ᠦᠪᠡᠷᠳᠡᠭᠡᠨ ᠵᠠᠰᠠᠬᠤ ᠤᠷᠤᠨ ᠤ ᠬᠦᠭᠵᠢᠭᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠠᠴᠠ ᠤᠶᠢᠯᠠᠭᠠᠭᠰᠠᠨ | ᠢᠶᠠᠷ᠂ ︽ᠭᠠᠵᠠᠷ ᠳᠡᠭᠡᠷ᠎ᠠ ᠪᠠᠨ ᠰᠠᠯᠬᠢᠨ ᠬᠦᠴᠦ ᠭᠡᠷᠡᠯ ᠤᠨ ᠡᠨᠧᠷᠬᠢ ᠲᠠᠢ᠂ ᠭᠠᠵᠠᠷ ᠳᠤᠤᠷ᠎ᠠ ᠪᠠᠨ ᠨᠡᠭᠦᠷᠡᠰᠦ ᠲᠠᠢ᠂ | ᠭᠠᠷ ᠲᠠᠭᠠᠨ ᠴᠠᠬᠢᠯᠭᠠᠨ ᠲᠤᠤᠷ ᠲᠠᠢ︾ ᠦᠪᠤᠷ ᠮᠤᠩᠭᠤᠯ 2023 ᠤᠨ ᠳᠤ ᠠᠯᠢ ᠤᠯᠠᠨ ᠬᠢᠯᠠᠯᠵᠠᠭᠰᠠᠨ | ᠠᠮᠵᠢᠯᠳᠠ ᠶᠢ ᠡᠭᠦᠳᠴᠤ᠂ ᠤᠯᠠᠨ ᠲᠠᠯ᠎ᠠ ᠪᠠᠷ ᠪᠦᠬᠦ ᠤᠯᠤᠰ ᠤᠨ ᠲᠡᠷᠢᠭᠦᠨ ᠡᠩᠨᠡᠭᠡ ᠳᠤ ᠵᠢᠭᠰᠠᠪᠠ᠃ | ᠲᠤᠭᠳᠠᠮᠠᠯ ᠬᠦᠷᠦᠩᠭᠡ ᠶᠢᠨ ᠪᠡᠯᠡ ᠤᠷᠤᠭᠤᠯᠤᠯᠳᠠ 19.8% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ | ᠪᠦᠬᠦ ᠤᠯᠤᠰ ᠤᠨ ᠬᠤᠶᠠᠳᠤᠭᠠᠷ ᠲᠤ ᠵᠢᠭᠰᠠᠪᠠ︔ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠦᠩᠬᠡᠢ ᠦᠷᠳᠡᠭ | 7.3% ᠪᠠᠷ ᠨᠡᠮᠡᠭᠳᠡᠵᠦ᠂ ᠨᠡᠮᠡᠭᠳᠡᠯ ᠤᠨ ᠬᠤᠷᠳᠤᠴᠠ ᠪᠠᠷ ᠪᠦᠬᠦ ᠤᠯᠤᠰ ᠤᠨ ᠭᠤᠷᠪᠠᠳᠤᠭᠠᠷ ᠲᠤ ᠵᠢᠭᠰᠠᠪᠠ︔ | ᠭᠠᠳᠠᠭᠠᠳᠤ ᠠᠷᠠᠯᠵᠢᠶᠠᠨ ᠤ ᠤᠷᠤᠭᠤᠯᠤᠯᠳᠠ ᠭᠠᠷᠭᠠᠯᠳᠠ ᠶᠢᠨ ᠶᠡᠷᠦᠩᠬᠡᠢ ᠦᠷᠳᠡᠭ 30.4% ᠪᠠᠷ ᠨᠡᠮᠡᠭᠳᠡᠵᠦ᠂ | ᠨᠡᠮᠡᠭᠳᠡᠯ ᠤᠨ ᠬᠤᠷᠳᠤᠴᠠ ᠪᠠᠷ ᠪᠦᠬᠦ ᠤᠯᠤᠰ ᠤᠨ ᠭᠤᠷᠪᠠᠳᠤᠭᠠᠷ ᠲᠤ ᠵᠢᠭᠰᠠᠪᠠ︔ ᠬᠡᠪᠴᠢᠶᠠᠵᠢᠯ ᠠᠴᠠ ᠳᠡᠭᠡᠭᠰᠢᠬᠢ | ᠠᠵᠤ ᠦᠢᠯᠡᠳᠪᠤᠷᠢ ᠶᠢᠨ ᠨᠡᠮᠡᠭᠳᠡᠯ ᠦᠷᠳᠡᠭ 7.4% ᠪᠠᠷ ᠨᠡᠮᠡᠭᠳᠡᠵᠦ᠂ ᠪᠦᠬᠦ ᠤᠯᠤᠰ ᠤᠨ ᠳᠤᠯᠤᠳᠤᠭᠠᠷ ᠲᠤ | ᠵᠢᠭᠰᠠᠪᠠ︔ ᠰᠢᠨ᠎ᠠ ᠡᠨᠧᠷᠬᠢ ᠶᠢᠨ ᠮᠠᠰᠢᠨ ᠴᠤᠭᠴᠠᠯᠠᠪᠤᠷᠢ ᠶᠢᠨ ᠶᠡᠷᠦᠩᠬᠡᠢ ᠪᠠᠭᠳᠠᠭᠠᠮᠵᠢ 9000 ᠲᠦᠮᠡᠨ | ᠺᠢᠯᠤᠸᠠᠲ ᠢ ᠳᠠᠪᠠᠵᠤ᠂ 2022 ᠤᠨ ᠤ ᠵᠢᠯ ᠤᠨ ᠰᠡᠭᠦᠯᠴᠢ ᠶᠢᠨ ᠬᠢ ᠠᠴᠠ 50.8% ᠪᠠᠷ ᠨᠡᠮᠡᠭᠳᠡᠪᠡ︔ ᠦᠪᠦᠷ | ᠮᠤᠩᠭᠤᠯ ᠤᠨ ᠵᠡᠭᠦᠨ ᠪᠡᠶ᠎ᠠ ᠶᠢᠨ ᠴᠠᠬᠢᠯᠭᠠᠨ ᠬᠦᠴᠦᠨ ᠤ ᠭᠠᠳᠠᠭᠰᠢ ᠬᠦᠷᠭᠡᠭᠰᠡᠨ ᠴᠠᠬᠢᠯᠭᠠᠨ ᠤ ᠬᠡᠮᠵᠢᠶ᠎ᠠ 1800 | ᠳ᠋ᠦᠩᠰᠢᠭᠤᠷ ᠺᠢᠯᠤᠸᠠᠲ ᠴᠠᠭ ᠢ ᠳᠠᠪᠠᠵᠤ᠂ ᠮᠤᠵᠢ ᠶᠢᠨ ᠱᠠᠳᠤᠨ ᠤ ᠴᠠᠬᠢᠯᠭᠠᠨ ᠳᠤᠤᠷ ᠤᠨ ᠠᠵᠤ ᠠᠬᠤᠶᠢᠯᠠᠯ ᠤᠨ | ᠲᠤᠳᠤᠷ᠎ᠠ ᠮᠠᠩᠯᠠᠶᠢᠯᠠᠪᠠ ᠁ 2023 ᠤᠨ ᠳᠤ᠂ ᠮᠠᠨ ᠤ ᠤᠷᠤᠨ ᠳᠤᠭᠳᠠᠮᠠᠯ ᠬᠦᠷᠦᠩᠭᠡ ᠢᠢᠨ ᠪᠡᠯᠡ | ᠤᠷᠤᠭᠤᠯᠤᠯᠳᠠ᠂ ᠤᠷᠤᠨ ᠨᠤᠳᠤᠭ ᠤᠨ ᠦᠢᠯᠡᠳᠪᠤᠷᠢᠯᠡᠯ ᠤᠨ ᠶᠡᠷᠦᠩᠬᠡᠢ ᠦᠷᠳᠡᠭ᠂ ᠭᠠᠳᠠᠭᠠᠳᠤ ᠠᠷᠠᠯᠵᠢᠶᠠᠨ ᠤ | ᠤᠷᠤᠭᠤᠯᠤᠯᠳᠠ ᠭᠠᠷᠭᠠᠯᠳᠠ ᠶᠢᠨ ᠶᠡᠷᠦᠩᠬᠡᠢ ᠦᠷᠳᠡᠭ᠂ ᠬᠡᠪᠴᠢᠶᠠᠵᠢᠯ ᠠᠴᠠ ᠳᠡᠭᠡᠭᠰᠢᠬᠢ ᠠᠵᠤ ᠦᠢᠯᠡᠳᠪᠤᠷᠢ ᠶᠢᠨ | ᠨᠡᠮᠡᠭᠳᠡᠯ ᠦᠷᠳᠡᠭ ᠢᠶᠠᠷ ᠴᠦᠮ ᠪᠦᠬᠦ ᠤᠯᠤᠰ ᠤᠨ ᠲᠡᠷᠢᠭᠦᠨ ᠡᠩᠨᠡᠭᠡ ᠳᠤ ᠵᠢᠭᠰᠠᠵᠤ᠂ ᠰᠢᠨ᠎ᠠ ᠡᠨᠧᠷᠬᠢ ᠶᠢᠨ ᠮᠠᠰᠢᠨ | ᠴᠤᠭᠴᠠᠯᠠᠪᠤᠷᠢ ᠶᠢᠨ ᠶᠡᠷᠦᠩᠬᠡᠢ ᠪᠠᠭᠳᠠᠭᠠᠮᠵᠢ᠂ ᠰᠢᠨ᠎ᠠ ᠪᠠᠷ ᠨᠡᠮᠡᠭᠳᠡᠭᠰᠡᠨ ᠮᠠᠰᠢᠨ ᠴᠤᠭᠴᠠᠯᠠᠪᠤᠷᠢ᠂ ᠭᠠᠳᠠᠭᠰᠢ | ᠬᠦᠷᠭᠡᠭᠰᠡᠨ ᠴᠠᠬᠢᠯᠭᠠᠨ ᠤ ᠬᠡᠮᠵᠢᠶ᠎ᠠ ᠵᠡᠷᠭᠡ ᠤᠯᠠᠨ ᠭᠦᠢᠴᠡᠳᠭᠡᠯ ᠲᠤᠭ᠎ᠠ ᠪᠠᠷ ᠪᠦᠬᠦ ᠤᠯᠤᠰ ᠲᠤ ᠮᠠᠩᠯᠠᠶᠢᠯᠠᠭᠰᠠᠨ | ᠪᠠᠶᠢᠨ᠎ᠠ᠃ 2024 ᠤᠨ ᠳᠤ ᠮᠠᠨ ᠤ ᠤᠷᠤᠨ ︽ᠮᠤᠩᠭᠤᠯ ᠮᠤᠷᠢᠨ ᠤ ᠵᠤᠷᠢᠭ ᠰᠠᠨᠠᠭ᠎ᠠ︾ ᠢᠢ ᠦᠷᠭᠦᠯᠵᠢᠯᠡᠨ | ᠪᠠᠳᠠᠷᠠᠭᠤᠯᠵᠤ᠂ ︽ᠰᠢᠨ᠎ᠠ ᠵᠠᠮ ᠨᠡᠭᠡᠭᠡᠵᠤ ᠳᠤᠮᠳᠠ ᠲᠦᠪᠰᠢᠨ ᠳᠤ ᠤᠷᠤᠬᠤ︾ ᠬᠦᠰᠡᠯ ᠲᠡᠮᠡᠤᠯᠤᠯ ᠢᠶᠠᠷ ᠪᠦᠬᠦ | ᠬᠦᠴᠦᠨ ᠢᠶᠠᠷ ᠢᠶᠠᠨ ᠴᠤᠴᠠᠯᠳᠠ ᠦᠭᠡᠢ ᠤᠷᠤᠭᠰᠢᠯᠠᠬᠤ ᠪᠤᠯᠤᠨ᠎ᠠ᠃ |