ᠰᠦᠨ ᠱᠤᠤ ᠴᠧᠩ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠠᠮᠤᠭ ᠤᠨ ᠰᠡᠬᠦᠯᠴᠢ ᠶᠢᠨ ᠱᠠᠲᠤᠨ ᠤ ᠪᠡᠯᠡᠳᠭᠡᠯ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/2/18
   ᠸᠠᠩ ᠯᠢ ᠰᠢᠶᠠ ᠣᠷᠣᠯᠴᠠᠵᠠᠢ   ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠡᠬᠢᠯᠡᠬᠦ ᠭᠡᠵᠦ ᠪᠣᠶ᠃ 2 ᠰᠠᠷ᠎ᠠ ᠶᠢᠨ 15 ᠤ ᠦᠳᠡ ᠶᠢᠨ ᠬᠤᠶᠢᠨ᠎ᠠ ᠠᠴᠠ 16 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠵᠠᠯᠠᠨ ᠠᠶᠢᠯ ᠬᠤᠲᠠ᠂ ᠬᠠᠶᠢᠯᠠᠷ ᠲᠣᠭᠤᠷᠢᠭ ᠲᠤ ᠬᠦᠷᠴᠦ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠬᠠᠮᠤᠭ ᠤᠨ ᠰᠡᠬᠦᠯᠴᠢ ᠶᠢᠨ ᠱᠠᠲᠤᠨ ᠤ ᠪᠡᠯᠡᠳᠭᠡᠯ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠵᠤ᠂ ᠪᠡᠯᠡᠳᠭᠡᠯ ᠠᠵᠢᠯ ᠳᠤ ᠣᠷᠣᠯᠴᠠᠭᠰᠠᠨ ᠠᠵᠢᠯᠲᠠᠳ ᠢ ᠡᠷᠬᠢᠨ ᠦᠵᠡᠬᠦ ᠶᠢᠨ ᠬᠠᠮᠲᠤ ᠲᠡᠳᠡᠨᠤᠰ ᠲᠤ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠣᠷᠣᠯᠴᠠᠵᠠᠢ᠃    ᠶᠢᠨ ᠯᠦᠩ ᠱᠠᠨ ᠴᠠᠨᠠᠯᠠᠯᠲᠠ ᠶᠢᠨ ᠲᠠᠯᠠᠪᠠᠢ ᠳᠤ᠂ ᠰᠦᠨ ᠱᠤᠤ ᠴᠧᠩ ᠤᠷᠢᠳ ᠬᠤᠵᠢᠳ ᠴᠠᠨᠠᠯᠠᠯᠲᠠ ᠶᠢᠨ ᠲᠠᠯᠠᠪᠠᠢ᠂ ᠰᠠᠶᠢᠨ ᠲᠤᠷᠠᠴᠤᠳ ᠤᠨ ᠦᠷᠦᠬᠡ ᠪᠣᠯᠤᠨ ᠠᠮᠤᠷ ᠢ ᠬᠠᠮᠠᠭᠠᠯᠠᠬᠤ᠂ ᠴᠠᠬᠢᠯᠭᠠᠨ ᠬᠦᠴᠦᠨ᠂ ᠴᠠᠭ ᠠᠭᠤᠷ ᠵᠡᠷᠭᠡ ᠶᠡᠷᠦᠩᠬᠡᠶᠢᠯᠡᠭᠰᠡᠨ ᠪᠠᠲᠤᠯᠠᠭ᠎ᠠ ᠶᠢᠨ ᠲᠥᠪ ᠲᠤ ᠬᠦᠷᠴᠦ᠂ ᠲᠠᠯᠠᠪᠤᠷ ᠣᠷᠳᠣᠨ ᠤ ᠬᠠᠮᠢᠶᠠᠷᠤᠯᠲᠠ᠂ ᠤᠷᠤᠯᠳᠤᠭᠠᠨ ᠤ ᠵᠣᠬᠢᠶᠠᠨ ᠪᠠᠶᠢᠭᠤᠯᠤᠯᠲᠠ᠂ ᠠᠵᠢᠯᠯᠠᠭᠠᠨ ᠤ ᠲᠤᠬᠢᠷᠠᠭᠤᠯᠤᠯᠳᠠ᠂ ᠪᠠᠴᠢᠮ ᠪᠠᠶᠢᠳᠠᠯ ᠢ ᠠᠷᠭᠠᠴᠠᠭᠠᠬᠤ ᠪᠠᠲᠤᠯᠠᠭ᠎ᠠ᠂ ᠲᠤᠨᠤᠭ ᠲᠥᠬᠦᠭᠡᠷᠦᠮᠵᠢ ᠶᠢᠨ ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠠᠵᠢᠯᠯᠠᠭᠠᠨ ᠢ ᠵᠢᠯᠣᠭᠤᠳᠤᠨ ᠲᠣᠬᠢᠷᠠᠭᠤᠯᠬᠤ ᠲᠥᠪ ᠲᠤ᠂ ᠰᠦᠨ ᠱᠤᠤ ᠴᠧᠩ ᠸᠢᠳᠢᠣ᠋ ᠪᠠᠷ ᠬᠤᠯᠪᠤᠭ᠎ᠠ ᠠᠪᠬᠤ ᠪᠠᠷ ᠲᠠᠮᠵᠢᠨ ᠡᠯ᠎ᠡ ᠤᠷᠤᠯᠳᠤᠭᠠᠨ ᠤ ᠲᠣᠭᠤᠷᠢᠭ ᠪᠠ ᠭᠠᠯ ᠰᠡᠷᠭᠡᠶᠢᠯᠡᠵᠦ ᠭᠠᠯ ᠤᠨᠲᠠᠷᠠᠭᠠᠬᠤ᠂ ᠠᠮᠤᠷ ᠢ ᠬᠠᠮᠠᠭᠠᠯᠠᠬᠤ ᠡᠮᠦᠨ᠎ᠡ ᠹᠷᠣᠨᠲ ᠤᠨ ᠵᠢᠯᠣᠭᠤᠳᠬᠤ ᠭᠠᠵᠠᠷ ᠤᠨ ᠠᠵᠢᠯ ᠤᠨ ᠪᠠᠶᠢᠳᠠᠯ ᠳᠤ ᠲᠣᠬᠢᠷᠠᠭᠤᠯᠤᠯᠲᠠ ᠬᠢᠪᠠ᠃ ᠲᠡᠷᠡ ᠬᠦᠷᠦᠭᠰᠡᠨ ᠭᠠᠵᠠᠷ ᠪᠣᠯᠭᠠᠨ ᠳᠤ ᠴᠦᠮ ᠨᠠᠷᠢᠨ ᠬᠢᠨᠠᠮᠠᠭᠠᠢ ᠯᠠᠪᠯᠠᠨ ᠠᠰᠠᠭᠤᠵᠤ᠂ ᠨᠠᠷᠢᠨ ᠨᠢᠮᠪᠠᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠨᠠᠷᠢᠨ ᠵᠦᠢᠯᠡᠰ ᠤᠨ ᠠᠰᠠᠭᠤᠳᠠᠯ ᠤᠨ ᠲᠤᠬᠠᠢ ᠪᠠᠶᠢᠨ ᠪᠠᠶᠢᠨ ᠤᠯᠠᠨ ᠲᠠᠢ ᠶᠠᠷᠢᠯᠴᠠᠨ ᠰᠣᠯᠢᠯᠴᠠᠵᠤ ᠪᠠᠶᠢᠯ᠎ᠠ᠃   ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠪᠡᠯᠡᠳᠭᠡᠯ ᠠᠵᠢᠯ᠂ ᠤᠷᠤᠯᠳᠤᠭᠠᠨ ᠪᠠ ᠪᠠᠲᠤᠯᠠᠭ᠎ᠠ ᠵᠡᠷᠭᠡ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠰᠦᠨ ᠱᠤᠤ ᠴᠧᠩ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠰᠠᠶᠢᠲᠤᠷ ᠡᠷᠭᠢᠯᠡᠬᠦ ᠪᠣᠯ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠤᠰᠢᠶᠠᠭᠰᠠᠨ ᠴᠢᠬᠤᠯᠠ ᠶᠡᠭᠡ ᠡᠭᠦᠷᠭᠡ ᠮᠥᠨ᠂ ᠣᠯᠠᠨ ᠢᠶᠠᠷ ᠢᠶᠠᠨ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠢᠭᠡᠨᠲᠡ ᠲᠣᠭᠲᠠᠭᠠᠭᠰᠠᠨ ᠲᠣᠬᠢᠷᠠᠭᠤᠯᠤᠯᠲᠠ ᠶᠣᠰᠣᠭᠠᠷ ᠪᠥᠬᠦ ᠬᠦᠴᠦᠨ ᠢᠶᠠᠷ ᠢᠶᠠᠨ ᠠᠵᠢᠯ ᠢᠶᠠᠨ ᠰᠠᠶᠢᠲᠤᠷ ᠬᠢᠵᠦ᠂ ᠨᠢᠭᠡ ᠯᠡ ᠠᠮᠢᠰᠬᠤᠭ᠎ᠠ ᠪᠠᠷ ᠡᠴᠦᠰ ᠤᠨ ᠢᠯᠠᠯᠲᠠ ᠶᠢ ᠲᠡᠮᠡᠴᠡᠨ ᠣᠯᠵᠤ᠂ ᠪᠥᠬᠦ ᠤᠯᠤᠰ ᠤᠨ ᠠᠷᠠᠳ ᠲᠦᠮᠡᠨ ᠳᠤ ᠨᠢᠭᠡ ᠬᠤᠭᠤᠴᠠᠭᠠᠨ ᠤ ᠭᠤᠶᠢᠳᠠ ᠰᠠᠶᠢᠬᠠᠨ ᠪᠡᠶ᠎ᠡ ᠶᠢᠨ ᠲᠠᠮᠢᠷ ᠤᠨ ᠤᠷᠤᠯᠳᠤᠭᠠᠨ ᠢ ᠲᠡᠯᠬᠡᠨ ᠦᠵᠡᠬᠦᠯᠬᠦ ᠬᠡᠷᠡᠭᠲᠡᠶ᠃ ᠬᠠᠮᠤᠭ ᠤᠨ ᠰᠡᠬᠦᠯᠴᠢ ᠶᠢᠨ ᠵᠠᠩᠭᠢᠯᠠᠭ᠎ᠠ ᠶᠢᠨ ᠦᠶ᠎ᠡ ᠪᠣᠯᠬᠤ ᠲᠤᠲᠤᠮ ᠦᠴᠦᠬᠡᠨ ᠴᠤ ᠬᠦᠩᠭᠡᠨ ᠬᠠᠭᠤᠳᠠᠮ ᠪᠠᠶᠢᠵᠤ ᠪᠣᠯᠬᠤ ᠦᠭᠡᠢ᠂ ᠡᠯ᠎ᠡ ᠭᠤᠭᠴᠤᠭ᠎ᠠ ᠶᠢ ᠡᠷᠬᠡᠪᠰᠢ ᠵᠠᠪᠰᠡᠷ ᠦᠬᠡᠢ ᠨᠢᠭᠲᠠ ᠵᠣᠯᠭᠠᠭᠤᠯᠵᠤ᠂ ᠡᠯ᠎ᠡ ᠲᠠᠯ᠎ᠠ ᠶᠢᠨ ᠨᠠᠷᠢᠨ ᠵᠦᠢᠯᠡᠰ ᠲᠤ ᠡᠷᠬᠡᠪᠰᠢ ᠨᠢᠭᠲᠠ ᠠᠴᠠ ᠨᠢᠭᠲᠠ ᠤᠪᠤᠷ ᠢᠶᠠᠷ ᠬᠠᠨᠳᠤᠬᠤ ᠬᠡᠷᠡᠭᠲᠡᠢ᠃ ᠡᠬᠢᠯᠡᠯᠲᠡ ᠶᠢᠨ ᠶᠣᠰᠣᠯᠠᠯ ᠵᠡᠷᠭᠡ ᠴᠢᠬᠤᠯᠠ ᠶᠡᠭᠡ ᠠᠵᠢᠯᠯᠠᠭ᠎ᠠ ᠶᠢ ᠨᠠᠷᠢᠨ ᠨᠢᠮᠪᠠᠶ ᠰᠠᠶᠢᠲᠤᠷ ᠵᠣᠬᠢᠶᠠᠨ ᠪᠠᠶᠢᠭᠤᠯᠵᠤ᠂ ᠡᠯ᠎ᠡ ᠵᠦᠢᠯ ᠤᠨ ᠦᠢᠯᠡᠴᠢᠯᠡᠭᠡ ᠪᠠᠲᠤᠯᠠᠭ᠎ᠠ ᠪᠠ ᠭᠥᠯᠢᠶᠡᠨ ᠠᠪᠬᠤ ᠠᠵᠢᠯ ᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ ᠰᠠᠶᠢᠲᠤᠷ ᠬᠢᠬᠦ ᠬᠡᠷᠡᠭᠲᠡᠶ᠃ ᠠᠵᠢᠯ ᠢᠶᠠᠨ ᠰᠠᠶᠢᠳᠤᠷ ᠬᠤᠪᠢᠶᠠᠷᠢᠯᠠᠨ ᠪᠣᠭᠤᠮᠲᠠ ᠶᠢ ᠰᠠᠶᠢᠳᠤᠷ ᠰᠠᠬᠢᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠠᠮᠤᠷ ᠲᠦᠪᠰᠢᠨ ᠤ ᠬᠤᠷᠢᠭ᠎ᠠ ᠱᠤᠭᠤᠮ ᠢ ᠥᠴᠦᠬᠡᠨ ᠴᠦ ᠰᠤᠯᠠᠷᠠᠭᠤᠯᠤᠯ ᠦᠭᠡᠢ ᠪᠠᠲᠤ ᠰᠠᠬᠢᠬᠤ ᠬᠡᠷᠡᠭᠲᠡᠢ᠃ ᠤᠬᠠᠭᠤᠯᠤᠨ ᠮᠡᠳᠡᠭᠡᠯᠡᠬᠦ ᠠᠵᠢᠯ ᠢ ᠠᠮᠢᠳᠤᠯᠢᠭ ᠰᠠᠶᠢᠬᠠᠨ ᠬᠢᠵᠦ᠂ ᠥᠪᠥᠷ ᠮᠣᠩᠭᠤᠯ ᠤᠨ ᠰᠠᠶᠢᠨ ᠰᠠᠶᠢᠬᠠᠨ ᠳᠦᠷᠢ ᠲᠥᠷᠬᠦ ᠶᠢ ᠢᠯᠡᠷᠡᠭᠦᠯᠵᠦ᠂ ᠨᠠᠩ ᠣᠯᠠᠨ ᠵᠢᠭᠤᠯᠴᠢᠯᠠᠭᠴᠢ ᠪᠠ ᠮᠥᠰᠥ ᠴᠠᠰᠤᠨ ᠤ ᠳᠤᠷ᠎ᠠ ᠪᠠᠭ᠋ᠠᠲᠠᠳ ᠤᠨ ᠮᠠᠨ ᠤ ᠣᠷᠣᠨ ᠳᠤ ᠢᠷᠡᠵᠦ ᠤᠷᠤᠯᠳᠤᠭᠠᠨ ᠰᠣᠨᠢᠷᠬᠠᠨ ᠵᠢᠭᠤᠯᠴᠢᠯᠠᠬᠤ ᠶᠢ ᠲᠠᠲᠠᠬᠤ ᠬᠡᠷᠡᠭᠲᠡᠢ᠃ ᠪᠦᠬᠦ ᠰᠡᠳᠭᠢᠯ ᠪᠦᠬᠦ ᠴᠢᠳᠠᠯ ᠢᠶᠠᠷ ᠢᠶᠠᠨ ᠮᠠᠨ ᠤ ᠣᠷᠣᠨ ᠤ ᠲᠠᠮᠢᠷᠴᠢᠳ ᠢ ᠵᠣᠬᠢᠶᠠᠨ ᠪᠠᠶᠢᠭᠤᠯᠵᠤ ᠤᠷᠤᠯᠳᠤᠭᠠᠨ ᠳᠤ ᠪᠡᠯᠡᠳᠭᠡᠨ ᠤᠷᠤᠯᠳᠤᠭᠠᠨ ᠳᠤ ᠣᠷᠣᠯᠴᠠᠭᠤᠯᠵᠦ᠂ ᠰᠠᠶᠢᠨ ᠬᠢᠷᠢ ᠪᠦᠲᠦᠮᠵᠢ ᠣᠯᠬᠤ ᠪᠠᠷ ᠴᠢᠷᠮᠠᠶᠢᠬᠤ ᠬᠡᠷᠡᠭᠲᠡᠶ᠃ ᠤᠷᠤᠯᠳᠤᠭᠠᠨ ᠤ ᠳᠠᠷᠠᠭᠠᠬᠢ ᠠᠵᠢᠯ ᠢ ᠤᠷᠢᠳᠴᠢᠯᠠᠨ ᠲᠥᠯᠥᠪᠵᠢᠭᠦᠯᠵᠦ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠠᠯᠠᠪᠤᠷ ᠣᠷᠳᠣᠨ ᠤ ᠲᠤᠨᠤᠭ ᠲᠥᠬᠦᠭᠡᠷᠦᠮᠵᠢ ᠪᠣᠯᠤᠨ ᠨᠥᠯᠥᠭᠡᠯᠡᠬᠦ ᠬᠦᠴᠦᠨ ᠢ ᠨᠠᠩ ᠰᠠᠶᠢᠲᠤᠷ ᠠᠰᠢᠭᠯᠠᠨ ᠮᠠᠨ ᠤ ᠣᠷᠣᠨ ᠤ ᠮᠥᠰᠥ ᠴᠠᠰᠤᠨ ᠤ ᠠᠵᠤ ᠦᠢᠯᠡᠰ ᠢ ᠬᠥᠭᠵᠢᠭᠦᠯᠬᠦ ᠬᠡᠷᠡᠭᠲᠡᠶ ᠭᠡᠵᠡᠢ᠃    ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠢᠦᠢ ᠯᠢ ᠰᠢᠨ᠂ ᠶᠤᠤ ᠶᠦᠩ ᠪᠥᠸᠧ ᠲᠤᠰ ᠲᠤᠰ ᠬᠤᠯᠪᠣᠭᠳᠠᠯ ᠪᠦᠬᠦᠢ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号