ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ 2 ᠰᠠᠷ᠎ᠠ ᠶᠢᠨ 5 ᠤ ᠡᠳᠦᠷ᠂ ᠰᠦᠨ ᠱᠣᠤ ᠴᠧᠩ | ᠬᠥᠬᠡᠬᠤᠲᠠ ᠳᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠩᠭᠢ ᠶᠢᠨ ᠭᠡᠰᠢᠭᠦᠳ ᠪᠣᠯᠣᠨ ᠢᠯᠴᠢ ᠬᠠᠩᠭᠠᠬᠤ | ᠠᠵᠢᠯᠲᠠᠨ ᠠᠵᠢᠯᠴᠢᠳ ᠢ ᠡᠷᠭᠢᠨ ᠦᠵᠡᠵᠦ ᠲᠣᠬᠤᠨᠢᠭᠤᠯᠤᠨ᠂ ᠲᠡᠳᠡᠨᠦᠰ ᠲᠤ ᠨᠠᠮ ᠪᠣᠯᠣᠨ ᠵᠠᠰᠠᠭ ᠤᠨ ᠣᠷᠳᠣᠨ ᠤ | ᠬᠠᠶᠢᠷ᠎ᠠ ᠬᠠᠯᠠᠮᠵᠢ ᠶᠢ ᠬᠦᠷᠭᠡᠵᠦ᠂ ᠰᠢᠨ᠎ᠡ ᠵᠢᠯ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠪᠡ᠃ | ᠦᠳᠡ ᠶᠢᠨ ᠡᠮᠦᠨᠡᠬᠢ 9 ᠴᠠᠭ ᠤᠨ ᠦᠶ᠎ᠡ ᠪᠠᠷ᠂ ᠰᠦᠨ ᠱᠣᠤ ᠴᠧᠩ ᠥᠪᠥᠷ ᠮᠣᠩᠭᠤᠯ ᠤᠨ ᠭᠠᠯ | ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠷᠦᠩᠬᠡᠢ ᠠᠩᠭᠢ ᠶᠢᠨ ᠪᠠᠶᠢᠭᠤᠯᠭ᠎ᠠ ᠳᠤ ᠬᠦᠷᠴᠦ᠂ ᠭᠠᠯ | ᠰᠡᠷᠭᠡᠶᠢᠯᠡᠵᠦ ᠭᠠᠯ ᠤᠨᠲᠠᠷᠠᠭᠠᠬᠤ ᠵᠢᠯᠤᠭᠤᠳᠤᠭᠴᠢ ᠪᠠᠶᠢᠯᠳᠤᠭᠴᠢᠳ ᠲᠠᠢ ᠳᠣᠲᠣᠨᠤ ᠪᠠᠷ ᠶᠠᠷᠢᠯᠴᠠᠵᠤ᠂ ᠬᠥᠯᠥᠨ | ᠪᠤᠶᠢᠷ ᠤᠨ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ | ᠴᠤᠭᠯᠠᠭᠠᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠮᠤᠷ ᠢ ᠬᠠᠮᠠᠭᠠᠯᠠᠬᠤ ᠵᠢᠯᠤᠭᠤᠳᠬᠤ ᠭᠠᠵᠠᠷ᠂ ᠠᠯᠠᠱᠠ | ᠠᠶᠢᠮᠠᠭ ᠤᠨ ᠡᠵᠡᠨ᠎ᠡ ᠬᠤᠰᠢᠭᠤᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ | ᠪᠣᠯᠣᠨ ᠪᠤᠭᠤᠲᠤ ᠬᠤᠲᠠ ᠶᠢᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠲᠠᠢ | ᠸᠢᠳᠢᠣ᠋ ᠪᠠᠷ ᠬᠤᠯᠪᠤᠯᠳᠤᠭᠰᠠᠨ ᠪᠥᠭᠡᠳ ᠪᠦᠬᠦ ᠣᠷᠣᠨ ᠤ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ | ᠲᠤᠰᠠᠯᠠᠬᠤ ᠠᠵᠢᠯ ᠤᠨ ᠪᠠᠶᠢᠳᠠᠯ ᠪᠣᠯᠣᠨ ᠥᠪᠥᠷ ᠮᠣᠩᠭᠤᠯ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ | ᠲᠤᠰᠠᠯᠠᠬᠤ ᠶᠡᠷᠦᠩᠬᠡᠢ ᠠᠩᠭᠢ ᠶᠢᠨ ᠥᠭᠡᠷᠡᠴᠢᠯᠡᠯᠲᠡ ᠬᠦᠭᠵᠢᠯᠲᠡ ᠶᠢᠨ ᠥᠩᠭᠡᠷᠡᠯᠲᠡ ᠶᠢ ᠣᠶᠢᠯᠠᠭᠠᠪᠠ᠃ ᠲᠡᠷᠡ᠂ | ᠭᠠᠯ ᠰᠡᠷᠭᠡᠶᠢᠯᠡᠵᠦ ᠭᠠᠯ ᠤᠨᠲᠠᠷᠠᠭᠠᠬᠤ ᠠᠪᠤᠷᠠᠨ ᠲᠤᠰᠠᠯᠠᠬᠤ ᠠᠩᠭᠢ ᠪᠣᠯ ᠨᠢᠭᠡᠨ ᠣᠨᠴᠠᠭᠠᠢ ᠪᠥᠭᠡᠳ ᠴᠢᠬᠤᠯᠠ | ᠡᠩᠨᠡᠭᠡ ᠮᠥᠨ᠂ ᠲᠤᠬᠠᠶᠢᠯᠠᠭᠰᠠᠨ ᠠᠵᠢᠯ ᠤᠨ ᠠᠶᠤᠯ ᠲᠦᠭᠰᠢᠭᠦᠷᠢ ᠶᠢᠨ ᠬᠡᠮᠵᠢᠶ᠎ᠡ ᠦᠨᠳᠦᠷ᠂ ᠰᠠᠬᠢᠯᠭ᠎ᠠ ᠪᠠᠲᠤᠴᠢ | ᠴᠢᠨᠠᠷ ᠢᠶᠠᠷ ᠴᠢᠩᠭ᠎ᠠ ᠪᠠᠶᠢᠵᠤ᠂ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠣᠯᠠᠨ ᠲᠦᠮᠡᠨ ᠲᠠᠢ | ᠬᠠᠷᠢᠯᠴᠠᠵᠤ ᠣᠯᠠᠨ ᠲᠦᠮᠡᠨ ᠳᠤ ᠦᠢᠯᠡᠴᠢᠯᠡᠬᠦ ᠴᠢᠬᠤᠯᠠ ᠬᠦᠭᠦᠷᠭᠡ ᠮᠥᠨ᠃ ᠴᠠᠭᠠᠨ ᠰᠠᠷ᠎ᠠ ᠤᠳᠠᠯ ᠦᠭᠡᠢ | ᠬᠦᠷᠴᠦ ᠢᠷᠡᠬᠦ ᠪᠣᠯᠣᠯ᠎ᠠ᠂ ᠨᠥᠬᠦᠳ ᠨᠠᠷ ᠲᠤ ᠤᠷᠢᠳᠴᠢᠯᠡᠨ ᠰᠢᠨ᠎ᠡ ᠵᠢᠯ ᠴᠠᠭᠠᠨ ᠰᠠᠷ᠎ᠠ ᠶᠢᠨ ᠪᠠᠶᠠᠷ ᠬᠦᠷᠭᠡᠬᠦ ᠶᠢᠨ | ᠬᠠᠮᠲᠤ ᠡᠨᠡ ᠬᠦ ᠲᠠᠰᠢᠷᠠᠮ ᠢᠶᠠᠷ ᠠᠵᠢᠯ ᠤᠨ ᠡᠮᠦᠨ᠎ᠡ ᠹᠷᠣᠨᠲ ᠲᠤ ᠭᠠᠪᠰᠢᠭᠠᠶᠢᠯᠠᠵᠤ ᠪᠠᠶᠢᠭ᠎ᠠ ᠡᠯ᠎ᠡ ᠠᠵᠢᠯ | ᠲᠥᠷᠥᠯ ᠤᠨ ᠨᠥᠬᠦᠳ ᠢ ᠳᠣᠲᠣᠨᠤ ᠪᠠᠷ ᠲᠣᠬᠤᠨᠢᠭᠤᠯᠵᠤ ᠪᠠᠶᠢᠨ᠎ᠠ ᠭᠡᠵᠦ ᠢᠯᠡᠳᠬᠡᠵᠦ᠂ ᠣᠯᠠᠨ ᠤ ᠴᠠᠭᠠᠨ | ᠰᠠᠷ᠎ᠠ ᠳᠠᠭᠠᠨ ᠪᠠᠶᠠᠷ ᠬᠦᠷ ᠲᠠᠢ᠂ ᠠᠵᠢᠯ ᠦᠢᠯᠡᠰ ᠠᠮᠵᠢᠯᠲᠠ ᠲᠠᠢ᠂ ᠭᠡᠷ ᠬᠤᠲᠠᠯᠠᠭᠠᠷ ᠢᠶᠠᠨ ᠵᠣᠯ ᠵᠢᠷᠭᠠᠯ ᠲᠠᠢ | ᠪᠠᠶᠢᠬᠤ ᠶᠢ ᠵᠦᠩᠨᠡᠪᠡ᠃ ᠰᠦᠨ ᠱᠣᠤ ᠴᠧᠩ᠂ ᠥᠴᠥᠭᠡᠳᠦᠷ ᠠᠴᠠ ᠡᠬᠢᠯᠡᠨ ᠬᠥᠬᠡᠬᠤᠲᠠ ᠳᠤ ᠨᠡᠶᠢᠳᠡᠮ ᠴᠠᠰᠤ | ᠣᠷᠣᠵᠤ᠂ ᠥᠷᠭᠡᠨ ᠣᠯᠠᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠴᠠᠰᠤ ᠴᠡᠪᠡᠷᠯᠡᠨ ᠶᠠᠭᠠᠷᠠᠯᠲᠠᠢ | ᠠᠵᠢᠯᠯᠠᠵᠤ᠂ ᠮᠠᠰᠢ ᠵᠦᠳᠡᠷᠡᠯᠲᠡᠢ ᠪᠠᠶᠢᠨ᠎ᠠ ᠭᠡᠵᠦ ᠲᠡᠳᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠡᠳᠡᠨ ᠤ | ᠪᠡᠶ᠎ᠡ ᠮᠠᠬᠠᠪᠤᠳ ᠡᠷᠡᠭᠦᠯ ᠴᠢᠬᠢᠷᠠᠭ᠂ ᠠᠵᠢᠯ ᠦᠢᠯᠡᠰ ᠤᠷᠤᠭᠰᠢᠲᠠᠢ ᠪᠠᠶᠢᠬᠤ ᠶᠢ ᠵᠥᠩᠨᠡᠪᠡ᠃ | ᠳᠠᠷᠠᠭ᠎ᠠ ᠨᠢ᠂ ᠰᠦᠨ ᠱᠣᠤ ᠴᠧᠩ ᠬᠥᠬᠡᠬᠤᠲᠠ ᠶᠢᠨ ᠰᠢᠲᠠᠮᠠᠬᠠᠢ ᠬᠡᠢ ᠢᠯᠴᠢ ᠶᠢᠨ ᠬᠦᠴᠦᠨ ᠤ ᠪᠦᠯᠦᠭᠯᠡᠯ ᠤᠨ | ᠴᠧᠩ ᠹᠠ ᠺᠣᠮᠫᠠᠨᠢ ᠶᠢᠨ ᠴᠢᠶᠣᠤ ᠺᠣᠣ ᠬᠤᠪᠢᠶᠠᠷᠢ ᠺᠤᠮᠫᠠᠨᠢ ᠶᠢᠨ ᠵᠢᠯᠤᠭᠤᠳᠤᠨ ᠳᠣᠬᠢᠷᠠᠭᠤᠯᠬᠤ ᠲᠥᠪ ᠲᠤ ᠬᠦᠷᠴᠦ᠂ | ᠬᠥᠬᠡᠬᠤᠲᠠ ᠶᠢᠨ ᠳᠤᠯᠠᠭᠠᠯᠠᠭ᠎ᠠ ᠶᠢᠨ ᠪᠠᠲᠤᠯᠠᠭ᠎ᠠ ᠪᠣᠯᠣᠨ ᠲᠤᠯᠠᠭᠠᠯᠠᠭ᠎ᠠ ᠶᠢᠨ ᠢᠨᠵᠧᠨᠧᠷᠢᠩ ᠤᠨ ᠠᠬᠢᠴᠠ ᠶᠢᠨ | ᠪᠠᠶᠢᠳᠠᠯ ᠢ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ | ᠡᠮᠦᠨ᠎ᠡ ᠠᠴᠠ ᠥᠷᠭᠡᠨ ᠣᠯᠠᠨ ᠠᠵᠢᠯᠲᠠᠨ ᠠᠵᠢᠯᠴᠢᠨ ᠳᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃ | ᠲᠡᠷᠡ᠂ ᠬᠥᠬᠡᠬᠤᠲᠠ ᠣᠷᠣᠨ ᠤ ᠲᠥᠪ ᠪᠣᠯᠣᠭᠰᠠᠨ ᠤ ᠬᠤᠪᠢ ᠳᠤ᠂ ᠳᠤᠯᠠᠭᠠᠯᠠᠭ᠎ᠠ ᠶᠢᠨ ᠢᠨᠵᠧᠨᠧᠷᠢᠩ ᠢ | ᠲᠦᠷᠦᠭᠦᠯᠡᠨ ᠰᠠᠶᠢᠲᠤᠷ ᠠᠳᠬᠤᠵᠤ᠂ ᠬᠤᠭᠤᠯᠠᠢ ᠲᠣᠣᠷ ᠢ ᠥᠭᠡᠷᠡᠴᠢᠯᠡᠨ ᠰᠠᠶᠢᠵᠢᠷᠠᠭᠤᠯᠬᠤ ᠪᠠ ᠬᠤᠯᠪᠤᠯᠳᠤᠨ | ᠨᠡᠪᠲᠡᠷᠡᠯᠴᠡᠬᠦ ᠠᠵᠢᠯ ᠢ ᠨᠢᠭᠡᠲᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠨᠡᠩ ᠣᠯᠠᠨ ᠴᠠᠬᠢᠯᠭᠠᠨ ᠤ | ᠦᠢᠯᠡᠳᠪᠦᠷᠢ ᠶᠢᠨ ᠦᠯᠡᠳᠡᠭᠳᠡᠯ ᠢᠯᠴᠢ ᠪᠠᠷ ᠳᠤᠯᠠᠭᠠᠯᠠᠭ᠎ᠠ ᠶᠢ ᠪᠠᠲᠤᠯᠠᠵᠤ᠂ ᠣᠯᠠᠨ ᠲᠦᠮᠡᠨ ᠤ ᠳᠤᠯᠠᠭᠠᠯᠠᠭ᠎ᠠ ᠶᠢᠨ | ᠲᠤᠬᠠᠢ ᠬᠦᠰᠡᠯ ᠱᠠᠭᠠᠷᠳᠠᠯᠭ᠎ᠠ ᠶᠢ ᠦᠨᠡᠨ ᠪᠣᠲᠠᠲᠠᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠠᠯᠤᠰ ᠬᠡᠲᠦ ᠶᠢ | ᠪᠣᠳᠣᠯᠬᠢᠯᠠᠨ᠂ ᠢᠯᠴᠢ ᠬᠠᠩᠭᠠᠬᠤ ᠦᠨ᠎ᠡ ᠲᠣᠭᠲᠠᠭᠠᠬᠤ ᠲᠣᠭᠲᠠᠴᠠ ᠶᠢ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ | ᠢᠯᠴᠢ ᠬᠠᠩᠭᠠᠬᠤ ᠠᠵᠤ ᠠᠬᠤᠶᠢᠯᠠᠯ ᠤᠨ ᠣᠷᠣᠯᠭ᠎ᠠ ᠵᠠᠷᠤᠯᠭ᠎ᠠ ᠶᠢ ᠰᠠᠶᠢᠲᠤᠷ ᠲᠡᠩᠴᠡᠭᠦᠯᠵᠦ᠂ ᠰᠠᠶᠢᠨ ᠣᠷᠴᠢᠯ ᠢ | ᠪᠤᠢ ᠪᠣᠯᠭᠠᠬᠤ ᠬᠡᠷᠡᠭᠲᠡᠢ ᠭᠡᠵᠡᠢ᠃ |