨ ᠦᠨ᠎ᠡ ᠬᠠᠩᠰᠢ᠂ ᠴᠢᠨᠠᠷ ᠢ ᠪᠠᠲᠤᠯᠠᠬᠤ ᠡᠳᠦᠷ ᠬᠤᠭᠤᠴᠠᠭ᠎ᠠ ᠪᠠ ᠪᠠᠷᠠᠭ᠎ᠠ ᠣᠷᠣᠭᠤᠯᠬᠤ ᠠᠷᠭ᠎ᠠ ᠵᠠᠮ ᠵᠡᠷᠭᠡ ᠶᠢ ᠪᠠᠶᠢᠴᠠᠭᠠᠨ ᠦᠵᠡᠵᠦ᠂ ︽ᠭᠤᠷᠪᠠ ᠦᠭᠡᠢ︾ ᠢᠳᠡᠭᠡᠨ ᠵᠢᠴᠢ ᠶᠠᠰᠤ ᠴᠢᠨᠠᠷ ᠬᠢᠷᠢ ᠲᠡᠩᠴᠡᠬᠦ ᠦᠭᠡᠢ ᠢᠳᠡᠭᠡᠨ ᠢ ᠵᠠᠬ᠎ᠠ ᠳᠡᠯᠭᠡᠭᠦᠷ ᠲᠤ ᠣᠷᠣᠭᠤᠯᠬᠤ ᠶᠢ ᠴᠢᠩᠭ᠎ᠠ ᠴᠠᠭᠠᠵᠠᠯᠠᠵᠤ ᠪᠠᠶᠢᠨ᠎ᠠ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠪᠠᠶᠠᠨᠬᠤᠰᠢᠭᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠤᠨ ᠳᠠᠷᠤᠭ᠎ᠠ ᠰᠢᠶᠧ ᠶᠢᠨ ᠡᠦ᠄ ︽ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ ᠠᠷᠠᠳ ᠣᠯᠠᠨ ᠤ ᠪᠠᠶᠠᠷ ᠬᠦᠷ ᠲᠠᠢ ᠥᠯᠵᠡᠢ ᠪᠡᠯᠭᠡ ᠲᠠᠢ ᠰᠢᠨ᠎ᠡ ᠵᠢᠯ ᠢᠶᠠᠨ ᠥᠩᠭᠡᠷᠡᠭᠦᠯᠬᠦ ᠶᠢ ᠪᠠᠲᠤᠯᠠᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ ᠪᠠᠶᠢᠨ᠎ᠠ᠃ ᠠᠮᠤ ᠪᠤᠳᠠᠭ᠎ᠠ᠂ ᠬᠤᠯᠢᠰᠢᠨ ᠢᠳᠡᠭᠡᠨ᠂ ᠵᠢᠮᠢᠰ ᠤᠨ ᠫᠠᠨᠰᠠ ᠵᠡᠷᠭᠡ ᠠᠷᠠᠳ ᠤᠨ ᠠᠮᠢᠳᠤᠷᠠᠯ ᠤᠨ ᠭᠤᠣᠯᠳᠠᠯᠭ᠎ᠠ ᠲᠠᠢ ᠬᠦᠷᠢᠶ᠎ᠡ ᠶᠢ ᠴᠢᠩᠭ᠎ᠠ ᠠᠩᠬᠠᠷᠴᠤ᠂ ᠢᠳᠡᠭᠡᠨ ᠪᠠ ᠡᠮ ᠤᠨ ᠵᠦᠢᠯᠡᠰ᠂ ᠣᠨᠴᠠ ᠲᠥᠷᠥᠯ ᠤᠨ ᠲᠣᠨᠤᠭ ᠲᠥᠬᠦᠭᠡᠷᠦᠮᠵᠢ ᠶᠢᠨ ᠠᠮᠤᠷ ᠲᠦᠪᠰᠢᠨ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠭ ᠢᠮᠠᠭᠲᠠ ᠰᠠᠨᠠᠭ᠎ᠠ ᠠᠮᠤᠷ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠡᠷᠡᠰ ᠪᠠᠲᠤ ᠪᠠᠶᠢᠭᠤᠯᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠡᠷᠡᠰ ᠬᠠᠮᠠᠭᠠᠯᠠᠵᠤ᠂ ᠠᠷᠠᠳ ᠣᠯᠠᠨ ᠢ ᠰᠠᠨᠠᠭ᠎ᠠ ᠠᠮᠤᠷ ᠢᠳᠡᠵᠦ᠂ ᠰᠠᠨᠠᠭ᠎ᠠ ᠠᠮᠤᠷ ᠬᠡᠷᠡᠭᠯᠡᠵᠦ᠂ ᠲᠠᠭᠠᠯᠠᠮᠵᠢᠲᠠᠢ ᠬᠡᠷᠡᠭᠯᠡᠬᠦ ᠪᠣᠯᠭᠠᠨ᠎ᠠ︾ ᠬᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号