ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠢᠨ᠎ᠡ ᠬᠠᠭᠤᠳᠠᠰᠤ ᠶᠢ ᠪᠢᠴᠢᠭᠯᠡᠨ᠎ᠡ
ᠨᠡᠶᠢᠲᠡᠯᠡᠭᠰᠡᠨ ᠴᠠᠭ᠄
2024/2/19
   2 ᠰᠠᠷ᠎ᠠ ᠶᠢᠨ 18 ᠤ ᠡᠳᠦᠷ ᠪᠣᠯ ᠪᠠᠶᠠᠷ ᠤᠨ ᠡᠳᠦᠷ ᠤᠨ ᠳᠠᠷᠠᠭ᠎ᠠ ᠠᠵᠢᠯᠯᠠᠬᠤ ᠠᠩᠬᠠᠨ ᠤ ᠡᠳᠦᠷ ᠪᠣᠯᠤᠨ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠥᠷᠭᠡᠨ ᠣᠯᠠᠨ ᠺᠠᠳ᠋ᠷ ᠠᠵᠢᠯᠲᠠᠨ ᠰᠡᠳᠬᠢᠯ ᠰᠠᠨᠠᠭ᠎ᠠ ᠪᠠᠨ ᠦᠳᠲᠡᠷ ᠲᠦᠷᠭᠡᠨ ᠬᠤᠷᠢᠶᠠᠨ ᠠᠵᠢᠯ ᠤᠨ ᠪᠠᠶᠢᠳᠠᠯ ᠳᠠᠭᠠᠨ ᠣᠷᠣᠭᠤᠯᠵᠤ᠂ ᠨᠡᠩ ᠣᠷᠭᠢᠯᠤᠮ᠎ᠠ ᠬᠠᠯᠠᠭᠤᠨ ᠰᠡᠳᠬᠢᠯᠭᠡ᠂ ᠭᠦᠢᠴᠡᠳ ᠡᠷᠴᠢ ᠵᠣᠷᠢᠭ ᠢᠶᠠᠷ ᠰᠢᠨ᠎ᠡ ᠨᠢᠭᠡ ᠵᠢᠯ ᠤᠨ ᠪᠠᠴᠢᠮ ᠪᠥᠭᠡᠳ ᠡᠮᠬᠢ ᠵᠢᠷᠤᠮ ᠲᠠᠢ ᠠᠵᠢᠯ ᠢᠶᠠᠨ ᠡᠬᠢᠯᠡᠭᠦᠯᠪᠡ᠃    ᠦᠳᠡ ᠶᠢᠨ ᠡᠮᠦᠨᠡᠬᠢ 8 ᠴᠠᠭ 30 ᠮᠢᠨᠦ᠋ᠲ ᠲᠤ᠂ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ 115 ᠦᠢᠯᠡᠴᠢᠯᠡᠭᠡᠨ ᠤ ᠴᠣᠩᠬᠤ ᠶᠢ ᠴᠠᠭ ᠲᠤᠬᠠᠢ ᠳᠤᠨᠢ ᠨᠡᠭᠡᠭᠡᠵᠦ᠂ ᠠᠵᠢᠯᠲᠠᠳ ᠲᠣᠭᠲᠠᠭᠰᠠᠨ ᠴᠠᠭ ᠳᠠᠭᠠᠨ ᠠᠵᠢᠯ ᠤᠨ ᠪᠠᠶᠢᠷᠢ ᠳᠤ ᠭᠠᠷᠴᠤ᠂ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠢ ᠤᠭᠲᠤᠪᠠ᠃ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠴᠣᠩᠬᠤ ᠴᠤ ᠲᠡᠷᠡ᠂ ᠭᠠᠶᠢᠯᠢ ᠶᠢᠨ ᠶᠠᠪᠤᠳᠠᠯ ᠤᠨ ᠦᠢᠯᠡᠴᠢᠯᠡᠭᠡᠨ ᠤ ᠴᠣᠩᠬᠤ ᠴᠤ ᠲᠡᠷᠡ᠂ ᠡᠰᠡᠬᠦᠯ᠎ᠡ ᠪᠤᠰᠤᠳ ᠬᠡᠷᠡᠭ ᠡᠷᠬᠢᠯᠡᠬᠦ ᠴᠣᠩᠬᠤ ᠴᠤ ᠲᠡᠷᠡ᠂ ᠴᠣᠩᠬᠤᠪᠴᠢ ᠨᠢᠭᠡᠪᠦᠷᠢ ᠶᠢᠨ ᠠᠵᠢᠯᠲᠠᠳ ᠴᠥᠮ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠤᠰ ᠲᠤᠰ ᠤᠨ ᠠᠵᠢᠯ ᠤᠨ ᠪᠠᠶᠢᠷᠢ ᠪᠠᠨ ᠪᠠᠲᠤ ᠰᠠᠬᠢᠵᠤ᠂ ᠬᠡᠪ ᠤᠨ ᠠᠵᠢᠯ ᠤᠨ ᠵᠠᠭᠪᠤᠷ ᠢ ᠨᠡᠭᠡᠭᠡᠨ᠎ᠡ᠃
157.jpg    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠶᠢᠨ ᠠᠵᠢᠯᠲᠠᠨ
ᠯᠢᠨ ᠶᠠᠨ  ᠷᠤ᠋ ᠬᠡᠯᠡᠬᠦ ᠳᠡᠭᠡᠨ᠄ ︽ᠥᠨᠥᠳᠦᠷ ᠪᠣᠯ ᠠᠵᠢᠯ ᠤᠨ ᠪᠠᠶᠢᠷᠢ ᠳᠠᠭᠠᠨ ᠪᠤᠴᠠᠭᠰᠠᠨ ᠨᠢᠭᠡᠳᠦᠭᠡᠷ ᠡᠳᠦᠷ᠂ ᠦᠳᠡ ᠶᠢᠨ ᠡᠮᠦᠨ᠎ᠡ ᠪᠢ ᠡᠨᠡ ᠬᠦ ᠠᠵᠢᠯ ᠬᠢᠬᠦ ᠪᠠᠷ ᠢᠷᠡᠭᠰᠡᠨ 5 ᠣᠯᠠᠨ ᠲᠦᠮᠡᠨ ᠢ ᠬᠦᠯᠢᠶᠡᠨ ᠠᠪᠴᠤ᠂ ᠬᠡᠳᠦ᠋ᠢᠪᠡᠷ ᠠᠵᠢᠯ ᠶᠠᠪᠤᠳᠠᠯ ᠬᠢᠬᠦ ᠪᠠᠷ ᠢᠷᠡᠭᠰᠡᠨ ᠣᠯᠠᠨ ᠲᠦᠮᠡᠨ ᠲᠡᠶᠢᠮᠦ ᠣᠯᠠᠨ ᠪᠢᠰᠢ ᠪᠣᠯᠪᠠᠴᠤ ᠮᠠᠨ ᠤ ᠭᠠᠶᠢᠯᠢ ᠶᠢᠨ ᠶᠠᠪᠤᠳᠠᠯ ᠤᠨ ᠴᠣᠩᠬᠤᠨ ᠤ ᠠᠵᠢᠯᠲᠠᠨ ᠦᠷᠭᠦᠯᠵᠢᠯᠡᠨ ᠣᠷᠭᠢᠯᠤᠮ᠎ᠠ ᠬᠠᠯᠠᠭᠤᠨ ᠰᠡᠳᠬᠢᠯᠭᠡ ᠪᠠᠷ ᠲᠤᠬᠠᠶᠢᠯᠠᠭᠰᠠᠨ ᠠᠵᠢᠯ ᠢᠶᠠᠨ ᠭᠦᠢᠴᠡᠳᠬᠡᠬᠦ ᠪᠠᠷ ᠢᠷᠡᠭᠰᠡᠨ ᠣᠯᠠᠨ ᠲᠦᠮᠡᠨ ᠳᠤ ᠰᠢᠯᠢᠳᠡᠭ ᠦᠢᠯᠡᠴᠢᠯᠡᠭᠡ ᠬᠦᠷᠲᠡᠭᠡᠵᠦ᠂ ᠰᠢᠨ᠎ᠡ ᠨᠢᠭᠡ ᠵᠢᠯ ᠤᠨ ᠭᠠᠶᠢᠯᠢ ᠶᠢᠨ ᠶᠠᠪᠤᠳᠠᠯ ᠤᠨ ᠠᠵᠢᠯ ᠢ ᠡᠬᠢᠯᠡᠭᠦᠯᠦᠨ᠎ᠡ︾ ᠭᠡᠵᠡᠢ᠃    ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠴᠣᠩᠬᠤᠨ ᠳᠤ ᠰᠤᠷᠪᠤᠯᠵᠢᠯᠠᠭᠴᠢ ᠣᠯᠵᠤ ᠦᠵᠡᠭᠰᠡᠨ ᠢᠶᠠᠷ ᠂ ᠠᠵᠢᠯᠲᠠᠳ ᠶᠠᠭ ᠡᠮᠬᠢ ᠵᠠᠮᠪᠠᠷᠠᠭ᠎ᠠ ᠲᠠᠢ ᠪᠠᠷ ᠣᠯᠠᠨ ᠲᠦᠮᠡᠨ ᠳᠤ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠭᠦᠢᠴᠡᠳᠬᠡᠵᠦ᠂ ᠡᠯ᠎ᠡ ᠵᠦᠢᠯ ᠤᠨ ᠮᠠᠳᠠᠭ ᠲᠠᠢ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠵᠤ᠂ ᠪᠦᠬᠦ᠋ᠢᠯᠡ ᠭᠦᠢᠴᠡᠳᠬᠡᠬᠦ ᠶᠠᠪᠤᠴᠠ ᠨᠢ ᠤᠷᠤᠭᠰᠢᠲᠠᠢ ᠵᠢᠷᠤᠮᠵᠢᠭᠤᠨ᠂ ᠦᠢᠯᠡᠴᠢᠯᠡᠭᠡ ᠨᠢ ᠪᠦᠷᠢᠨ ᠭᠦᠢᠴᠡᠳ ᠪᠠᠶᠢᠵᠤ᠂ ᠠᠵᠢᠯ ᠶᠠᠪᠤᠳᠠᠯ ᠬᠢᠬᠦ ᠪᠠᠷ ᠢᠷᠡᠭᠰᠡᠨ ᠣᠯᠠᠨ ᠲᠦᠮᠡᠨ ᠢ ᠮᠠᠰᠢ ᠰᠡᠳᠬᠢᠯ ᠬᠠᠨᠤᠮᠵᠢᠲᠠᠢ ᠪᠣᠯᠭᠠᠪᠠ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠤᠯᠭᠤᠥ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠰᠦᠨ ᠵᠢᠦ ᠰᠢᠦᠢ᠄ ︽ᠪᠢ ᠡᠮ ᠡᠮᠨᠡᠯᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠲᠤᠬᠠᠶᠢᠯᠠᠭᠰᠠᠨ ᠠᠵᠢᠯ ᠢ ᠭᠦᠢᠴᠡᠳᠬᠡᠬᠦ ᠪᠠᠷ ᠶᠠᠭᠠᠷᠠᠵᠤ ᠪᠠᠶᠢᠯ᠎ᠠ᠂ ᠲᠡᠭᠡᠭᠡᠳ ᠠᠵᠢᠯ ᠳᠤ ᠭᠠᠷᠤᠭᠰᠠᠨ ᠠᠩᠬᠠᠨ ᠤ ᠡᠳᠦᠷ ᠲᠡᠭᠡᠨ ᠪᠢ ᠬᠦᠷᠴᠦ ᠢᠷᠡᠵᠡᠢ᠂ ᠮᠠᠨ ᠤ ᠦᠢᠯᠡᠴᠢᠯᠡᠭᠡᠨ ᠤ ᠬᠥᠮᠦᠰ ᠤᠨ ᠬᠠᠯᠠᠭᠤᠮᠰᠤᠭ ᠢᠶᠠᠷ ᠵᠢᠯᠣᠭᠤᠳᠤᠭᠰᠠᠨ ᠳᠤ ᠲᠠᠯᠠᠷᠬᠠᠵᠤ ᠪᠠᠶᠢᠨ᠎ᠠ᠂ ᠣᠳᠣ ᠠᠵᠢᠯ ᠶᠠᠪᠤᠳᠠᠯ ᠰᠢᠢᠳᠪᠦᠷᠢᠯᠡᠬᠦ ᠳᠤ ᠥᠨᠳᠥᠷ ᠪᠦᠲᠦᠮᠵᠢᠲᠡᠢ ᠪᠥᠭᠡᠳ ᠳᠥᠭᠦᠮ ᠳᠥᠲᠡ ᠪᠣᠯᠵᠠᠢ︕︾ ᠭᠡᠵᠦ ᠬᠡᠯᠡᠪᠡ᠃    ᠣᠶᠢᠯᠠᠭᠠᠭᠰᠠᠨ ᠢᠶᠠᠷ᠂ ᠴᠠᠭᠠᠨ ᠰᠠᠷ᠎ᠠ ᠶᠢᠨ ᠬᠤᠭᠤᠴᠠᠭᠠᠨ ᠳᠤ᠂ ᠣᠯᠠᠨ ᠲᠦᠮᠡᠨ ᠳᠤ ᠳᠥᠭᠦᠮ ᠳᠥᠲᠡ᠂ ᠴᠢᠨᠠᠷ ᠰᠠᠶᠢᠲᠠᠢ ᠦᠢᠯᠡᠴᠢᠯᠡᠭᠡ ᠬᠠᠩᠭᠠᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠶᠡᠭᠡ ᠲᠢᠩᠬᠢᠮ ᠤᠨ ᠴᠣᠩᠬᠤ ᠶᠢ ᠵᠣᠬᠢᠶᠠᠨ ᠪᠠᠶᠢᠭᠤᠯᠵᠤ ᠪᠠᠶᠠᠷ ᠤᠨ ᠡᠳᠦᠷ ᠤᠨ ︽ᠡᠭᠦᠳᠡ ᠪᠠᠨ ᠬᠠᠭᠠᠬᠤ ᠦᠭᠡᠢ︾ ᠦᠢᠯᠡᠴᠢᠯᠡᠭᠡ ᠥᠷᠨᠢᠭᠦᠯᠵᠦ᠂ ᠡᠨᠡ ᠬᠤᠭᠤᠴᠠᠭᠠᠨ ᠳᠤ ᠣᠯᠠᠨ ᠲᠦᠮᠡᠨ ᠳᠤ ᠨᠡᠶᠢᠲᠡ 23 ᠤᠳᠠᠭ᠎ᠠ ᠲᠤᠬᠠᠶᠢᠯᠠᠭᠰᠠᠨ ᠠᠵᠢᠯ ᠬᠢᠵᠦ ᠥᠭᠴᠡᠢ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠤᠨ ᠡᠷᠬᠢᠯᠡᠭᠴᠢ ᠸᠠᠩ ᠬᠠᠢ ᠬᠤᠩ᠄ ︽ᠥᠨᠥᠳᠦᠷ ᠪᠣᠯ ᠪᠠᠶᠠᠷ ᠤᠨ ᠡᠳᠦᠷ ᠤᠨ ᠳᠠᠷᠠᠭ᠎ᠠ ᠠᠵᠢᠯ ᠳᠤ ᠭᠠᠷᠤᠭᠰᠠᠨ ᠠᠩᠬᠠᠨ ᠤ ᠡᠳᠦᠷ ᠮᠥᠨ᠂ ᠮᠠᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠡᠬᠢᠯᠡᠯᠲᠡ ᠶᠢᠨ ᠳᠠᠷᠤᠢ ᠰᠢᠪᠲᠤᠯᠤᠯᠲᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠣᠷᠭᠢᠯᠤᠮ᠎ᠠ ᠬᠠᠯᠠᠭᠤᠨ ᠦᠢᠯᠡᠴᠢᠯᠡᠭᠡᠨ ᠤ ᠬᠠᠯᠠᠭᠤᠨ ᠰᠡᠳᠬᠢᠯᠭᠡ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯ ᠳᠤ ᠢᠳᠡᠪᠬᠢᠲᠡᠢ ᠣᠷᠣᠯᠴᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠰᠢᠨᠡᠴᠢᠯᠡᠵᠦ᠂ ᠬᠢᠨᠠᠨ ᠵᠥᠪᠰᠢᠶᠡᠷᠡᠬᠦ ᠶᠠᠪᠤᠴᠠ ᠶᠢ ᠴᠣᠮᠬᠠᠳᠬᠠᠵᠤ᠂ ᠪᠦᠬᠦ ᠬᠦᠴᠦᠨ ᠢᠶᠠᠷ ᠢᠶᠠᠨ ᠨᠠᠩ ᠴᠢᠨᠠᠷ ᠰᠠᠶᠢᠲᠠᠢ᠂ ᠨᠡᠩ ᠳᠥᠭᠦᠮ ᠳᠥᠲᠡ᠂ ᠨᠡᠩ ᠥᠨᠳᠥᠷ ᠪᠦᠲᠦᠮᠵᠢᠲᠡᠢ᠂ ᠨᠡᠩ ᠰᠡᠳᠬᠢᠯ ᠳᠤᠯᠠᠭᠠᠴᠠᠭᠤᠯᠬᠤ ᠦᠢᠯᠡᠴᠢᠯᠡᠭᠡ ᠬᠠᠩᠭᠠᠵᠤ᠂ 2024 ᠣᠨ ᠤ ᠡᠯ᠎ᠡ ᠵᠦᠢᠯ ᠤᠨ ᠠᠵᠢᠯ ᠢ ᠰᠠᠶᠢᠲᠤᠷ ᠡᠬᠢᠯᠡᠭᠦᠯᠵᠦ᠂ ᠰᠢᠨ᠎ᠡ ᠪᠠᠶᠢᠳᠠᠯ ᠢ ᠨᠡᠭᠡᠭᠡᠨ᠎ᠡ︾ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号