ᠮᠠᠨ ᠤ ᠤᠷᠤᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠡᠷᠳᠡᠮ ᠰᠢᠨᠵᠢᠯᠡᠭᠡᠨ ᠤ ᠰᠣᠯᠢᠯᠴᠠᠭᠠᠨ ᠤ ᠰᠢᠷᠢᠰ ᠠᠵᠢᠯᠯᠠᠭ᠎ᠠ ᠦᠨᠳᠦᠷᠯᠡᠯ᠎ᠡ
ᠨᠡᠶᠢᠲᠡᠯᠡᠭᠰᠡᠨ ᠴᠠᠭ᠄
2024/2/19
  ᠤᠶᠢᠷ᠎ᠠ ᠳᠤ ᠤᠮᠠᠷᠠᠲᠤ ᠬᠢᠯᠢ ᠶᠢᠨ ᠰᠣᠶᠣᠯ ᠤᠨ ᠲᠦᠷᠦᠯ ᠲᠡᠮᠳᠡᠭ ᠢ ᠴᠤᠭᠴᠠᠯᠠᠬᠤ ᠳᠤ ᠠᠷᠭ᠎ᠠ ᠤᠬᠠᠭᠠᠨ ᠰᠦᠪᠡᠭᠴᠢᠯᠡᠬᠦ ᠶᠢ ᠵᠤᠷᠢᠭᠰᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠡᠷᠳᠡᠮ ᠰᠢᠨᠵᠢᠯᠡᠭᠡᠨ ᠤ ᠰᠣᠯᠢᠯᠴᠠᠭ᠎ᠠ ᠬᠢᠭᠡᠳ ᠲᠤᠷᠰᠢᠯᠭ᠎ᠠ ᠪᠠᠨ ᠬᠤᠪᠢᠶᠠᠯᠴᠠᠬᠤ ᠰᠠᠷ᠎ᠠ ᠶᠢᠨ ᠰᠦᠯᠵᠢᠶᠡᠨ ᠳᠡᠭᠡᠷᠡᠬᠢ ᠠᠵᠢᠯᠯᠠᠭ᠎ᠠ ᠠᠮᠵᠢᠯᠳᠠ ᠲᠠᠢ ᠲᠡᠬᠦᠰᠪᠡ᠃   ᠲᠣᠰ ᠤᠳᠠᠭ᠎ᠠ ᠶᠢᠨ ᠠᠵᠢᠯᠯᠠᠭ᠎ᠠ ᠳᠤ ᠶᠡᠭᠡ ᠳᠡᠭᠡᠳᠦ ᠰᠤᠷᠭᠠᠭᠤᠯᠢ ᠶᠢᠨ ᠨᠠᠷᠠᠲᠤ ᠲᠤᠰᠬᠠᠢ ᠮᠡᠷᠭᠡᠵᠢᠯᠲᠡᠨ ᠵᠢᠴᠢ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢ ᠤᠷᠢᠵᠤ ᠪᠣᠳᠠᠰ ᠤᠨ ᠪᠤᠰᠤ ᠰᠣᠶᠣᠯ ᠤᠨ ᠥᠪ ᠤᠨ ᠡᠷᠳᠡᠮ ᠰᠢᠨᠵᠢᠯᠡᠭᠡᠨ ᠤ ᠰᠣᠯᠢᠯᠴᠠᠭᠠᠨ ᠤ ᠲᠠᠶᠢᠯᠤᠮᠵᠢ ᠪᠠ ᠵᠢᠱᠢᠶ᠎ᠡ ᠶᠢ ᠤᠯᠠᠨ ᠲᠠᠢ ᠬᠤᠪᠢᠶᠠᠯᠴᠠᠭᠤᠯᠵᠤ᠂ 11 ᠳᠠᠯᠠᠪᠠᠢ ᠲᠠᠶᠢᠯᠤᠮᠵᠢ ᠬᠢᠵᠦ᠂ ᠪᠦᠬᠦ ᠤᠯᠤᠰ ᠤᠨ ᠡᠯ᠎ᠡ ᠶᠡᠭᠡ ᠳᠡᠭᠡᠳᠦ ᠰᠤᠷᠭᠠᠭᠤᠯᠢ ᠶᠢᠨ ᠪᠣᠳᠠᠰ ᠤᠨ ᠪᠤᠰᠤ ᠰᠣᠶᠣᠯ ᠤᠨ ᠥᠪ ᠤᠨ ᠰᠤᠳᠤᠯᠭᠠᠨ ᠤ ᠲᠤᠰᠬᠠᠢ ᠮᠡᠷᠭᠡᠵᠢᠯᠲᠡᠨ᠂ ᠪᠦᠬᠦ ᠣᠷᠣᠨ ᠤ ᠡᠯ᠎ᠡ ᠲᠦᠷᠦᠯ ᠤᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠶᠢᠨ ᠲᠥᠯᠥᠭᠡᠯᠡᠭᠴᠢ ᠪᠣᠯᠣᠨ ᠪᠣᠳᠠᠰ ᠤᠨ ᠪᠤᠰᠤ ᠰᠣᠶᠣᠯ ᠤᠨ ᠥᠪ ᠤᠨ ᠠᠵᠢᠯ ᠡᠷᠬᠢᠯᠡᠭᠰᠡᠳ 700 ᠭᠠᠷᠤᠢ ᠬᠥᠮᠥᠨ ᠤᠷᠤᠯᠴᠠᠪᠠ᠃ ᠡᠷᠳᠡᠮ ᠰᠢᠨᠵᠢᠯᠡᠭᠡᠨ ᠤ ᠰᠣᠯᠢᠯᠴᠠᠭᠠᠨ ᠳᠤ ᠥᠪᠥᠷ ᠮᠣᠩᠭᠤᠯ ᠤᠨ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠦᠢᠯᠡᠳᠦᠯᠭᠡ ᠶᠢᠨ ᠠᠷᠭ᠎ᠠ ᠵᠠᠮ ᠂ ᠪᠣᠳᠠᠰ ᠤᠨ ᠪᠤᠰᠤ ᠰᠣᠶᠣᠯ ᠤᠨ ᠥᠪ ᠤᠨ ᠤᠬᠠᠭᠳᠠᠬᠤᠨ ᠲᠦᠷᠦᠯ ᠢᠯᠭᠠᠯ ᠪᠣᠯᠣᠨ ᠣᠨᠴᠠᠯᠢᠭ ᠵᠡᠷᠭᠡ ᠶᠢ ᠲᠣᠳᠣᠷᠬᠠᠶᠢᠯᠠᠨ ᠥᠭᠦᠯᠡᠵᠤ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢᠳ ᠣᠯᠠᠨ ᠵᠢᠯ ᠤᠨ ᠤᠯᠠᠮᠵᠢᠯᠠᠨ ᠵᠠᠯᠭᠠᠮᠵᠢᠯᠠᠭᠰᠠᠨ ᠦᠢᠯᠡᠳᠦᠯᠭᠡ ᠶᠢᠨ ᠲᠤᠷᠰᠢᠯᠭ᠎ᠠ ᠲᠠᠢ ᠪᠠᠨ ᠤᠶᠠᠯᠳᠤᠭᠤᠯᠤᠨ ᠤᠯᠠᠮᠵᠢᠯᠠᠯᠲᠤ ᠳᠠᠭᠤᠤ ᠬᠥᠭᠵᠢᠮ᠂ ᠤᠯᠠᠮᠵᠢᠯᠠᠯᠲᠤ ᠪᠥᠵᠢᠭ᠂ ᠤᠯᠠᠮᠵᠢᠯᠠᠯᠲᠤ ᠪᠡᠶ᠎ᠡ ᠶᠢᠨ ᠲᠠᠮᠢᠷ᠂ ᠤᠯᠠᠮᠵᠢᠯᠠᠯᠲᠤ ᠤᠷᠠᠨ ᠵᠢᠷᠤᠭ᠂ ᠪᠣᠳᠠᠰ ᠤᠨ ᠪᠤᠰᠤ ᠰᠣᠶᠣᠯ ᠤᠨ ᠥᠪ ᠤᠨ ᠵᠢᠵᠢᠭ ᠪᠠᠯᠭᠠᠰᠤᠨ ᠤ ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠶᠢᠨ ᠠᠮᠵᠢᠯᠲᠠ ᠲᠠᠢ ᠵᠢᠱᠢᠶ᠎ᠡ ᠵᠢᠴᠢ ᠦᠵᠡᠯ ᠪᠤᠳᠤᠯ ᠢᠶᠠᠨ ᠬᠤᠪᠢᠶᠠᠯᠴᠠᠵᠠᠢ᠃ ᠲᠣᠰ ᠤᠳᠠᠭ᠎ᠠ ᠶᠢᠨ ᠠᠵᠢᠯᠯᠠᠭ᠎ᠠ ᠨᠢ ᠮᠠᠨ ᠤ ᠣᠷᠣᠨ ᠤ ᠣᠶᠢᠷ᠎ᠠ ᠶᠢᠨ ᠵᠢᠯ ᠤᠨ ᠲᠤᠷᠰᠢᠬᠢ ᠪᠣᠳᠠᠰ ᠤᠨ ᠪᠤᠰᠤ ᠰᠣᠶᠣᠯ ᠤᠨ ᠥᠪ ᠤᠨ ᠬᠠᠮᠠᠭᠠᠯᠠᠯᠲᠠ ᠶᠢᠨ ᠦᠷ᠎ᠡ ᠪᠦᠲᠦᠮᠵᠢ ᠪᠠ ᠠᠮᠢᠳᠤᠯᠢᠭ ᠦᠢᠯᠡᠳᠦᠯᠭᠡ ᠶᠢ ᠣᠯᠠᠨ ᠲᠠᠯ᠎ᠠ ᠪᠠᠷ ᠳᠡᠯᠭᠡᠨ ᠦᠵᠡᠭᠦᠯᠵᠦ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢᠳ ᠪᠠ ᠠᠵᠢᠯᠯᠠᠭᠰᠠᠳ ᠤᠨ ᠣᠨᠣᠯ ᠤᠨ ᠲᠦᠪᠰᠢᠨ ᠢ ᠳᠡᠭᠡᠭᠰᠢᠯᠡᠭᠦᠯᠬᠦ᠂ ᠬᠠᠮᠠᠭᠠᠯᠠᠯᠲᠠ ᠶᠢᠨ ᠲᠤᠷᠰᠢᠯᠭ᠎ᠠ ᠪᠠᠨ ᠰᠣᠯᠢᠯᠴᠠᠬᠤ᠂ ᠤᠯᠠᠮᠵᠢᠯᠠᠨ ᠵᠠᠯᠭᠠᠮᠵᠢᠯᠠᠬᠤ ᠠᠷᠭ᠎ᠠ ᠵᠠᠮ ᠢ ᠥᠷᠭᠡᠳᠬᠡᠬᠦ ᠳᠤ ᠲᠠᠪᠴᠠᠩ ᠪᠠ ᠠᠵᠠ ᠲᠣᠬᠢᠶᠠᠯ ᠬᠠᠩᠭᠠᠭᠰᠠᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号