2 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ︾ ᠤᠨ ᠤᠳᠤᠷᠢᠳᠬᠤ ᠳᠤᠭᠤᠶᠢᠯᠠᠩ ᠤᠨ | ᠬᠤᠷᠠᠯ ᠢ ᠡᠷᠬᠢᠯᠡᠨ ᠬᠤᠷᠠᠯᠳᠤᠭᠤᠯᠪᠠ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠮᠤᠵᠢ ᠶᠠᠮᠤᠨ ᠤ ᠳᠡᠰ ᠤᠨ ᠭᠤᠣᠯ ᠤᠳᠤᠷᠢᠳᠬᠤ | ᠺᠠᠳ᠋ᠷ ᠤᠨ ᠮᠥᠩᠭᠦᠨ ᠭᠦᠢᠯᠭᠡᠭᠡᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ | ᠶᠠᠷᠢᠯᠴᠠᠬᠤ ᠠᠩᠭᠢ ᠳᠤ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠲᠠᠪᠤᠨ | ᠶᠡᠭᠡ ᠡᠭᠦᠷᠭᠡ᠂ ︽ᠵᠢᠷᠭᠤᠭᠠᠨ ᠢᠨᠵᠧᠨᠧᠷᠢᠩ︾ ᠳᠤ ᠠᠩᠬᠠᠷᠤᠯ ᠢᠶᠠᠨ ᠲᠥᠪᠯᠡᠷᠡᠭᠦᠯᠦᠨ ᠮᠥᠩᠭᠦᠨ ᠭᠦᠢᠯᠭᠡᠭᠡᠨ ᠤ | ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ | ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠵᠠᠰᠠᠭ ᠤᠨ ᠣᠷᠳᠣᠨ ᠤ ᠥᠷᠢ ᠥᠭᠴᠡᠭᠡ᠂ ᠭᠡᠷ ᠭᠠᠵᠠᠷ ᠤᠨ ᠬᠥᠷᠥᠩᠭᠡ | ᠵᠡᠷᠭᠡ ᠬᠦᠷᠢᠶᠡᠨ ᠳᠠᠬᠢ ᠠᠶᠤᠯ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠠᠷᠢᠯᠭᠠᠵᠤ᠂ ︽ᠮᠢᠨ᠎ᠡ ᠳᠡᠯᠪᠡᠷᠡᠬᠦ︾ | ᠪᠠᠶᠢᠳᠠᠯ ᠡᠭᠦᠰᠬᠦ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾ ᠤᠨ ᠵᠣᠷᠢᠭ ᠰᠠᠨᠠᠭ᠎ᠠ ᠶᠢ ᠤᠯᠠᠮᠵᠢᠯᠠᠵᠤ᠂ | ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠬᠢᠨᠠᠨ | ᠵᠥᠪᠯᠡᠵᠦ ᠪᠠᠲᠤᠯᠠᠨ᠂ 283 ᠵᠦᠢᠯ ᠤᠨ ᠭᠤᠣᠯᠳᠠᠯᠭ᠎ᠠ ᠲᠠᠢ ᠡᠭᠦᠷᠭᠡ ᠪᠣᠯᠣᠨ 33 ᠵᠦᠢᠯ ᠤᠨ ᠠᠷᠠᠳ ᠤᠨ | ᠠᠮᠢᠳᠤᠷᠠᠯ ᠤᠨ ᠪᠣᠳᠠᠲᠤ ᠶᠠᠪᠤᠳᠠᠯ ᠢ ᠴᠢᠩᠭ᠎ᠠ ᠠᠩᠬᠠᠷᠴᠤ᠂ ᠣᠨᠴᠠᠭᠠᠶᠢᠯᠠᠨ ︽ᠵᠢᠷᠭᠤᠭᠠᠨ ᠢᠨᠵᠧᠨᠧᠷᠢᠩ︾ ᠢ | ᠴᠢᠩᠭ᠎ᠠ ᠠᠩᠬᠠᠷᠴᠤ᠂ ᠵᠦᠢᠯ ᠳᠠᠷᠠᠭᠠᠯᠠᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠠᠵᠢᠯ ᠤᠨ ᠭᠤᠭᠴᠤᠭ᠎ᠠ ᠶᠢ | ᠲᠣᠩᠭᠤᠷᠠᠭᠤ ᠵᠢᠭᠰᠠᠭᠠᠵᠤ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠳᠡᠳ᠋ ᠲᠡᠷᠢᠭᠦᠯᠡᠭᠴᠢ ᠨᠠᠷ | ᠪᠡᠶ᠎ᠡ ᠪᠠᠷ ᠢᠶᠠᠨ ᠣᠷᠣᠯᠴᠠᠵᠤ᠂ ᠪᠣᠳᠠᠲᠠᠢ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠠᠵᠢᠯ ᠢᠶᠠᠨ ᠱᠠᠯᠠᠪᠳᠠᠨ | ᠡᠬᠢᠯᠡᠭᠦᠯᠵᠦ᠂ ᠠᠵᠢᠯ ᠢᠶᠠᠨ ᠲᠦᠷᠭᠡᠳᠬᠡᠨ᠂ ᠴᠠᠭ ᠲᠠᠭᠠᠨ ᠳᠠᠭᠤᠰᠬᠠᠬᠤ ᠬᠡᠷᠡᠭᠲᠡᠢ︔ ᠡᠯ᠎ᠡ ᠲᠢᠩᠬᠢᠮ ᠲᠣᠪᠴᠢᠶ᠎ᠠ | ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠬᠤᠶᠢᠰᠢᠯᠠᠭᠤᠯᠬᠤ ᠦᠭᠡᠢ ᠤᠳᠠᠭᠠᠰᠢᠷᠠᠭᠤᠯᠬᠤ ᠦᠭᠡᠢ ᠪᠠᠶᠢᠵᠤ᠂ ᠨᠠᠷᠢᠨ | ᠳᠠᠩᠰᠠ ᠶᠢᠨ ᠤᠬᠠᠮᠰᠠᠷ ᠢᠶᠠᠨ ᠴᠢᠩᠭᠠᠳᠬᠠᠵᠤ᠂ ᠴᠠᠭ ᠲᠤᠬᠠᠢ ᠳᠤᠨᠢ ᠴᠢᠨᠠᠷ ᠢ ᠪᠠᠲᠤᠯᠠᠨ ᠳᠠᠩᠰᠠ ᠲᠤᠰᠢᠶᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ | ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠠᠬᠢᠭᠤᠯᠬᠤ ᠲᠥᠰᠥᠯ ᠢ ᠬᠢᠨᠠᠨ ᠵᠥᠪᠯᠡᠵᠦ ᠪᠠᠲᠤᠯᠠᠨ᠂ | ᠡᠭᠦᠷᠭᠡ ᠪᠠᠨ ᠲᠣᠳᠣᠷᠬᠠᠶᠢᠯᠠᠵᠤ᠂ ᠭᠦᠢᠴᠡᠳ ᠪᠡᠯᠡᠳᠬᠡᠯ ᠬᠢᠵᠦ᠂ ᠬᠠᠪᠤᠷ ᠡᠬᠢᠯᠡᠮᠡᠭᠴᠡ ᠭᠠᠷᠳᠠᠨ ᠬᠢᠵᠦ᠂ ︽ | ᠠᠩᠬᠠᠨ ᠤ ᠳᠠᠶᠢᠯᠠᠯᠳᠤᠭᠠᠨ︾ ᠢ ᠰᠠᠶᠢᠲᠤᠷ ᠬᠢᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠰᠢᠨ᠎ᠡ ᠡᠨᠧᠷᠭᠢ ᠪᠠ ᠴᠠᠬᠢᠯᠭᠠᠨ ᠲᠣᠣᠷ ᠤᠨ ᠬᠢᠨᠠᠨ ᠵᠥᠪᠰᠢᠶᠡᠷᠡᠬᠦ ᠪᠦᠲᠦᠭᠡᠨ ᠪᠠᠶᠢᠭᠤᠯᠤᠯᠲᠠ ᠶᠢ | ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢ ᠰᠤᠳᠤᠯᠵᠤ᠂ ᠲᠥᠷᠥᠯ ᠵᠦᠢᠯ ᠤᠨ ᠭᠠᠵᠠᠷ ᠰᠢᠷᠣᠢ ᠶᠢᠨ ᠭᠠᠷᠳᠠᠮ ᠢ | ᠭᠦᠢᠴᠡᠳᠬᠡᠬᠦ ᠵᠡᠷᠭᠡ 13 ᠵᠤᠷᠪᠤᠰ ᠬᠠᠲᠠᠭᠤ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ᠂ ᠰᠠᠶᠢᠨ ᠳᠦᠷᠢᠮ᠂ ᠲᠦᠷᠭᠡᠨ | ᠦᠢᠯᠡᠴᠢᠯᠡᠭᠡ ᠶᠢᠨ ᠪᠣᠳᠠᠲᠤ ᠦᠷ᠎ᠡ ᠪᠦᠲᠦᠮᠵᠢ ᠪᠠᠷ ᠨᠠᠮ ᠤᠨ ᠬᠤᠷᠢᠶ᠎ᠠ ᠶᠢᠨ ︽ᠰᠢᠨ᠎ᠡ ᠡᠨᠧᠷᠭᠢ ᠶᠢ ᠴᠢᠩᠭ᠎ᠠ | ᠠᠳᠬᠤᠨ ᠱᠠᠯᠠᠪᠳᠠᠨ ᠬᠢᠬᠦ︾ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ | ᠲᠣᠳᠣᠷᠬᠠᠶᠢᠯᠠᠪᠠ᠃ | ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ︽ᠨᠠᠮ ᠵᠠᠰᠠᠭ ᠤᠨ ᠶᠡᠭᠡ ᠬᠦᠷᠢᠶᠡᠨ ᠳᠤ ᠢᠨᠵᠧᠨᠧᠷᠢᠩ ᠤᠨ | ᠣᠨ ᠦᠭᠡᠢ︾ ᠭᠡᠬᠦ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠵᠦ ᠪᠠᠲᠤᠯᠠᠨ᠂ ᠡᠯ᠎ᠡ ᠱᠠᠲᠤᠨ ᠤ ᠨᠠᠮ ᠵᠠᠰᠠᠭ ᠤᠨ | ᠶᠡᠭᠡ ᠬᠦᠷᠢᠶᠡᠨ ᠤ ᠢᠨᠵᠧᠨᠧᠷᠢᠩ ᠤᠨ ᠲᠥᠷᠥᠯ ᠵᠦᠢᠯ ᠢ ᠴᠢᠩᠭ᠎ᠠ ᠬᠠᠮᠢᠶᠠᠷᠴᠤ᠂ ᠪᠠᠭᠠᠰᠬᠠᠪᠠᠰᠤ ᠵᠣᠬᠢᠬᠤ ᠶᠢ ᠨᠢ | ᠪᠥᠬᠦᠨ ᠢ ᠪᠠᠭᠠᠰᠬᠠᠵᠤ᠂ ᠬᠠᠰᠤᠪᠠᠰᠤ ᠵᠣᠬᠢᠬᠤ ᠶᠢ ᠨᠢ ᠪᠥᠬᠦᠨ ᠢ ᠬᠠᠰᠤᠵᠤ᠂ ᠴᠢᠬᠤᠯᠠ ᠦᠭᠡᠢ ᠪᠣᠯ ᠬᠡᠷᠡᠭᠵᠢᠭᠦᠯᠬᠦ | ᠦᠭᠡᠢ ᠪᠠᠶᠢᠵᠤ᠂ ᠪᠥᠬᠦ ᠨᠡᠶᠢᠭᠡᠮ ᠤᠨ ᠡᠬᠢ ᠪᠠᠶᠠᠯᠢᠭ ᠢ ᠪᠥᠬᠦ ᠲᠠᠯ᠎ᠠ ᠪᠠᠷ ᠠᠷᠪᠢᠯᠠᠨ ᠡᠷᠴᠢᠮᠵᠢᠭᠦᠯᠦᠨ ᠠᠰᠢᠭᠯᠠᠬᠤ ᠶᠢ | ᠳᠠᠶᠢᠴᠢᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ ᠪᠥᠬᠦ ᠤᠯᠤᠰ ᠤᠨ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠶᠢᠨ ᠳᠠᠷᠤᠭ᠎ᠠ ᠨᠠᠷ ᠤᠨ ᠬᠤᠷᠠᠯ ᠤᠨ | ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠪᠠᠶᠢᠷᠢᠯᠠᠭᠤᠯᠪᠠ︔ 2023 ᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠤᠨ | ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠪᠠ᠃ |