ᠮᠠᠨ ᠤ ᠤᠷᠤᠨ ᠡᠪᠡᠳᠴᠢᠨ ᠡᠮᠭᠡᠭ ᠲᠠᠢ ᠥᠨᠥᠴᠢᠨ ᠵᠡᠮᠳᠡᠭ ᠬᠡᠦᠬᠡᠳ ᠢ ᠡᠷᠭᠦᠨ ᠲᠡᠵᠢᠭᠡᠬᠦ ᠶᠢ ᠵᠣᠷᠢᠭᠵᠢᠭᠤᠯᠬᠤ ᠲᠤᠬᠠᠶ ᠰᠠᠨᠠᠯ ᠢ ᠨᠡᠶᠢᠲᠡᠯᠡᠯ᠎ᠠ
ᠨᠡᠶᠢᠲᠡᠯᠡᠭᠰᠡᠨ ᠴᠠᠭ᠄
2024/2/19
    ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠰᠤᠷᠭᠠᠨ ᠬᠥᠮᠦᠵᠢᠯ ᠤᠨ ᠲᠢᠩᠬᠢᠮ᠂ ᠡᠳ᠋ ᠤᠨ ᠵᠠᠰᠠᠭ ᠤᠨ ᠲᠢᠩᠬᠢᠮ ᠵᠡᠷᠭᠡ 7 ᠰᠠᠯᠠᠭ᠎ᠠ ᠮᠥᠴᠢᠷ ᠲᠠᠢ ᠬᠠᠮᠲᠤᠷᠠᠨ ︽ᠡᠪᠡᠳᠴᠢᠨ ᠡᠮᠭᠡᠭ ᠲᠠᠢ ᠥᠨᠥᠴᠢᠨ ᠵᠡᠮᠳᠡᠭ ᠬᠡᠦᠬᠡᠳ ᠢ ᠡᠷᠭᠦᠨ ᠲᠡᠵᠢᠭᠡᠬᠦ ᠶᠢ ᠵᠣᠷᠢᠭᠵᠢᠭᠤᠯᠬᠤ ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ᠡᠷᠭᠦᠨ ᠲᠡᠵᠢᠭᠡᠭᠳᠡᠭᠰᠡᠨ ᠡᠪᠡᠳᠴᠢᠨ ᠡᠮᠭᠡᠭ ᠲᠠᠢ ᠥᠨᠥᠴᠢᠨ ᠵᠡᠮᠳᠡᠭ ᠬᠡᠦᠬᠡᠳ ᠲᠤ ᠦᠨᠳᠦᠰᠦᠨ ᠠᠮᠢᠳᠤᠷᠠᠯ ᠤᠨ ᠪᠠᠳᠤᠯᠠᠭ᠎ᠠ᠂ ᠡᠮ ᠡᠮᠨᠡᠯᠭᠡ ᠶᠢᠨ ᠪᠠᠳᠤᠯᠠᠭ᠎ᠠ ᠪᠠ ᠰᠤᠷᠭᠠᠨ ᠬᠥᠮᠦᠵᠢᠯ ᠤᠨ ᠪᠠᠲᠤᠯᠠᠭ᠎ᠠ ᠣᠯᠭᠤᠨ᠎ᠠ ᠭᠡᠵᠡᠢ᠃    ᠡᠷᠭᠦᠨ ᠲᠡᠵᠢᠭᠡᠭᠳᠡᠭᠴᠢ ᠶᠢᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠮᠠᠨ ᠤ ᠣᠷᠣᠨ ᠤ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠳᠤ ᠥᠰᠭᠡᠨ ᠬᠥᠮᠦᠵᠢᠭᠦᠯᠦᠭᠰᠡᠨ ᠡᠪᠡᠳᠴᠢᠨ ᠡᠮᠬᠡᠭ ᠲᠠᠢ ᠵᠡᠮᠳᠡᠭ ᠥᠨᠥᠴᠢᠨ ᠬᠡᠦᠬᠡᠳ ᠪᠠ ᠲᠠᠷᠠᠬᠠᠢ ᠰᠠᠭᠤᠷᠢᠰᠢᠵᠤ ᠪᠠᠶᠢᠭ᠎ᠠ ᠵᠡᠮᠳᠡᠭ ᠥᠨᠥᠴᠢᠨ ᠬᠡᠦᠬᠡᠳ ᠢ ᠬᠠᠤᠯᠢ ᠶᠣᠰᠣᠭᠠᠷ ᠡᠷᠭᠦᠨ ᠲᠡᠵᠢᠭᠡᠭᠰᠡᠨ ᠤ ᠳᠠᠷᠠᠭ᠎ᠠ᠂ ᠪᠦᠬᠦᠯᠢ 18 ᠨᠠᠰᠤᠨ ᠠᠴᠠ ᠡᠮᠦᠨ᠎ᠡ᠂ ᠡᠷᠭᠦᠨ ᠲᠡᠵᠢᠭᠡᠭ ᠴᠢ ᠠᠴᠠ ᠰᠠᠶᠢᠨ ᠳᠤᠷ᠎ᠠ ᠠᠴᠠ ᠪᠠᠨ ᠭᠤᠶᠤᠴᠢᠯᠠᠬᠤ ᠵᠠᠷᠴᠢᠮ ᠶᠣᠰᠣᠭᠠᠷ᠂ ᠳᠡᠰ ᠳᠠᠷᠠᠭᠠᠯᠠᠯ ᠶᠣᠰᠣᠭᠠᠷ᠂ ᠦᠨᠳᠦᠰᠦᠨ ᠠᠮᠢᠳᠤᠷᠠᠯ ᠤᠨ ᠨᠥᠬᠦᠪᠥᠷᠢ ᠭᠤᠶᠤᠴᠢᠯᠠᠵᠤ ᠪᠣᠯᠤᠨ᠎ᠠ᠃    ᠡᠷᠭᠦᠨ ᠲᠡᠵᠢᠭᠡᠭᠳᠡᠭᠴᠢ ᠶᠢᠨ ᠦᠨᠳᠦᠰᠦᠨ ᠡᠮᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠎ᠠ᠃ ᠡᠷᠭᠦᠨ ᠲᠡᠵᠢᠭᠡᠭᠳᠡᠭᠴᠢ ᠪᠦᠬᠦᠯᠢ 18 ᠨᠠᠰᠤ ᠬᠥᠷᠬᠦ ᠠᠴᠠ ᠡᠮᠦᠨ᠎ᠡ᠂ ᠥᠨᠥᠴᠢᠨ ᠬᠡᠦᠬᠡᠳ ᠤᠨ ᠡᠮᠴᠢᠯᠡᠭᠡᠨ ᠤ ᠪᠠᠲᠤᠯᠠᠭ᠎ᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠣᠰᠣᠭᠠᠷ᠂ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠡᠮᠴᠢᠯᠡᠭᠡᠨ ᠤ ᠪᠠᠲᠤᠯᠠᠭ᠎ᠠ ᠶᠢ ᠦᠷᠭᠦᠯᠵᠢᠯᠡᠨ ᠤᠯᠭᠤᠵᠤ᠂ ᠨᠥᠬᠦᠴᠡᠯ ᠳᠤ ᠨᠡᠶᠢᠴᠡᠬᠦ ᠵᠡᠮᠳᠡᠭ ᠬᠡᠦᠬᠡᠳ ᠢ ᠡᠷᠡᠭᠦᠯᠵᠢᠭᠦᠯᠬᠦ ᠠᠪᠤᠷᠠᠨ ᠲᠤᠰᠠᠯᠠᠬᠤ ᠲᠣᠭᠲᠠᠭᠰᠠᠨ ᠴᠡᠭ ᠲᠧ ᠬᠦᠷᠭᠡᠵᠦ᠂ ᠲᠤᠰᠬᠠᠶ ᠮᠡᠷᠭᠡᠵᠢᠯ ᠤᠨ ᠦᠢᠯᠡᠴᠢᠯᠡᠭᠡ ᠭᠥᠷᠳᠡᠭᠡᠨ᠎ᠡ᠂ ᠥᠪᠡᠷᠲᠡᠭᠡᠨ ᠵᠠᠰᠠᠬᠤ ᠣᠷᠣᠨ ᠤ ᠬᠡᠦᠬᠡᠳ ᠤᠨ ᠠᠰᠠᠷᠠᠮᠵᠢ ᠶᠢᠨ ᠪᠠᠶᠢᠭᠤᠯᠤᠮᠵᠢ ᠳᠤ ᠰᠦᠢᠳᠭᠡᠯ ᠬᠤᠷᠢᠶᠠᠬᠤ ᠥᠬᠡᠶ ᠪᠠᠷ ᠡᠷᠡᠭᠦᠯᠵᠢᠯ ᠤᠨ ᠦᠢᠯᠡᠴᠢᠯᠡᠭᠡ ᠭᠥᠷᠳᠡᠭᠡᠨ᠎ᠡ᠃ ᠨᠥᠬᠦᠴᠡᠯ ᠳᠤ ᠨᠡᠶᠢᠴᠡᠬᠦ ᠡᠷᠭᠦᠨ ᠲᠡᠵᠢᠭᠡᠭᠳᠡᠭᠰᠡᠨ ᠬᠡᠦᠬᠡᠳ ᠢ ︽ᠥᠨᠥᠴᠢᠨ ᠬᠡᠦᠬᠡᠳ ᠤᠨ ᠡᠮᠴᠢᠯᠡᠭᠡ ᠡᠷᠡᠭᠦᠯᠵᠢᠯ ᠤᠨ ᠢᠷᠡᠭᠡᠳᠦᠶ ᠶᠢᠨ ᠲᠥᠯᠥᠪᠯᠡᠭᠡ︾ ᠶᠢᠨ ᠲᠥᠷᠥᠯ ᠵᠦᠢᠯ ᠳᠤ ᠦᠷᠭᠦᠯᠵᠢᠯᠡᠨ ᠣᠷᠣᠭᠤᠯᠤᠨ ᠪᠠᠲᠤᠯᠠᠭ᠎ᠠ ᠣᠯᠭᠤᠨ᠎ᠠ᠃   ᠡᠷᠭᠦᠨ ᠲᠡᠵᠢᠭᠡᠭᠳᠡᠭᠴᠢ ᠶᠢᠨ ᠰᠤᠷᠭᠠᠨ ᠬᠥᠮᠦᠵᠢᠯ ᠤᠨ ᠪᠠᠲᠤᠯᠠᠭ᠎ᠠ ᠶᠢ ᠴᠢᠩᠭᠠᠳᠬᠠᠨ᠎ᠠ᠃ ᠨᠥᠬᠦᠴᠡᠯ ᠳᠤ ᠨᠡᠶᠢᠴᠡᠬᠦ ᠡᠷᠭᠦᠨ ᠲᠡᠵᠢᠭᠡᠭᠳᠡᠭᠰᠡᠨ ᠬᠡᠦᠭᠡᠳ ᠲᠣᠭᠲᠠᠭᠠᠯ ᠶᠣᠰᠣᠭᠠᠷ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠠᠴᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤ ᠬᠦᠷᠲᠡᠯᠡᠬᠢ ᠰᠤᠷᠭᠠᠨ ᠬᠥᠮᠦᠵᠢᠯ ᠤᠨ ᠲᠤᠰᠠᠯᠠᠮᠵᠢ ᠶᠢᠨ ᠲᠥᠷᠥ ᠶᠢᠨ ᠪᠣᠳᠣᠯᠭ᠎ᠠ ᠶᠢ ᠬᠦᠷᠲᠡᠵᠦ ᠪᠤᠯᠤᠨ᠎ᠡ᠃ ᠡᠷᠭᠦᠨ ᠲᠡᠵᠢᠭᠡᠭᠳᠡᠭᠴᠢ ᠨᠢ ᠪᠦᠬᠦᠯᠢ 18 ᠨᠠᠰᠤ ᠬᠦᠷᠦᠭᠰᠡᠨ ᠪᠣᠯᠪᠠᠴᠤ ᠮᠥᠨ ᠯᠡ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠤᠶᠤ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ᠂ ᠡᠩ ᠤᠨ ᠪᠦᠬᠦᠯᠢ ᠡᠳᠦᠷ ᠤᠨ ᠳᠦᠷᠢᠮᠲᠦ ᠲᠤᠰᠬᠠᠶ ᠮᠡᠷᠭᠡᠵᠢᠯ ᠤᠨ ᠰᠤᠷᠭᠠᠭᠤᠯᠢ᠂ ᠡᠩ ᠤᠨ ᠪᠦᠬᠦᠯᠢ ᠡᠳᠦᠷ ᠤᠨ ᠳᠦᠷᠢᠮᠲᠦ ᠵᠢᠩᠬᠢᠨᠢ ᠠᠩᠭᠢ ᠶᠢᠨ ᠰᠤᠷᠭᠠᠭᠤᠯᠢ ᠵᠡᠷᠭᠡ ᠳᠡᠭᠡᠳᠦ ᠵᠡᠷᠭᠡ ᠶᠢᠨ ᠰᠤᠷᠭᠠᠭᠤᠯᠢ ᠳᠤ ᠵᠢᠩᠬᠢᠨᠢ ᠠᠩᠭᠢ ᠪᠠ ᠠᠰᠫᠢᠷᠠᠨᠲ ᠢᠶᠠᠷ ᠰᠤᠷᠤᠯᠴᠠᠵᠤ ᠪᠠᠶᠢᠪᠠᠯ᠂ ︽ᠬᠦᠰᠡᠯ ᠵᠡᠭᠦᠳᠦ ᠪᠠᠨ ᠲᠡᠷᠭᠡᠯᠰᠢᠭᠦᠯᠬᠦ ᠥᠨᠥᠴᠢᠨ ᠬᠡᠦᠬᠡᠳ ᠤᠨ ᠰᠤᠷᠤᠯᠭ᠎ᠠ ᠶᠢ ᠲᠡᠳᠬᠦᠬᠦ ᠢᠨᠵᠧᠨᠧᠷᠢᠩ︾ ᠤᠨ ᠲᠥᠷᠥᠯ ᠵᠦᠢᠯ ᠤᠨ ᠲᠤᠰᠠᠯᠠᠬᠤ ᠬᠡᠪᠴᠢᠶᠠᠨ ᠳᠤ ᠣᠷᠣᠭᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号