ᠪᠠᠢ ᠵᠢᠩ ᠶᠢᠩ ︽ᠠᠷᠪᠠᠨ ᠳᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠳᠠᠮᠢᠷ ᠤᠨ ᠴᠤᠭᠴᠠᠯᠠᠭᠠᠨ︾ ᠳᠤ ᠳᠤᠭ ᠭᠠᠷᠳᠠᠭᠴᠢ ᠪᠤᠯᠪᠠ
ᠨᠡᠶᠢᠲᠡᠯᠡᠭᠰᠡᠨ ᠴᠠᠭ᠄
2024/2/18
   2 ᠰᠠᠷ᠎ᠠ ᠶᠢᠨ 17 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠬᠥᠯᠥᠨ ᠪᠤᠶᠢᠷ ᠬᠤᠲᠠ ᠳᠤ ᠡᠬᠢᠯᠡᠪᠡ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭ ᠦᠶ᠎ᠡ ᠶᠢᠨ ᠦᠯᠢᠭᠡᠷ ᠳᠠᠭᠤᠷᠢᠶᠠᠯ ᠪᠣᠯᠤᠨ ᠲᠡᠷᠢᠭᠦᠨ ᠤ ᠠᠵᠢᠯᠲᠠᠨ ᠢᠶᠠᠷ ᠪᠦᠷᠢᠯᠳᠦᠭᠰᠡᠨ ᠨᠠᠢᠮᠠᠨ ᠳᠤᠭ ᠭᠠᠷᠳᠠᠭᠴᠢ ᠡᠩᠨᠡᠭᠡ ᠡᠬᠢᠯᠡᠯᠲᠡ ᠶᠢᠨ ᠶᠣᠰᠣᠯᠠᠯ ᠳᠡᠭᠡᠷ᠎ᠡ ᠥᠩᠭᠡ ᠢᠯᠭᠠᠷᠠᠵᠤ᠂ ᠬᠢᠩᠭᠠᠨ ᠠᠶᠢᠮᠠᠭ ᠠᠴᠠ ᠢᠷᠡᠭᠰᠡᠨ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠱᠢᠶᠡᠴᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠣᠩᠭᠤᠯ ᠦᠨᠳᠦᠰᠦᠲᠡᠨ ᠤ ᠬᠠᠳᠬᠤᠮᠠᠯ ᠤᠨ ᠨᠡᠶᠢᠭᠡᠮᠯᠢᠭ ᠤᠨ ᠳᠠᠷᠤᠭ᠎ᠠ ᠪᠠᠢ ᠵᠢᠩ ᠶᠢᠩ ᠪᠣᠯ ᠳᠠᠷᠤᠢ ᠡᠭᠦᠨ ᠤ ᠳᠣᠲᠣᠷᠠᠬᠢ ᠨᠢᠭᠡ ᠪᠣᠯᠤᠨ᠎ᠠ᠃
164.jpg    ᠰᠤᠷᠪᠤᠯᠵᠢᠯᠠᠭᠴᠢ ᠲᠡᠷᠡ ᠳᠠᠷᠤᠢ ᠤᠲᠠᠰᠤ ᠪᠠᠷ ᠤᠲᠠᠰᠤᠳᠠᠬᠤ ᠠᠷᠭ᠎ᠠ ᠪᠠᠷ ᠪᠠᠢ ᠵᠢᠩ ᠶᠢᠩ ᠢ ᠰᠤᠷᠪᠤᠯᠵᠢᠯᠠᠪᠠ᠃
︽ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ︾ ᠤ ᠬᠤᠷᠠᠯ ᠤᠨ  ᠳᠤᠭᠴᠢ ᠪᠠᠷ ᠰᠣᠩᠭᠤᠭᠳᠠᠭᠰᠠᠨ ᠲᠤᠬᠠᠢ ᠪᠠᠢ ᠵᠢᠩ ᠶᠢᠩ ᠡᠬᠢᠯᠡᠯᠲᠡ ᠶᠢᠨ ᠶᠣᠰᠣᠯᠠᠯ ᠤᠨ ᠲᠤᠬᠠᠢ ᠶᠢᠨ ᠲᠠᠯᠠᠪᠠᠢ ᠳᠤ ᠮᠠᠰᠢ ᠰᠡᠳᠬᠢᠯ ᠳᠣᠭᠳᠣᠯᠵᠤ᠂ ︽︿ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ﹀ ᠪᠣᠯ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠤ ᠳᠠᠷᠠᠭ᠎ᠠ ᠤᠯᠤᠰ ᠤᠨ ᠳᠣᠲᠣᠭᠠᠳᠤ ᠳᠤ ᠠᠩᠬ᠎ᠠ ᠤᠳᠠᠭ᠎ᠠ ᠡᠷᠬᠢᠯᠡᠭᠰᠡᠨ ᠪᠦᠬᠦ ᠤᠯᠤᠰ ᠤᠨ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠪᠣᠯᠬᠤ ᠪᠠᠷ ᠪᠠᠷᠠᠬᠤ ᠦᠭᠡᠢ ᠪᠠᠰᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠤᠳᠠᠭᠠᠨ ᠤ ᠳᠠᠭᠠᠭᠠᠨ ᠡᠷᠬᠢᠯᠡᠭᠰᠡᠨ ᠪᠦᠬᠦ ᠤᠯᠤᠰ ᠤᠨ ᠲᠣᠮᠣ ᠬᠡᠯᠪᠡᠷᠢ ᠶᠢᠨ ᠶᠡᠷᠦᠩᠬᠡᠶᠢᠯᠡᠭᠰᠡᠨ ᠴᠢᠨᠠᠷᠲᠠᠢ ᠪᠡᠶ᠎ᠡ ᠶᠢᠨ ᠲᠠᠮᠢᠷ ᠤᠨ ᠴᠤᠭᠯᠠᠭᠠᠨ ᠪᠣᠯᠤᠨ᠎ᠠ᠃ ᠬᠤᠰᠢᠭᠤᠨ ᠤ ᠲᠤᠭᠴᠢ ᠪᠣᠯᠤᠭᠰᠠᠨ ᠤ ᠬᠤᠪᠢ ᠳᠤ᠂ ᠪᠢ ᠮᠠᠰᠢ ᠢᠷᠠᠭᠤ ᠠᠯᠳᠠᠷ ᠲᠠᠢ ᠪᠥᠭᠡᠳ ᠣᠮᠣᠭᠰᠢᠵᠤ ᠪᠠᠶᠢᠨ᠎ᠠ᠃ ᠪᠢ ᠯᠠᠪᠲᠠᠢ ᠡᠯ᠎ᠡ ᠵᠦᠢᠯ ᠤᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠶᠢᠨ ᠬᠠᠷᠢᠭᠤᠴᠠᠯᠭ᠎ᠠ ᠡᠭᠦᠷᠭᠡᠯᠡᠯ ᠪᠠ ᠣᠶᠤᠨ ᠰᠠᠨᠠᠭᠠᠨ ᠤ ᠳᠦᠷᠰᠦ ᠪᠠᠶᠢᠳᠠᠯ ᠢ ᠢᠯᠡᠷᠡᠭᠦᠯᠦᠨ᠎ᠡ︾ ᠭᠡᠵᠦ ᠬᠡᠯᠡᠪᠡ᠃    ᠲᠤᠰ ᠤᠳᠠᠭᠠᠨ ᠤ ᠡᠪᠦᠯ ᠤᠨ ᠤᠯᠠᠷᠢᠯ ᠤᠨ ᠪᠡᠶ᠎ᠡ ᠶᠢᠨ ᠲᠠᠮᠢᠷ ᠤᠨ ᠴᠤᠭᠯᠠᠭᠠᠨ ᠤ ᠬᠤᠰᠢᠭᠤᠨ ᠤ ᠳᠤᠭ ᠭᠠᠷᠳᠠᠭᠴᠢ ᠲᠠᠮᠢᠷᠴᠢᠨ ᠥᠩᠭᠡᠷᠡᠭᠰᠡᠨ ᠳᠤ ᠵᠥᠪᠬᠡᠨ ᠲᠠᠮᠢᠷᠴᠢᠨ ᠪᠤᠶᠤ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢ ᠲᠤᠭ ᠢᠶᠠᠨ ᠡᠭᠦᠷᠭᠡᠯᠡᠬᠦ ᠬᠡᠯᠪᠡᠷᠢ ᠲᠠᠢ ᠠᠳᠠᠯᠢ ᠦᠭᠡᠢ᠂ ᠠᠷᠠᠳ ᠲᠦᠮᠡᠨ ᠳᠤ ᠲᠠᠭᠠᠰᠢᠶᠠᠭᠳᠠᠭᠰᠠᠨ ᠠᠯᠪᠠᠲᠠᠨ᠂ ᠪᠦᠬᠦ ᠤᠯᠤᠰ ᠤᠨ ᠶᠣᠰᠣ ᠰᠤᠷᠲᠠᠬᠤᠨ ᠤ ᠵᠢᠱᠢᠶᠡᠴᠢ᠂ ᠪᠦᠬᠦ ᠤᠯᠤᠰ ᠤᠨ ︽3 · 8︾ ᠤ ᠬᠥᠳᠡᠯᠮᠦᠷᠢ ᠶᠢᠨ ᠱᠠᠩᠨᠠᠯ᠂ ᠪᠦᠬᠦ ᠤᠯᠤᠰ ᠤᠨ ᠡᠯᠡᠰᠦ ᠶᠢ ᠵᠠᠰᠠᠬᠤ ᠵᠢᠱᠢᠶᠡᠴᠢ᠂ ᠪᠦᠬᠦ ᠤᠯᠤᠰ ᠤᠨ ᠬᠥᠳᠡᠯᠮᠦᠷᠢ ᠶᠢᠨ ᠵᠢᠱᠢᠶᠡᠴᠢ᠂ ᠳᠤᠮᠳᠠᠳᠤ ᠤᠯᠤᠰ ᠤᠨ ᠵᠡᠪᠰᠡᠭᠲᠦ ᠴᠠᠭᠳᠠᠭ᠎ᠠ ᠶᠢᠨ ᠠᠷᠪᠠᠨ ᠶᠡᠭᠡ ᠦᠨᠡᠨᠴᠢ ᠬᠠᠮᠠᠭᠠᠯᠠᠭᠴᠢ᠂ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠱᠢᠶᠡᠴᠢ ᠲᠤᠭᠴᠢ ᠶᠢᠨ ᠡᠩᠨᠡᠭᠡ ᠳᠤ ᠣᠷᠣᠵᠤ᠂ ᠡᠳᠡᠭᠡᠷ ᠰᠢᠯᠭᠠᠷᠠᠭᠰᠠᠨ ᠳᠤᠮᠳᠠᠳᠤ ᠶᠢᠨ ᠬᠥᠪᠡᠭᠦᠳ ᠥᠬᠢᠳ ᠤᠮᠠᠷᠠᠲᠤ ᠬᠢᠯᠢ ᠳᠤ ᠨᠤᠲᠤᠭᠯᠠᠨ ᠪᠦᠲᠦᠭᠡᠨ ᠪᠠᠶᠢᠭᠤᠯᠵᠤ᠂ ᠬᠠᠯᠠᠭᠤᠨ ᠰᠡᠳᠬᠢᠯᠭᠡ ᠪᠠᠷ ᠴᠠᠭ ᠦᠶ᠎ᠡ ᠶᠢᠨ ᠢᠯᠠᠯᠲᠠ ᠶᠢᠨ ᠳᠠᠭᠤᠤ ᠶᠢ ᠪᠢᠴᠢᠭᠯᠡᠵᠡᠢ᠃    ᠪᠠᠢ ᠵᠢᠩ ᠶᠢᠩ ᠢ ᠳᠤᠷᠠᠳᠤᠭᠰᠠᠨ ᠨᠢ᠂ ᠮᠠᠰᠢ ᠣᠯᠠᠨ ᠬᠥᠮᠦᠰ ᠪᠣᠳᠤᠨ᠎ᠠ᠂ 2021 ᠣᠨ ᠤ 2 ᠰᠠᠷ᠎ᠠ ᠶᠢᠨ 25 ᠤ ᠡᠳᠦᠷ᠂ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ᠂ ᠲᠡᠷᠡ ︽ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠱᠢᠶᠡᠴᠢ︾ ᠶᠢᠨ ᠢᠷᠠᠭᠤ ᠠᠯᠳᠠᠷ ᠤᠨ ᠴᠣᠯᠠ ᠣᠯᠬᠤ ᠦᠶ᠎ᠡ ᠶᠢᠨ ᠪᠠᠶᠢᠳᠠᠯ ᠢ ᠪᠤᠳᠤᠳᠠᠭ᠃ ᠣᠯᠠᠨ ᠵᠢᠯ ᠤᠨ ᠲᠤᠷᠰᠢ᠂ ᠪᠠᠢ ᠵᠢᠩ ᠶᠢᠩ ᠬᠠᠳᠬᠤᠮᠠᠯ ᠤᠨ ᠠᠵᠤ ᠦᠢᠯᠡᠰ ᠪᠣᠯᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠨᠳᠦᠰᠦᠲᠡᠨ ᠤ ᠪᠦᠯᠬᠦᠮᠳᠡᠯ ᠢ ᠭᠦᠨᠵᠡᠭᠡᠢ ᠠᠭᠤᠰᠤᠯᠴᠠᠭᠤᠯᠵᠤ᠂ ᠠᠷᠠᠳ ᠤᠨ ᠤᠷᠠᠯᠢᠭ ᠢ ᠤᠯᠠᠮᠵᠢᠯᠠᠨ ᠬᠠᠮᠠᠭᠠᠯᠠᠵᠤ ᠬᠥᠭᠵᠢᠭᠦᠯᠦᠭᠰᠡᠨ ᠢᠶᠠᠷ ᠪᠠᠷᠠᠬᠤ ᠦᠭᠡᠢ᠂ ᠮᠣᠩᠭᠤᠯ ᠦᠨᠳᠦᠰᠦᠲᠡᠨ ᠤ ᠬᠠᠳᠬᠤᠮᠠᠯ ᠢ ᠤᠬᠠᠭᠤᠯᠤᠨ ᠪᠦᠬᠦ ᠤᠯᠤᠰ ᠲᠤ ᠳᠡᠯᠭᠡᠷᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠰᠣᠶᠣᠯ ᠤᠨ ᠥᠪᠡᠷᠮᠢᠴᠡ ᠷᠢᠳᠢ ᠰᠢᠳᠢ ᠶᠢ ᠢᠯᠡᠷᠡᠭᠦᠯᠦᠭᠰᠡᠨ ᠪᠥᠭᠡᠳ ᠪᠠᠰᠠ ︽ᠬᠤᠷᠤᠭᠤᠨ ᠤᠷᠠᠯᠢᠭ︾ ᠢ ︽ᠬᠤᠷᠤᠭᠤᠨ ᠤᠷᠠᠯᠢᠭ ᠤᠨ ᠠᠵᠤ ᠠᠬᠤᠢ︾ ᠪᠣᠯᠭᠠᠨ ᠬᠤᠪᠢᠷᠠᠭᠤᠯᠵᠤ᠂ ᠨᠢᠭᠡ ᠪᠦᠯᠦᠭ ᠬᠥᠳᠡᠭᠡ ᠲᠣᠰᠬᠤᠨ ᠤ ᠤᠷᠠᠨ ᠳᠠᠷᠬᠠᠨ ᠪᠣᠯᠤᠨ ᠤᠷᠠᠯᠢᠭ ᠤᠨ ᠴᠢᠳᠠᠪᠤᠷᠢᠲᠠᠨ ᠢ ᠠᠭᠤᠳᠠᠯᠵᠤ᠂ ᠪᠤᠶᠢᠵᠢᠭᠤᠯᠵᠤ᠂ ᠤᠯᠠᠮᠵᠢᠯᠠᠵᠤ᠂ ᠤᠯᠠᠮᠵᠢᠯᠠᠵᠤ᠂ ᠲᠡᠳᠡᠨ ᠢ ᠳᠠᠭᠠᠭᠤᠯᠤᠨ ᠠᠵᠢᠯᠴᠢ ᠬᠥᠳᠡᠯᠮᠦᠷᠢᠴᠢ ᠬᠤᠶᠠᠷ ᠭᠠᠷ ᠢᠶᠠᠷ ᠢᠶᠠᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠪᠠ᠃    ︽ᠡᠬᠢᠯᠡᠯᠲᠡ ᠶᠢᠨ ᠶᠣᠰᠣᠯᠠᠯ ᠦᠪᠡᠳᠡᠭᠰᠢ ᠶᠡᠭᠡ ᠰᠦᠷ ᠵᠢᠪᠬᠤᠯᠠᠩᠲᠠᠢ᠂ ᠬᠥᠮᠦᠰ ᠤᠨ ᠰᠡᠳᠬᠢᠯ ᠢ ᠬᠥᠭᠵᠢᠭᠡᠵᠦ ᠪᠠᠶᠢᠨ᠎ᠠ᠂ ᠡᠨᠡ ᠪᠣᠯ ᠴᠠᠭ ᠦᠶ᠎ᠡ ᠶᠢᠨ ᠣᠨᠴᠠᠯᠢᠭ ᠢ ᠢᠯᠡᠷᠡᠭᠦᠯᠦᠭᠰᠡᠨ᠂ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ ᠶᠢ ᠪᠠᠳᠠᠷᠠᠭᠤᠯᠬᠤ᠂ ᠰᠣᠶᠣᠯ ᠤᠨ ᠢᠲᠡᠭᠡᠯ ᠢ ᠢᠯᠡᠷᠡᠭᠦᠯᠦᠭᠰᠡᠨ ᠪᠡᠶ᠎ᠡ ᠶᠢᠨ ᠲᠠᠮᠢᠷ ᠰᠣᠶᠣᠯ ᠤᠨ ᠦᠪᠡᠳᠡᠭᠰᠢ ᠶᠡᠭᠡ ᠨᠠᠶᠢᠷ ᠮᠥᠨ︾ ᠭᠡᠵᠦ ᠬᠡᠯᠡᠪᠡ᠃ ᠪᠠᠢ ᠵᠢᠩ ᠶᠢᠩ ᠢᠯᠡᠷᠬᠡᠶᠢᠯᠡᠭᠰᠡᠨ ᠨᠢ᠂ ᠡᠬᠢᠯᠡᠯᠲᠡ ᠶᠢᠨ ᠶᠣᠰᠣᠯᠠᠯ ᠤᠨ ᠦᠪᠡᠳᠡᠭᠰᠢ ᠪᠠᠶᠢᠳᠠᠯ ᠢ ᠨᠤᠲᠤᠭ ᠳᠠᠭᠠᠨ ᠠᠪᠴᠢᠷᠠᠵᠤ᠂ ᠬᠥᠮᠦᠨ ᠨᠢᠭᠡᠪᠦᠷᠢ ᠳᠤ ᠳᠠᠮᠵᠢᠭᠤᠯᠬᠤ ᠬᠡᠷᠡᠭᠲᠡᠢ ᠭᠡᠵᠡᠢ᠃ ᠡᠭᠦᠨ ᠤ ᠬᠠᠮᠲᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠪᠣᠳᠠᠰ ᠤᠨ ᠪᠤᠰᠤ ᠰᠣᠶᠣᠯ ᠤᠨ ᠥᠪ ᠤᠨ ᠤᠷ᠎ᠠ ᠮᠡᠷᠭᠡᠵᠢᠯ ᠢ ᠰᠠᠶᠢᠲᠤᠷ ᠬᠠᠮᠠᠭᠠᠯᠠᠨ ᠤᠯᠠᠮᠵᠢᠯᠠᠵᠤ᠂ ᠮᠣᠩᠭᠤᠯ ᠦᠨᠳᠦᠰᠦᠲᠡᠨ ᠤ ᠬᠠᠳᠬᠤᠮᠠᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠤᠶᠠᠯᠳᠤᠯ ᠤᠨ ᠴᠡᠭ ᠢ ᠤᠯᠠᠮ ᠨᠢᠭᠡ ᠠᠯᠬᠤᠮ ᠬᠠᠶᠢᠨ ᠰᠦᠪᠡᠭᠴᠢᠯᠡᠵᠦ᠂ ᠨᠡᠩ ᠣᠯᠠᠨ ᠨᠤᠲᠤᠭ ᠤᠨ ᠠᠬ᠎ᠠ ᠳᠡᠭᠦᠦ ᠨᠡᠷ ᠢ ᠳᠠᠭᠠᠭᠤᠯᠤᠨ ᠰᠠᠶᠢᠨ ᠰᠠᠶᠢᠬᠠᠨ ᠪᠥᠭᠡᠳ ᠵᠣᠯ ᠵᠢᠷᠭᠠᠯᠲᠤ ᠠᠮᠢᠳᠤᠷᠠᠯ ᠢ ᠴᠤᠭᠴᠠᠯᠠᠨ᠎ᠠ ᠭᠡᠵᠡᠢ᠃   
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号