2 ᠰᠠᠷ᠎ᠠ ᠶᠢᠨ 6 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ | ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠰᠤᠳᠤᠯᠤᠨ ᠪᠠᠶᠢᠷᠢᠯᠠᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ | ᠴᠧᠩ ᠬᠤᠷᠠᠯ ᠢ ᠡᠷᠬᠢᠯᠡᠪᠡ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠲᠤᠬᠠᠢ ᠴᠢᠬᠤᠯᠠ ᠶᠠᠷᠢᠶ᠎ᠠ ᠪᠣᠯᠣᠨ ᠲᠥᠪ ᠤᠨ ᠭᠤᠣᠯ ᠰᠡᠳᠦᠪᠲᠦ ᠬᠥᠮᠦᠵᠢᠯ ᠤᠨ | ᠳ᠋ᠦᠩᠨᠡᠯᠲᠡ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠭᠤᠣᠯ ᠰᠡᠳᠦᠪᠲᠦ ᠬᠥᠮᠦᠵᠢᠯ ᠤᠨ | ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ | ᠲᠦᠷᠪᠡᠨ ︽ᠰᠤᠷᠤᠯᠴᠠᠯᠭ᠎ᠠ︾ ᠶᠢᠨ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠲᠤᠷᠰᠢᠯᠭ᠎ᠠ ᠪᠠᠨ ᠳ᠋ᠦᠩᠨᠡᠬᠦ ᠶᠢ ᠴᠢᠬᠤᠯᠠᠴᠢᠯᠠᠨ ᠴᠢᠩᠭᠠᠳᠬᠠᠵᠤ᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠶᠢ ᠲᠣᠪᠤᠶᠢᠮ᠎ᠠ ᠰᠠᠶᠢᠲᠤᠷ ᠠᠳᠬᠤᠵᠤ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ | ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠠᠵᠢᠯ ᠢ ᠭᠦᠨᠵᠡᠭᠡᠢ ᠠᠬᠢᠭᠤᠯᠵᠤ᠂ ᠨᠠᠮ ᠵᠠᠰᠠᠭ ᠤᠨ ᠪᠠᠶᠢᠭᠤᠯᠭ᠎ᠠ ᠶᠢᠨ | ᠠᠷᠪᠢᠴᠢ ᠭᠠᠮᠲᠠᠢ ᠠᠮᠢᠳᠤᠷᠠᠬᠤ ᠱᠠᠭᠠᠷᠳᠠᠯᠭ᠎ᠠ ᠶᠢ ᠦᠷᠭᠦᠯᠵᠢᠯᠡᠨ ᠨᠠᠶᠢᠳᠠᠪᠤᠷᠢᠵᠢᠭᠤᠯᠵᠤ᠂ ᠡᠯ᠎ᠡ ᠱᠠᠲᠤᠨ ᠤ ᠨᠠᠮ ᠤᠨ | ᠵᠣᠬᠢᠶᠠᠨ ᠪᠠᠶᠢᠭᠤᠯᠤᠯᠲᠠ ᠶᠢ ᠨᠡᠩ ᠪᠠᠲᠤ ᠴᠢᠩᠭ᠎ᠠ ᠬᠦᠴᠦᠨ ᠲᠠᠢ ᠪᠣᠯᠭᠠᠨ ᠪᠠᠶᠢᠭᠤᠯᠬᠤ ᠪᠠᠷ ᠴᠢᠷᠮᠠᠶᠢᠵᠤ᠂ ᠬᠤᠶᠠᠷ | ᠶᠡᠭᠡ ᠶᠠᠪᠤᠳᠠᠯ ᠢ ᠰᠠᠶᠢᠲᠤᠷ ᠬᠢᠬᠦ᠂ ᠰᠢᠨ᠎ᠡ ᠵᠠᠮ ᠢ ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠪᠠᠲᠤ ᠴᠢᠩᠭ᠎ᠠ | ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ 1 ᠰᠠᠷ᠎ᠠ ᠶᠢᠨ 31 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ | ᠵᠥᠪᠯᠡᠯᠭᠡᠨ᠂ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠪᠣᠯᠣᠨ ᠠᠷᠠᠳ ᠤᠨ ᠪᠠᠶᠢᠴᠠᠭᠠᠬᠤ ᠬᠤᠷᠢᠶ᠎ᠠ ᠶᠢᠨ | ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠤᠣᠯᠳᠠᠯᠭ᠎ᠠ ᠪᠣᠯᠣᠨ ᠶᠡᠭᠡ ᠲᠠᠯ᠎ᠠ ᠶᠢᠨ | ᠲᠣᠭᠤᠷᠢᠨ ᠳᠤ ᠠᠵᠢᠯ ᠶᠠᠪᠤᠳᠠᠯ ᠰᠦᠪᠡᠭᠴᠢᠯᠡᠨ ᠠᠵᠢᠯ ᠶᠠᠪᠤᠳᠠᠯ ᠬᠢᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠵᠤ᠂ ᠨᠠᠮ ᠤᠨ ᠪᠥᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠬᠤ ᠶᠢ ᠡᠯ᠎ᠡ ᠰᠢᠰᠲ᠋ᠧᠮ ᠡᠯ᠎ᠡ ᠬᠦᠷᠢᠶᠡᠨ ᠳᠤ | ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ ᠤ ᠬᠢᠨ ︽ᠳᠤᠮᠳᠠᠳᠤ ᠤᠯᠤᠰ ᠤᠨ ᠡᠪ ᠬᠠᠮᠲᠤ | ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ | ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠪᠣᠳᠠᠲᠠᠶᠢᠵᠢᠭᠤᠯᠬᠤ᠂ ᠨᠠᠷᠢᠯᠢᠭ ᠣᠨᠣᠪᠴᠢᠲᠠᠢ ᠪᠣᠯᠭᠠᠬᠤ᠂ | ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠴᠠᠭᠠᠨ ᠰᠠᠷ᠎ᠠ ᠠᠴᠠ ᠡᠮᠦᠨᠡᠬᠡᠨ ᠲᠢᠶᠠᠨᠵᠢᠨ ᠳᠤ | ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ ᠬᠤᠯᠪᠣᠭᠳᠠᠯ ᠪᠦᠬᠦᠢ | ᠠᠵᠢᠯ ᠢ ᠰᠠᠶᠢᠲᠤᠷ ᠬᠢᠬᠦ ᠬᠡᠷᠡᠭᠲᠡᠢ᠃ ᠲᠡᠦᠬᠡ ᠰᠣᠶᠣᠯ ᠤᠨ ᠵᠡᠭᠡᠯᠢ ᠲᠣᠭᠤᠷᠢᠭ ᠪᠣᠯᠣᠨ ᠠᠭᠤᠳᠠᠮ ᠲᠠᠯᠠᠪᠠᠢ ᠶᠢ | ᠰᠠᠶᠢᠲᠤᠷ ᠠᠰᠢᠭᠯᠠᠵᠤ᠂ ︽ᠤᠮᠠᠷᠠᠲᠤ ᠬᠢᠯᠢ ᠶᠢᠨ ᠰᠣᠶᠣᠯ︾ ᠢ ᠴᠣᠭᠴᠠᠯᠠᠬᠤ ᠲᠠᠢ ᠤᠶᠠᠯᠳᠤᠭᠤᠯᠵᠤ᠂ ᠤᠯᠠᠨ | ᠲᠦᠮᠡᠨ ᠤ ᠦᠵᠡᠵᠦ ᠰᠣᠨᠢᠷᠬᠠᠬᠤ ᠳᠤᠷᠠᠲᠠᠢ ᠰᠣᠶᠣᠯ ᠤᠨ ᠠᠵᠢᠯᠯᠠᠭ᠎ᠠ ᠶᠢ ᠢᠯᠡᠭᠦᠬᠡᠨ ᠡᠷᠬᠢᠯᠡᠬᠦ ᠬᠡᠷᠡᠭᠲᠡᠢ᠃ | ᠡᠷᠴᠢᠮᠵᠢᠭᠦᠯᠦᠨ ᠠᠷᠪᠢᠯᠠᠬᠤ ᠣᠶᠢᠯᠠᠭᠠᠭᠳᠠᠬᠤᠨ ᠢ ᠴᠢᠩᠭᠠᠳᠬᠠᠵᠤ᠂ ᠨᠠᠷᠢᠯᠢᠭ ᠣᠨᠣᠪᠴᠢᠲᠠᠢ ᠪᠠᠷ ᠳᠤᠲᠠᠭᠤᠳᠠᠯ ᠢᠶᠠᠨ | ᠨᠥᠬᠦᠪᠦᠷᠢᠯᠡᠵᠦ᠂ ᠪᠠᠭᠤᠷᠠᠢ ᠲᠠᠯ᠎ᠠ ᠪᠠᠨ ᠬᠦᠴᠦᠷᠬᠡᠭᠵᠢᠭᠦᠯᠵᠦ᠂ ᠬᠤᠳᠠ ᠶᠢᠨ ᠵᠠᠰᠠᠯᠲᠠ ᠶᠢᠨ ᠣᠳᠣᠬᠢᠴᠢᠯᠠᠯᠲᠠ ᠶᠢᠨ | ᠲᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤᠨ ᠤ ᠬᠢᠨ ᠤᠯᠠᠨ ᠲᠦᠮᠡᠨ ᠤ ᠪᠠᠶᠠᠷ | ᠬᠥᠷ ᠲᠠᠢ ᠠᠮᠤᠷ ᠠᠮᠤᠭᠤᠯᠠᠩ ᠢᠶᠠᠷ ᠴᠠᠭᠠᠨ ᠰᠠᠷ᠎ᠠ ᠪᠠᠨ ᠥᠩᠭᠡᠷᠡᠭᠦᠯᠬᠦ ᠶᠢ ᠪᠠᠲᠤᠯᠠᠬᠤ ᠶᠢ ᠣᠳᠣᠬᠠᠨ ᠤ ᠠᠵᠢᠯ ᠤᠨ | ᠭᠤᠣᠯᠳᠠᠯᠭ᠎ᠠ ᠶᠢᠨ ᠭᠤᠣᠯᠳᠠᠯᠭ᠎ᠠ ᠪᠣᠯᠭᠠᠵᠤ᠂ ︽ᠴᠠᠭ ᠢᠮᠠᠭᠲᠠ ᠰᠠᠨᠠᠭ᠎ᠠ ᠲᠠᠯᠪᠢᠬᠤ ᠦᠭᠡᠢ︾ ᠬᠠᠷᠢᠭᠤᠴᠠᠯᠭᠠᠲᠤ | ᠰᠡᠳᠬᠢᠯᠭᠡ ᠪᠠᠨ ᠪᠠᠲᠤᠯᠠᠵᠤ᠂ ᠠᠶᠤᠯᠭᠦᠢ ᠦᠢᠯᠡᠳᠪᠦᠷᠢᠯᠡᠯ᠂ ᠴᠠᠭᠠᠨ ᠰᠠᠷ᠎ᠠ ᠶᠢᠨ ᠵᠥᠭᠡᠭᠡᠪᠦᠷᠢ ᠶᠢᠨ ᠰᠠᠭᠠᠳ ᠦᠭᠡᠢ | ᠨᠡᠪᠲᠡᠷᠡᠬᠦ ᠶᠢ ᠪᠠᠲᠤᠯᠠᠬᠤ᠂ ᠪᠠᠭᠤᠷᠠᠶᠢᠴᠤᠤᠯ ᠢ ᠠᠪᠤᠷᠠᠨ ᠲᠤᠰᠠᠯᠠᠵᠤ ᠬᠠᠶᠢᠷᠠᠯᠠᠨ ᠬᠠᠯᠠᠮᠵᠢᠯᠠᠬᠤ᠂ ᠬᠥᠯᠥᠰᠦᠨ | ᠠᠵᠢᠯᠴᠢᠨ ᠤ ᠴᠠᠯᠢᠩ ᠢ ᠥᠭᠬᠦ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠵᠢᠭᠤᠯᠴᠢᠯᠠᠯ ᠤᠨ | ᠦᠢᠯᠡᠴᠢᠯᠡᠭᠡ᠂ ᠨᠡᠶᠢᠭᠡᠮ ᠤᠨ ᠠᠮᠤᠷ ᠲᠦᠪᠰᠢᠨ ᠢ ᠬᠠᠮᠠᠭᠠᠯᠠᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠵᠦ᠂ ᠤᠯᠠᠨ ᠲᠦᠮᠡᠨ ᠤ ᠠᠮᠤᠷ ᠵᠢᠷᠭᠠᠯ ᠲᠠᠢ ᠰᠢᠨᠡᠯᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ | ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠤᠯᠤᠰ ᠲᠥᠷᠥ ᠶᠢᠨ ᠲᠣᠪᠴᠢᠶ᠎ᠠ ᠶᠢᠨ | ᠠᠷᠪᠠᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ | ᠤᠬᠠᠭᠳᠠᠬᠤᠨ᠂ ᠠᠭᠤᠯᠤᠭᠳᠠᠬᠤᠨ᠂ ᠴᠢᠬᠤᠯᠠ ᠠᠭᠤᠯᠭ᠎ᠠ ᠶᠢ ᠭᠦᠨᠵᠡᠭᠡᠢ ᠲᠠᠨᠢᠵᠤ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠰᠢᠨ᠎ᠡ ᠶᠢ ᠡᠭᠦᠳᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠢᠷᠡᠭᠡᠳᠦᠢ ᠶᠢᠨ ᠠᠵᠤ | ᠦᠢᠯᠡᠰ ᠢ ᠲᠥᠯᠥᠪᠵᠢᠭᠦᠯᠦᠨ ᠪᠤᠶᠢᠵᠢᠭᠤᠯᠵᠤ᠂ ᠬᠥᠭᠵᠢᠯᠲᠡ ᠶᠢᠨ ᠠᠷᠭ᠎ᠠ ᠬᠡᠯᠪᠡᠷᠢ ᠶᠢᠨ ᠪᠣᠬᠢᠷᠲᠤᠯ ᠦᠭᠡᠢ ᠲᠡᠶᠢᠰᠢ | ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠵᠦ᠂ ᠠᠵᠤ ᠠᠬᠤᠢ ᠶᠢᠨ ᠪᠠᠶᠢᠭᠤᠯᠤᠮᠵᠢ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠪᠠᠶᠢᠭᠤᠯᠤᠮᠵᠢ ᠵᠡᠷᠭᠡ ᠶᠢᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠬᠦᠷᠢᠶ᠎ᠡ ᠰᠢᠨ᠎ᠡ ᠤᠷᠤᠯᠳᠤᠭᠠᠨ ᠤ ᠵᠠᠮ ᠢ ᠢᠳᠡᠪᠬᠢᠲᠡᠢ ᠨᠡᠭᠡᠭᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ ︽ᠦᠨᠡᠨ︾ 2024 ᠣᠨ ᠤ 3 ᠳ᠋ᠤᠭᠠᠷ ᠬᠤᠭᠤᠴᠠᠭᠠᠨ ᠳᠤ ᠨᠡᠶᠢᠲᠡᠯᠡᠭᠰᠡᠨ ᠶᠡᠷᠦᠩᠬᠡᠢ ᠱᠦᠵᠢ | ᠰᠢ ᠶᠢᠨ ᠫᠢᠩ ᠤᠨ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠴᠣᠭᠴᠠᠯᠠᠵᠤ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ | ᠠᠬᠢᠭᠤᠯᠤᠶ᠎ᠠ︾ ᠭᠡᠬᠦ ᠴᠢᠬᠤᠯᠠ ᠵᠣᠬᠢᠶᠠᠯ ᠢ ᠤᠯᠠᠮᠵᠢᠯᠠᠨ ᠰᠣᠷᠣᠯᠴᠠᠵᠤ᠂ ᠦᠢᠯᠡᠳᠦᠯᠭᠡ ᠶᠢᠨ ᠳᠤᠮᠳᠠᠬᠢ ᠰᠠᠶᠢᠨ | ᠲᠤᠷᠰᠢᠯᠭ᠎ᠠ ᠰᠠᠶᠢᠨ ᠠᠷᠭ᠎ᠠ ᠬᠢᠳᠡᠯ ᠢ ᠨᠠᠷᠢᠨ ᠬᠢᠨᠠᠮᠠᠭᠠᠢ ᠳ᠋ᠦᠩᠨᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠱᠤᠭᠤᠮ ᠢ ᠪᠠᠶᠢᠩᠭᠤ ᠶᠢᠨ ᠪᠥᠭᠡᠳ ᠤᠷᠲᠤ | ᠬᠤᠭᠤᠴᠠᠭ᠎ᠠ ᠲᠤᠭᠤᠰᠢᠯᠠᠭᠤᠯᠬᠤ ᠪᠦᠲᠦᠮᠵᠢᠲᠡᠢ ᠠᠷᠭ᠎ᠠ ᠵᠠᠮ ᠢ ᠢᠳᠡᠪᠬᠢᠲᠡᠢ ᠰᠦᠪᠡᠭᠴᠢᠯᠡᠵᠦ᠂ ᠲᠡᠭᠦᠨ ᠢ ᠦᠯᠦ | ᠮᠡᠳᠡᠭᠳᠡᠮ᠎ᠡ ᠪᠠᠷ ᠺᠠᠳ᠋ᠷ ᠤᠯᠠᠨ ᠲᠦᠮᠡᠨ ᠤ ᠠᠵᠢᠯ ᠠᠮᠢᠳᠤᠷᠠᠯ ᠤᠨ ᠡᠯ᠎ᠡ ᠲᠠᠯ᠎ᠠ ᠳᠤ ᠠᠭᠤᠰᠬᠠᠨ ᠣᠷᠣᠭᠤᠯᠵᠤ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠶᠠᠪᠤᠳᠠᠯ ᠢ ᠡᠯ᠎ᠡ | ᠲᠠᠯ᠎ᠠ ᠶᠢᠨ ᠬᠢᠨ ᠤ ᠠᠵᠢᠯ ᠢᠶᠠᠨ ᠥᠷᠨᠢᠭᠦᠯᠬᠦ ᠶᠢᠨ ᠦᠨᠳᠦᠰᠦᠨ ᠤᠷᠢᠲᠠᠯ᠂ ᠪᠦᠬᠦ ᠨᠡᠶᠢᠭᠡᠮ ᠢᠶᠠᠷ ᠢᠶᠠᠨ ᠬᠠᠮᠲᠤ ᠪᠠᠷ | ᠵᠢᠷᠤᠮᠯᠠᠬᠤ ᠦᠢᠯᠡ ᠠᠵᠢᠯᠯᠠᠭ᠎ᠠ ᠶᠢᠨ ᠪᠠᠷᠢᠮᠵᠢᠶ᠎ᠠ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠪᠡᠭᠡᠵᠢᠩ ᠤᠨ ᠵᠠᠮ ᠬᠠᠷᠢᠯᠴᠠᠭᠠᠨ ᠤ ᠶᠡᠭᠡ | ᠰᠤᠷᠭᠠᠭᠤᠯᠢ ᠳᠤ ᠰᠣᠷᠣᠯᠴᠠᠵᠤ ᠪᠠᠶᠢᠭ᠎ᠠ ᠺᠧᠨᠢᠶᠠ ᠶᠢᠨ ᠰᠣᠷᠣᠭᠴᠢ ᠵᠢᠴᠢ ᠰᠤᠷᠤᠯᠭ᠎ᠠ ᠶᠢᠨ ᠬᠠᠨᠢᠲᠠᠨ ᠤ | ᠲᠥᠯᠥᠭᠡᠯᠡᠭᠴᠢ ᠳᠤ ᠢᠯᠡᠭᠡᠭᠰᠡᠨ ᠬᠠᠷᠢᠭᠤ ᠵᠠᠬᠢᠳᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠥᠷ | ᠮᠣᠩᠭᠤᠯ ᠤᠨ ᠪᠣᠳᠠᠲᠠᠢ ᠲᠠᠢ ᠤᠶᠠᠯᠳᠤᠭᠤᠯᠤᠨ ᠳᠤᠮᠳᠠᠳᠤ ᠭᠠᠳᠠᠭᠠᠳᠤ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢ | ᠠᠬᠢᠭᠤᠯᠬᠤ ᠲᠤᠬᠠᠢ ᠱᠠᠭᠠᠷᠳᠠᠯᠭ᠎ᠠ ᠳᠤᠷᠠᠳᠪᠠ᠃ | ᠬᠤᠷᠠᠯ ᠠᠴᠠ᠂ ᠪᠦᠬᠦ ᠣᠷᠣᠨ ᠤ ᠨᠢᠭᠡᠳᠦᠮᠡᠯ ᠹᠷᠣᠨᠲ ᠤᠨ ᠰᠢᠰᠲ᠋ᠧᠮ ᠤᠨ ᠬᠢᠨ ᠶᠡᠷᠦᠩᠬᠡᠢ ᠱᠦᠵᠢ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ | ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠤᠯᠤᠰ ᠤᠨ ᠨᠢᠭᠡᠳᠦᠮᠡᠯ ᠹᠷᠣᠨᠲ ᠤᠨ | ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠭᠡ | ᠨᠢᠭᠡᠳᠦᠮᠡᠯ ᠹᠷᠣᠨᠲ ᠤᠨ ᠠᠵᠢᠯ ᠤᠨ ᠪᠠᠶᠢᠷᠢᠰᠢᠯ ᠢ ᠴᠢᠨᠠᠭᠰᠢᠳᠠ ᠲᠡᠭᠦᠯᠳᠡᠷᠵᠢᠭᠦᠯᠵᠦ᠂ ᠳᠤᠮᠳᠠᠳᠤ ᠶᠢᠨ | ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠠᠷᠠᠳ ᠤᠨ ᠡᠵᠡᠩᠨᠡᠯᠲᠡ ᠶᠢᠨ | ᠠᠵᠤ ᠠᠬᠤᠢ ᠶᠢᠨ ᠨᠢᠭᠡᠳᠦᠮᠡᠯ ᠹᠷᠣᠨᠲ ᠤᠨ ᠠᠵᠢᠯ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠵᠡᠷᠭᠡ | ᠭᠤᠣᠯᠳᠠᠯᠭ᠎ᠠ ᠲᠠᠢ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠢᠭᠡᠳᠦᠮᠡᠯ ᠹᠷᠣᠨᠲ ᠤᠨ ᠬᠦᠴᠦᠷᠬᠡᠭ ᠶᠡᠭᠡ | ᠡᠷᠳᠡᠨᠢᠲᠦ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠵᠠᠰᠠᠭ ᠤᠨ | ᠣᠷᠳᠣᠨ ᠤ ᠪᠠᠶᠢᠭᠤᠯᠤᠯᠲᠠ ᠶᠢᠨ ᠲᠥᠰᠥᠯ︾᠂ ︽ᠰᠢᠨ᠎ᠡ ᠬᠡᠯᠪᠡᠷᠢ ᠶᠢᠨ ᠠᠵᠤ ᠦᠢᠯᠡᠳᠪᠦᠷᠢᠵᠢᠯᠲᠡ ᠶᠢ | ᠲᠦᠷᠭᠡᠳᠬᠡᠨ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ 2024 ᠣᠨ ᠤ ᠲᠦᠷᠦ ᠶᠢᠨ ᠨᠠᠮ ᠤᠨ ᠵᠥᠪᠯᠡᠬᠦ ᠲᠥᠯᠥᠪᠯᠡᠭᠡ︾᠂ ︽ᠬᠤᠵᠢᠷᠯᠢᠭ ᠭᠠᠵᠠᠷ ᠢ | ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |