ᠡᠨᠡ ᠵᠢᠯ ᠮᠠᠨ ᠤ ᠤᠷᠤᠨ 1500 ᠲᠦᠮᠡᠨ ᠮᠦ ᠠᠴᠠ ᠳᠡᠭᠡᠭᠰᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠᠷ ᠲᠥᠯᠥᠪᠯᠡᠵᠦ ᠪᠣᠶ
ᠨᠡᠶᠢᠲᠡᠯᠡᠭᠰᠡᠨ ᠴᠠᠭ᠄
2024/2/19
    ᠰᠤᠷᠪᠤᠯᠵᠢᠯᠠᠭᠴᠢ 2 ᠰᠠᠷ᠎ᠠ ᠶᠢᠨ 4 ᠤ ᠡᠳᠦᠷ ᠬᠤᠷᠠᠯᠳᠤᠭᠰᠠᠨ ᠪᠥᠬᠦ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠸᠢᠳᠢᠤ᠋ ᠬᠤᠷᠠᠯ ᠠᠴᠠ ᠣᠶᠢᠯᠠᠭᠠᠭᠰᠠᠨ ᠢᠶᠠᠷ᠂ 2024 ᠣᠨ ᠳᠤ ᠮᠠᠨ ᠤ ᠤᠷᠤᠨ 300 ᠲᠦᠮᠡᠨ ᠮᠦ ᠠᠴᠠ ᠳᠡᠭᠡᠭᠰᠢ ᠮᠣᠳᠣ ᠳᠠᠷᠢᠵᠤ᠂ 1300 ᠲᠦᠮᠡᠨ ᠮᠦ ᠠᠴᠠ ᠳᠡᠭᠡᠭᠰᠢ ᠡᠪᠡᠰᠦ ᠳᠠᠷᠢᠵᠤ᠂ 1500 ᠲᠦᠮᠡᠨ ᠮᠦ ᠠᠴᠠ ᠳᠡᠭᠡᠭᠰᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠪᠠᠬᠢ ᠪᠠᠶᠢᠭᠤᠯᠬᠤ ᠪᠠᠷ ᠲᠥᠯᠥᠪᠯᠡᠵᠦ ᠪᠣᠶ᠃    ᠦᠪᠦᠷ ᠮᠤᠩᠭᠤᠯ ︽ᠤᠮᠠᠷᠠᠲᠤ ᠶᠢᠨ ᠭᠤᠷᠪᠠᠨ ᠣᠷᠣᠨ︾ ᠤ 13 ᠮᠤᠵᠢ ᠣᠷᠣᠨ ᠤ ᠳᠣᠲᠣᠷᠠᠬᠢ ᠡᠭᠦᠷᠭᠡ ᠬᠠᠮᠤᠭ ᠤᠨ ᠬᠦᠨᠳᠦ᠂ ᠬᠠᠷᠢᠭᠤᠴᠠᠯᠭ᠎ᠠ ᠬᠠᠮᠤᠭ ᠤᠨ ᠶᠡᠭᠡ ᠮᠤᠵᠢ ᠣᠷᠣᠨ ᠪᠣᠯᠤᠭᠰᠠᠨ ᠤ ᠬᠤᠪᠢ ᠳᠤ᠂ 2024 ᠣᠨ ᠳᠤ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ 90 ᠲᠦᠮᠡᠨ ᠮᠦ ᠠᠴᠠ ᠳᠡᠭᠡᠭᠰᠢ ᠡᠯᠡᠰᠦ ᠶᠢ ᠰᠢᠨ᠎ᠡ ᠡᠨᠧᠷᠭᠢ ᠪᠠᠷ ᠵᠠᠰᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠬᠦ ᠪᠠᠷ ᠴᠢᠷᠮᠠᠶᠢᠵᠦ ᠪᠤᠢ᠃ ᠣᠶ ᠰᠢᠭᠤᠢ ᠨᠤᠲᠤᠭ ᠪᠡᠯᠴᠢᠭᠡᠷ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠣᠶ ᠰᠢᠭᠤᠢ ᠶᠢᠨ ᠶᠠᠰᠤ ᠴᠢᠨᠠᠷ ᠢ ᠤᠨᠤᠴᠠᠲᠠᠢ ᠳᠡᠭᠡᠭᠰᠢᠯᠡᠭᠦᠯᠬᠦ ᠢᠨᠵᠧᠨᠧᠷᠢᠩ᠂ ᠨᠤᠲᠤᠭ ᠪᠡᠯᠴᠢᠭᠡᠷ ᠢ ᠬᠠᠮᠠᠭᠠᠯᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ᠂ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠡᠪᠴᠢᠶᠡᠵᠢᠭᠦᠯᠦᠭᠰᠡᠨ ᠣᠶ ᠰᠢᠭᠤᠢ ᠶᠢᠨ ᠲᠠᠯᠠᠪᠠᠶ ᠶᠢᠨ ᠲᠤᠷᠰᠢᠯᠲᠠ ᠶᠢᠨ ᠴᠡᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠪᠥᠬᠦ ᠵᠢᠯ ᠳᠤ 88.92 ᠲᠦᠮᠡᠨ ᠮᠦ ᠣᠶ ᠰᠢᠭᠤᠢ ᠶᠢ ᠠᠷᠠᠴᠢᠯᠠᠨ ᠪᠤᠶᠢᠵᠢᠭᠤᠯᠬᠤ᠂ 573 ᠲᠦᠮᠡᠨ ᠮᠦ ᠲᠠᠴᠢᠷᠳᠠᠭᠰᠠᠨ ᠨᠤᠲᠤᠭ ᠪᠡᠯᠴᠢᠭᠡᠷ ᠢ ᠰᠡᠷᠭᠦᠭᠡᠨ ᠵᠠᠰᠠᠬᠤ᠂ 12 ᠲᠦᠮᠡᠨ ᠮᠦ ᠭᠤᠣᠯᠳᠠᠯᠭ᠎ᠠ ᠲᠠᠢ ᠣᠷᠣᠨ ᠪᠦᠰᠡ ᠶᠢ ᠨᠣᠭᠤᠭᠠᠷᠠᠭᠤᠯᠬᠤ᠂ 25.5 ᠲᠦᠮᠡᠨ ᠮᠦ ᠬᠡᠪᠴᠢᠶᠡᠵᠢᠭᠦᠯᠦᠭᠰᠡᠨ ᠣᠶ ᠰᠢᠭᠤᠢ ᠶᠢᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠦᠨ᠎ᠡ᠃    ᠡᠭᠦᠨ ᠤ ᠬᠠᠮᠲᠤ᠂ ᠲᠥᠯᠦᠪᠵᠢᠭᠦᠯᠭᠡ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠣᠷᠣᠭᠤᠯᠤᠯᠲᠠ ᠪᠠᠷ ᠭᠤᠣᠯ ᠪᠣᠯᠭᠠᠨ᠂ ᠣᠷᠣᠨ ᠨᠤᠲᠤᠭ ᠤᠨ ᠢᠵᠢ ᠪᠦᠷᠢᠳᠦᠭᠦᠯᠬᠦ ᠪᠠᠷ ᠬᠠᠪᠰᠤᠷᠤᠮᠵᠢ ᠪᠣᠯᠭᠠᠵᠤ᠂ ᠠᠵᠤ ᠠᠬᠤᠶᠢᠯᠠᠯ ᠤᠳ ᠥᠷᠭᠡᠨ ᠢᠶᠠᠷ ᠣᠷᠣᠯᠴᠠᠭᠰᠠᠨ ︽1 + N︾ ᠣᠯᠠᠨ ᠡᠰᠢᠲᠦ ᠣᠷᠣᠭᠤᠯᠤᠯᠲᠠ ᠶᠢᠨ ᠲᠣᠭᠲᠠᠴᠠ ᠶᠢ ᠰᠦᠪᠡᠭᠴᠢᠯᠡᠨ᠂ ᠬᠦᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ᠂ ᠤᠷᠢᠳᠠᠪᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠵᠡᠷᠭᠡ ᠠᠷᠭ᠎ᠠ ᠮᠠᠶ᠋ᠢᠭ ᠢ ᠰᠦᠪᠡᠭᠴᠢᠯᠡᠨ ᠳᠡᠯᠭᠡᠷᠡᠭᠦᠯᠵᠦ᠂ ᠨᠡᠩ ᠣᠯᠠᠨ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠰᠢᠭᠤᠳ ᠣᠷᠣᠯᠴᠠᠭᠤᠯᠵᠤ᠂ ᠡᠷᠭᠢᠨ ᠲᠣᠭᠤᠷᠢᠨ ᠤ ᠮᠤᠵᠢ ᠣᠷᠣᠨ ᠯᠤᠭ᠎ᠠ ᠲᠣᠭᠲᠠᠭᠰᠠᠨ ᠬᠠᠮᠲᠤᠷᠠᠨ ᠰᠡᠷᠭᠡᠶᠢᠯᠡᠵᠦ ᠬᠠᠮᠲᠤᠷᠠᠨ ᠵᠠᠰᠠᠬᠤ ᠬᠤᠷᠰᠢᠯᠴᠠᠭᠠᠨ ᠤ ᠬᠡᠯᠡᠯᠴᠡᠭᠡᠷ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠮᠵᠢᠯᠴᠠᠨ ᠡᠯᠡᠰᠦ ᠶᠢ ᠵᠠᠰᠠᠬᠤ᠂ ᠡᠯᠡᠰᠦ ᠶᠢ ᠬᠠᠮᠢᠶᠠᠷᠬᠤ᠂ ᠡᠯᠡᠰᠦ ᠶᠢ ᠬᠡᠷᠡᠭᠯᠡᠬᠦ ᠠᠵᠢᠯ ᠤᠨ ᠪᠠᠶᠢᠷᠢᠰᠢᠯ ᠢ ᠪᠠᠶᠢᠭᠤᠯᠬᠤ ᠬᠡᠷᠡᠭᠲᠡᠢ ᠬᠡᠪᠡ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号