ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠦᠪᠡᠳᠡᠭᠰᠢ ᠶᠡᠭᠡ ᠪᠠᠷ ᠡᠬᠢᠯᠡᠪᠡ
ᠨᠡᠶᠢᠲᠡᠯᠡᠭᠰᠡᠨ ᠴᠠᠭ᠄
2024/2/19
   ᠱᠧᠨ ᠢ ᠴᠢᠨ ᠣᠷᠣᠯᠴᠠᠵᠦ ᠴᠤᠭᠯᠠᠭᠠᠨ ᠡᠬᠢᠯᠡᠭᠰᠡᠨ ᠢ ᠵᠠᠷᠯᠠᠵᠠᠢ   ᠰᠦᠨ ᠱᠤᠤ ᠴᠧᠩ ᠭᠤᠤ ᡁᠢ ᠳ᠋ᠠᠨ ᠪᠠᠶᠠᠷ ᠤᠨ ᠦᠭᠡ ᠬᠡᠯᠡᠵᠦ ᠸᠠᠩ ᠯᠢ ᠰᠢᠶᠠ ᠡᠬᠢᠯᠡᠯᠲᠡ ᠶᠢᠨ ᠶᠣᠰᠣᠯᠠᠯ ᠢ ᠡᠷᠬᠢᠯᠡᠵᠦ ᠵᠠᠩ ᠶᠠᠨ ᠺᠦᠨ ᠤᠷᠤᠯᠴᠠᠪᠠ   2 ᠰᠠᠷ᠎ᠠ ᠶᠢᠨ 17 ᠤ ᠡᠳᠦᠷ᠂ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠯᠥᠨ ᠪᠤᠶᠢᠷ ᠬᠤᠲᠠ ᠳᠤ ᠡᠬᠢᠯᠡᠪᠡ᠃ ᠲᠥᠷᠥ ᠶᠢᠨ ᠶᠠᠪᠤᠳᠠᠯ ᠤᠨ ᠭᠡᠰᠢᠭᠦᠨ ᠱᠧᠨ ᠢ ᠴᠢᠨ ᠡᠬᠢᠯᠡᠯᠲᠡ ᠶᠢᠨ ᠶᠣᠰᠣᠯᠠᠯ ᠳᠤ ᠣᠷᠣᠯᠴᠠᠵᠦ ᠴᠤᠭᠯᠠᠭᠠᠨ ᠡᠬᠢᠯᠡᠭᠰᠡᠨ ᠢ ᠵᠠᠷᠯᠠᠪᠠ᠃   17 ᠤ ᠤᠷᠤᠢ᠂ ᠥᠪᠥᠷ ᠮᠣᠩᠭᠤᠯ ᠤᠨ ᠮᠥᠰᠥᠨ ᠳᠡᠭᠡᠷᠡᠬᠢ ᠲᠠᠮᠢᠷ ᠤᠨ ᠬᠥᠳᠡᠯᠭᠡᠭᠡᠨ ᠤ ᠪᠣᠯᠪᠠᠰᠤᠷᠠᠯ ᠤᠨ ᠲᠥᠪ ᠤᠨ ᠲᠦᠷᠭᠡᠨ ᠲᠡᠰᠢᠯᠲᠡ ᠢᠢᠨ ᠣᠷᠳᠣᠨ ᠳᠤ ᠵᠠᠯᠠᠭᠤ ᠨᠠᠰᠤᠨ ᠤ ᠠᠮᠢᠵᠢᠷᠠᠯ ᠤᠨ ᠬᠦᠴᠦᠨ ᠪᠠ ᠬᠦᠷ ᠨᠡᠷᠬᠢᠶᠠᠨ ᠢᠶᠠᠷ ᠪᠢᠯᠬᠠᠵᠤ ᠪᠠᠶᠢᠯ᠎ᠠ᠃ 20 ᠴᠠᠭ ᠲᠤ᠂ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠡᠬᠢᠯᠡᠯᠲᠡ ᠶᠢᠨ ᠶᠣᠰᠣᠯᠠᠯ ᠡᠬᠢᠯᠡᠵᠦ᠂ ᠡᠬᠢᠯᠡᠯᠲᠡ ᠶᠢᠨ ᠶᠣᠰᠣᠯᠠᠯ ᠪᠠ ᠰᠣᠶᠣᠯ ᠪᠡᠶ᠎ᠡ ᠶᠢᠨ ᠲᠠᠮᠢᠷ ᠤᠨ ᠦᠵᠡᠭᠦᠯᠭᠡ ᠭᠡᠬᠦ ᠬᠤᠶᠠᠷ ᠶᠡᠭᠡ ᠬᠡᠰᠡᠭ ᠬᠤᠪᠢᠶᠠᠨ ᠶᠠᠪᠤᠭᠳᠠᠵᠠᠢ᠃ ᠡᠬᠢᠯᠡᠯᠲᠡ ᠶᠢᠨ ᠶᠣᠰᠣᠯᠠᠯ ᠳᠡᠭᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠤᠩ ᠤᠭᠲᠤᠯᠭ᠎ᠠ ᠶᠢᠨ ᠦᠭᠡ ᠬᠡᠯᠡᠵᠦ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠢ ᠲᠣᠪᠴᠢᠶ᠎ᠠ ᠶᠢᠨ ᠳᠠᠷᠤᠭ᠎ᠠ ᠭᠤᠤ ᡁᠢ ᠳ᠋ᠠᠨ ᠡᠬᠢᠯᠡᠯᠲᠡ ᠶᠢᠨ ᠦᠭᠡ ᠬᠡᠯᠡᠪᠡ᠃ ᠡᠬᠢᠯᠡᠯᠲᠡ ᠶᠢᠨ ᠶᠣᠰᠣᠯᠠᠯ ᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠡᠷᠬᠢᠯᠡᠵᠠᠢ᠃   ᠰᠦᠨ ᠱᠤᠤ ᠴᠤᠩ ᠪᠠᠶᠠᠷ ᠤᠨ ᠦᠭᠡ ᠳᠡᠭᠡᠨ ᠡᠩ ᠲᠡᠷᠢᠭᠦᠨ ᠳᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠶ᠊ ᠡᠶ᠎ᠡ ᠪᠣᠯᠤᠨ ᠵᠠᠰᠠᠭ ᠤᠨ ᠣᠷᠳᠣᠨ ᠢ ᠲᠦᠯᠦᠭᠡᠯᠡᠨ᠂ ᠪᠦᠬᠦ ᠣᠷᠣᠨ ᠤ ᠦᠨᠳᠦᠰᠦᠲᠡᠨ ᠨᠦᠭᠦᠳ ᠤᠨ 2400 ᠭᠠᠷᠤᠢ ᠲᠦᠮᠡᠨ ᠠᠷᠠᠳ ᠲᠦᠮᠡᠨ ᠢ ᠲᠦᠯᠦᠭᠡᠯᠡᠨ᠂ ᠠᠯᠤᠰ ᠬᠤᠯᠠ ᠠᠴᠠ ᠬᠦᠷᠦᠯᠴᠡᠨ ᠢᠷᠡᠭᠰᠡᠨ ᠬᠦᠨᠳᠦᠲᠦ ᠵᠣᠴᠢᠳ ᠲᠤ ᠴᠢᠩ ᠰᠡᠳᠭᠢᠯ ᠤᠨ ᠮᠡᠨᠳᠦᠴᠢᠯᠡᠯ ᠪᠣᠯᠤᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃ ᠲᠡᠷᠡ᠂ ᠳᠠᠭᠠᠭᠠᠴᠢᠯᠠᠨ ᠡᠷᠬᠢᠯᠡᠬᠦ ᠡᠭᠦᠷᠭᠡ ᠶᠢ ᠳᠤᠰᠤᠭᠰᠠᠨ ᠠᠴᠠ ᠨᠠᠭᠠᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠡᠷᠦᠩᠬᠡᠶ ᠱᠦᠵᠢ ᠰᠢ ᠶᠢᠨ ᠫᠢᠩ ᠤᠨ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠢ ᠲᠦᠷᠭᠡᠳᠭᠡᠨ ᠪᠥᠲᠥᠭᠡᠨ ᠪᠠᠶᠢᠭᠤᠯᠬᠤ ᠲᠤᠬᠠᠶ ᠴᠢᠬᠤᠯᠠ ᠥᠭᠦᠯᠡᠯᠲᠡ ᠪᠣᠯᠤᠨ ︽ᠭᠤᠷᠪᠠᠨ ᠳ᠋ᠦᠩᠰᠢᠭᠤᠷ ᠬᠥᠮᠦᠨ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠡᠭᠡᠳᠦ ᠬᠡᠮᠵᠢᠶᠡᠨ ᠤ ᠴᠢᠬᠤᠯᠠᠴᠢᠯᠠᠯ ᠳᠤᠤᠷ᠎ᠠ᠂ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ ᠶᠢᠨ ᠨᠠᠷᠢᠨ ᠨᠢᠮᠪᠠᠶ ᠵᠢᠯᠣᠭᠤᠳᠤᠯᠭ᠎ᠠ ᠪᠠ ᠨᠡᠶᠢᠭᠡᠮ ᠤᠨ ᠡᠯ᠎ᠡ ᠡᠲᠡᠭᠡᠳ ᠤᠨ ᠬᠦᠴᠦᠲᠡᠶ ᠳᠡᠮᠵᠢᠯᠭᠡ ᠳᠤᠤᠷ᠎ᠠ᠂ ︽ᠪᠤᠬᠢᠷᠳᠤᠯ ᠦᠭᠡᠢ᠂ ᠬᠠᠮᠲᠤ ᠪᠠᠷ ᠡᠳ᠋ᠯᠡᠬᠦ᠂ ᠨᠡᠭᠡᠭᠡᠯᠲᠡ ᠲᠠᠢ᠂ ᠠᠷᠢᠭᠤᠨ ᠴᠢᠬᠡᠴᠢ︾ ᠤᠷᠤᠯᠳᠤᠭᠠᠨ ᠡᠷᠬᠢᠯᠡᠬᠦ ᠣᠶᠢᠯᠠᠭᠠᠭᠳᠠᠬᠤᠨ ᠪᠠ ︽ᠲᠦᠬᠦᠮ ᠠᠪᠰᠠᠷᠬᠠᠨ᠂ ᠠᠮᠤᠷ ᠲᠦᠪᠰᠢᠨ᠂ ᠭᠤᠶᠢᠳᠠ ᠰᠠᠶᠢᠬᠠᠨ︾ ᠤᠷᠤᠯᠳᠤᠭᠠᠨ ᠡᠷᠬᠢᠯᠡᠬᠦ ᠱᠠᠭᠠᠷᠳᠠᠯᠭ᠎ᠠ ᠶᠢ ᠪᠠᠷᠢᠮᠲᠠᠯᠠᠵᠤ᠂ ᠣᠷᠣᠨ ᠳ᠋ᠠᠶᠠᠭᠠᠷ ᠤᠨ ᠬᠦᠴᠦᠨ ᠢᠶᠠᠷ ᠡᠯ᠎ᠡ ᠵᠦᠢᠯ ᠤᠨ ᠪᠡᠯᠡᠳᠭᠡᠯ ᠠᠵᠢᠯ ᠢ ᠰᠠᠶᠢᠳᠤᠷ ᠬᠢᠵᠦ᠂ ᠪᠦᠬᠦ ᠰᠡᠳᠭᠢᠯ ᠪᠦᠬᠦ ᠬᠦᠴᠦᠨ ᠢᠶᠠᠷ ᠢᠶᠠᠨ ᠦᠢᠯᠡᠴᠢᠯᠡᠭᠡ ᠪᠠᠲᠤᠯᠠᠭ᠎ᠠ ᠶᠢ ᠰᠠᠶᠢᠲᠤᠷ ᠬᠢᠵᠦ᠂ ᠪᠦᠬᠦ ᠤᠯᠤᠰ ᠤᠨ ᠠᠷᠠᠳ ᠲᠦᠮᠡᠨ ᠳᠤ ᠨᠢᠭᠡ ᠬᠤᠭᠤᠴᠠᠭᠠᠨ ᠤ ᠭᠤᠶᠢᠳᠠ ᠰᠠᠶᠢᠬᠠᠨ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠢ ᠡᠷᠬᠢᠯᠡᠨ ᠦᠵᠡᠬᠦᠯᠬᠦ ᠪᠠᠷ ᠪᠤᠯᠪᠠ᠃ ᠮᠥᠰᠥ ᠴᠠᠰᠤᠨ ᠤ ᠣᠷᠭᠢᠯᠤᠮ᠎ᠠ ᠰᠡᠳᠭᠢᠯᠭᠡ ᠶᠢ ᠬᠥᠭᠵᠢᠭᠡᠵᠦ᠂ ᠳᠤᠮᠳᠠᠳᠤ ᠤᠯᠤᠰ ᠤᠨ ᠬᠦᠰᠡᠯ ᠵᠡᠭᠦᠳᠦ ᠶᠢ ᠴᠢᠷᠮᠠᠶᠢᠨ ᠲᠡᠷᠭᠡᠯᠰᠢᠭᠦᠯᠦᠨ᠎ᠡ᠃ ᠪᠢᠳᠡ ᠭᠠᠷ ᠭᠠᠷ ᠢᠶᠠᠨ ᠬᠤᠯᠪᠣᠯᠴᠠᠨ᠂ ᠮᠥᠷᠥ ᠵᠡᠷᠭᠡᠴᠡᠵᠦ᠂ ᠮᠥᠰᠥ ᠴᠠᠰᠤᠨ ᠳᠤ ᠲᠡᠭᠦᠯᠢᠨ᠂ ᠤᠮᠠᠷᠠᠲᠤ ᠬᠢᠯᠢ ᠳ᠋ᠤ᠋ ᠬᠦᠰᠡᠯ ᠵᠡᠬᠦᠳᠤ ᠪᠠᠨ ᠪᠡᠶᠡᠯᠡᠬᠦᠯᠵᠤ᠂ ᠬᠠᠮᠲᠤ ᠪᠠᠷ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠥᠲᠥᠭᠡᠨ ᠪᠠᠶᠢᠭᠤᠯᠤᠯᠲᠠ ᠪᠠ ᠳᠤᠮᠳᠠᠳᠤ ᠶᠢᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ ᠦᠢᠯᠡᠰ ᠲᠤ ᠬᠡᠷᠡᠯ ᠭᠢᠯᠪᠠᠭ᠎ᠠ ᠨᠡᠮᠡᠷᠢᠯᠡᠨ᠎ᠠ ᠭᠡᠵᠦ ᠬᠡᠯᠡᠪᠡ᠃   ᠭᠤᠤ ᡁᠢ ᠳ᠋ᠠᠨ ᠪᠠᠶᠠᠷ ᠤᠨ ᠦᠭᠡ ᠳᠡᠭᠡᠨ᠂ ᠣᠳᠣᠬᠠᠨ ᠳᠤ ᠪᠦᠬᠦ ᠤᠯᠤᠰ ᠤᠨ ᠪᠡᠶ᠎ᠡ ᠶᠢᠨ ᠲᠠᠮᠢᠷ ᠤᠨ ᠹᠷᠣᠨᠲ ᠤᠨ ᠬᠢᠨ ᠨᠠᠮ ᠤᠨ ᠬᠤᠷᠢᠳᠤᠭᠠᠷ ᠶᠡᠭᠡ ᠬᠤᠷᠠᠯ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠪᠡᠶ᠎ᠡ ᠶᠢᠨ ᠲᠠᠮᠢᠷ ᠤᠨ ᠲᠤᠬᠠᠢ ᠴᠢᠬᠤᠯᠠ ᠥᠭᠦᠯᠡᠯᠲᠡ᠂ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠡᠶ᠎ᠡ ᠶᠢᠨ ᠲᠠᠮᠢᠷ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠡᠶ᠎ᠡ ᠶᠢᠨ ᠲᠠᠮᠢᠷ ᠤᠨ ᠬᠦᠴᠦᠷᠬᠡᠭ ᠤᠯᠤᠰ ᠤᠨ ᠪᠦᠳᠦᠭᠡᠨ ᠪᠠᠶᠢᠭᠤᠯᠤᠯᠲᠠ ᠶᠢ ᠲᠦᠷᠭᠡᠳᠭᠡᠵᠦ ᠪᠤᠢ᠃ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠲᠡᠦᠬᠡᠨ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ᠂ ᠲᠥᠷᠥᠯ ᠵᠦᠢᠯ ᠢᠶᠠᠷ ᠬᠠᠮᠤᠭ ᠤᠨ ᠪᠦᠷᠢᠨ ᠪᠠᠶ᠎ᠠ ᠶᠢᠨ ᠲᠠᠮᠢᠷ ᠤᠨ ᠦᠪᠡᠳᠡᠭᠰᠢ ᠴᠤᠭᠯᠠᠭᠠᠨ ᠪᠣᠯᠤᠭᠰᠠᠨ ᠤ ᠬᠤᠪᠢ ᠳᠤ᠂ ᠲᠣᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠨᠢ ︽ᠪᠣᠬᠢᠷᠲᠤᠯ ᠥᠬᠡᠶ᠂ ᠬᠠᠮᠲᠤ ᠪᠠᠷ ᠡᠳ᠋ᠯᠡᠬᠦ᠂ ᠨᠡᠭᠡᠭᠡᠯᠲᠡ ᠲᠠᠢ᠂ ᠠᠷᠢᠭᠤᠨ ᠴᠢᠬᠡᠴᠢ︾ ᠤᠷᠤᠯᠳᠤᠭᠠᠨ ᠡᠷᠭᠢᠯᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ︽ᠡᠮᠦᠨᠡᠰᠢ ᠲᠡᠯᠡᠵᠦ ᠪᠠᠷᠠᠭᠤᠨᠰᠢ ᠥᠷᠭᠡᠳᠭᠡᠵᠦ ᠵᠡᠭᠦᠨᠰᠢ ᠦᠷᠬᠦᠯᠵᠢᠯᠡᠬᠦᠯᠬᠦ︾ ᠢᠢ ᠯᠠᠪᠳᠠᠭᠤᠨ ᠪᠠᠲᠤᠲᠠᠶ ᠠᠬᠢᠭᠤᠯᠵᠤ ᠂ ︽ᠭᠤᠷᠪᠠᠨ ᠳ᠋ᠦᠩᠰᠢᠭᠤᠷ ᠬᠥᠮᠦᠨ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠭᠡᠵᠦ᠂ ᠮᠠᠨ ᠤ ᠤᠯᠤᠰ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠬᠥᠭᠵᠢᠯᠲᠡ ᠶᠢᠨ ᠬᠢᠷᠢ ᠲᠦᠪᠰᠢᠨ ᠢ ᠳᠡᠯᠭᠡᠨ ᠦᠵᠡᠭᠦᠯᠬᠦ ᠪᠠ ᠰᠢᠯᠭᠠᠨ ᠪᠠᠶᠢᠴᠠᠭᠠᠬᠤ ᠪᠣᠯᠤᠨ᠎ᠠ᠃ ᠥᠷᠭᠡᠨ ᠣᠯᠠᠨ ᠮᠥᠰᠥ ᠴᠠᠰᠤᠨ ᠤ ᠲᠠᠮᠢᠷᠴᠢᠳ ᠤᠷᠤᠯᠳᠤᠭᠠᠨ ᠤ ᠲᠠᠯᠠᠪᠤᠷ ᠲᠤ ᠲᠦᠮᠡᠨ ᠠᠭᠲᠠ ᠶᠢᠨ ᠲᠦᠪᠡᠷᠭᠡᠨ ᠮᠡᠲᠦ ᠣᠮᠣᠭᠯᠠᠩ ᠵᠣᠷᠢᠭ ᠢ ᠪᠠᠳᠠᠷᠠᠭᠤᠯᠵᠤ᠂ ᠮᠥᠰᠥ ᠴᠠᠰᠤᠨ ᠳᠤ ᠲᠡᠭᠦᠯᠢᠨ ᠨᠢᠰᠭᠦ ᠮᠡᠲᠦ ᠬᠡᠲᠦ᠋ᠳᠦᠭᠰᠡᠨ ᠤᠷ᠎ᠠ ᠮᠡᠷᠭᠡᠵᠢᠯ ᠢ ᠢᠯᠡᠷᠡᠭᠦᠯᠵᠦ᠂ ᠳᠤᠮᠳᠠᠳᠤ ᠶᠢᠨ ᠪᠡᠶ᠎ᠡ ᠶᠢᠨ ᠲᠠᠮᠢᠷ ᠤᠨ ᠵᠣᠷᠢᠭ ᠰᠠᠨᠠᠭ᠎ᠠ᠂ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠬᠯᠠᠭᠠᠨ ᠤ ᠵᠣᠷᠢᠭ ᠰᠠᠨᠠᠭ᠎ᠠ ᠶᠢ ᠣᠯᠢᠮᠫᠢᠺ ᠤᠨ ᠵᠣᠷᠢᠭ ᠰᠠᠨᠠᠭ᠎ᠠ᠂ ᠮᠣᠩᠭᠤᠯ ᠮᠣᠷᠢᠨ ᠤ ᠵᠣᠷᠢᠭ ᠰᠠᠨᠠᠭ᠎ᠠ ᠯᠤᠭ᠎ᠠ ᠠᠭᠤᠰᠤᠯᠴᠠᠭᠤᠯᠤᠨ ᠰᠤᠯᠪᠢᠴᠠᠭᠤᠯᠵᠤ ᠬᠠᠷᠢᠯᠴᠠᠨ ᠭᠡᠷᠡᠯ ᠬᠢᠯᠪᠠᠭ᠎ᠠ ᠰᠠᠴᠤᠷᠠᠭᠤᠯᠤᠬᠰᠠᠨ ᠰᠦᠷᠯᠢᠭ ᠰᠠᠶᠢᠬᠠᠨ ᠬᠠᠭᠤᠳᠠᠰᠤ ᠶᠢ ᠬᠠᠮᠲᠤ ᠪᠠᠷ ᠪᠢᠴᠢᠭᠯᠡᠬᠦ ᠶᠢ ᠬᠦᠰᠡᠨ ᠪᠠᠷᠠᠯᠠᠵᠤ ᠪᠠᠶᠢᠨ᠎ᠠ ᠭᠡᠵᠦ ᠢᠯᠡᠳᠭᠡᠪᠡ᠃    20 ᠴᠠᠭ 36 ᠮᠢᠨᠦ᠋ᠲ ᠲᠤ᠂ ᠲᠦᠷᠦ ᠶᠢᠨ ᠶᠠᠪᠤᠳᠠᠯ ᠤᠨ ᠭᠡᠰᠢᠭᠦᠨ ᠱᠧᠨ ᠢ ᠴᠢᠨ᠄ ︽ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠪᠠᠨ ᠳᠥᠷᠪᠡᠳᠦᠭᠡᠷ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠡᠬᠢᠯᠡᠯ᠎ᠡ︕︾ ᠭᠡᠵᠦ ᠵᠠᠷᠯᠠᠬᠤ ᠳᠤ ᠲᠠᠯᠠᠪᠠᠢ ᠳᠠᠶᠠᠭᠠᠷ ᠨᠢᠵᠢᠭᠢᠨᠡᠲᠡᠯ᠎ᠡ ᠠᠯᠠᠭ᠎ᠠ ᠲᠠᠰᠢᠵᠠᠭᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号