ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠬᠥᠮᠦᠵᠢᠭᠦᠯᠬᠦ ᠪᠠ ᠬᠡᠷᠡᠭᠯᠡᠬᠦ ᠶᠢ ᠴᠢᠨᠠᠬᠰᠢᠳᠠ ᠴᠢᠩᠭᠠᠳᠬᠠᠬᠤ ᠲᠤᠬᠠᠢ ᠠᠷᠭ᠎ᠠ ᠬᠡᠮᠵᠢᠶ᠎ᠡ ᠨᠦᠭᠦᠳ︾ ᠢ ᠲᠠᠷᠤᠮᠠᠯᠯᠠᠨ ᠲᠠᠷᠬᠠᠭᠠᠪᠠ
ᠨᠡᠶᠢᠲᠡᠯᠡᠭᠰᠡᠨ ᠴᠠᠭ᠄
2024/2/19
   ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ᠂ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠪᠥᠬᠦ ᠲᠠᠯ᠎ᠠ ᠪᠠᠷ ᠬᠥᠮᠦᠵᠢᠭᠦᠯᠦᠨ ᠰᠠᠶᠢᠲᠤᠷ ᠬᠡᠷᠡᠭᠯᠡᠬᠦ ᠶᠢᠨ ᠲᠥᠯᠥᠭᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠣᠶᠢᠷ᠎ᠠ ᠳᠤ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠬᠥᠮᠦᠵᠢᠭᠦᠯᠬᠦ ᠪᠠ ᠬᠡᠷᠡᠭᠯᠡᠬᠦ ᠶᠢ ᠴᠢᠨᠠᠬᠰᠢᠳᠠ ᠴᠢᠩᠭᠠᠳᠬᠠᠬᠤ ᠲᠤᠬᠠᠶ ᠠᠷᠭ᠎ᠠ ᠬᠡᠮᠵᠢᠶ᠎ᠡ ᠨᠦᠭᠦᠳ︾ ︵ᠳᠣᠷᠣᠭᠰᠢ ︽ᠠᠷᠭ᠎ᠠ ᠬᠡᠮᠵᠢᠶ᠎ᠡ ᠨᠦᠭᠦᠳ︾ ᠭᠡᠵᠦ ᠲᠦᠬᠦᠮᠴᠢᠯᠡᠨ᠎ᠡ︶ ᠢ ᠳᠠᠷᠤᠮᠠᠯᠯᠠᠨ ᠲᠠᠷᠬᠠᠭᠠᠪᠠ᠃   ︽ᠠᠷᠭ᠎ᠠ ᠬᠡᠮᠵᠢᠶ᠎ᠡ ᠨᠦᠭᠦᠳ︾ ᠲᠤ᠂ ᠨᠠᠮ ᠤᠨ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠤᠷᠢᠶᠠᠯᠠᠨ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠰᠢᠨᠵᠢᠯᠡᠬᠦ ᠤᠬᠠᠭᠠᠨᠲᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠬᠤ ᠶᠢ ᠵᠣᠷᠢᠭᠵᠢᠭᠤᠯᠵᠤ ᠬᠥᠲᠥᠯᠥᠨ ᠵᠢᠯᠣᠭᠤᠳᠴᠤ᠂ ︽ᠬᠤᠶᠠᠷ ᠪᠥᠮᠪᠦᠭᠡ ᠨᠢᠭᠡ ᠤᠳᠤᠨ︾ ᠤ ᠵᠣᠷᠢᠭ ᠰᠠᠨᠠᠭ᠎ᠠ ᠶᠢ ᠤᠯᠠᠮᠵᠢᠯᠠᠨ᠂ ᠠᠬᠠᠮᠠᠳ ᠨᠢᠭᠡ ᠦᠶ᠎ᠡ ᠶᠢᠨ ᠰᠢᠨᠵᠢᠯᠡᠬᠦ ᠤᠬᠠᠭᠠᠨᠲᠠᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠤᠯᠤᠰ ᠲᠠᠭᠠᠨ ᠵᠢᠳᠬᠦᠬᠦ ᠰᠢᠯᠢᠳᠡᠭ ᠵᠠᠩ ᠴᠢᠨᠠᠷ ᠢ ᠵᠠᠯᠭᠠᠮᠵᠢᠯᠠᠨ ᠪᠠᠳᠠᠷᠠᠭᠤᠯᠵᠤ᠂ ︽ᠳᠥᠷᠪᠡᠨ ᠬᠠᠨᠳᠤᠬᠤ︾ ᠶᠢ ᠪᠠᠷᠢᠮᠲᠠᠯᠠᠵᠤ᠂ ᠵᠣᠷᠢᠭᠲᠠᠶ ᠪᠠᠷ ᠪᠤᠰᠤᠳ ᠠᠴᠠ ᠲᠦᠷᠦᠭᠦᠯᠡᠬᠦ ᠰᠢᠨ᠎ᠡ ᠶᠢ ᠡᠭᠦᠳᠬᠦ ᠢᠲᠡᠭᠡᠯ ᠢᠶᠠᠨ ᠪᠠᠲᠤᠳᠬᠠᠨ᠂ ᠰᠢᠨᠵᠢᠯᠡᠬᠦ ᠤᠬᠠᠭᠠᠨ ᠤ ᠰᠤᠳᠤᠯᠭᠠᠨ ᠤ ᠦᠨᠡᠨᠴᠢ ᠢᠲᠡᠭᠡᠮᠵᠢ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠶᠣᠰᠣ ᠰᠤᠷᠲᠠᠬᠤᠨ᠂ ᠡᠷᠳᠡᠮ ᠰᠢᠨᠵᠢᠯᠡᠭᠡᠨ ᠤ ᠳᠦᠷᠢᠮᠵᠢᠯ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠦᠨᠡᠨ ᠢ ᠪᠠᠷᠢᠮᠲᠠᠯᠠᠨ ᠰᠢᠨ᠎ᠡ ᠶᠢ ᠡᠭᠦᠳᠬᠦ᠂ ᠨᠢᠭᠡ ᠰᠡᠳᠭᠢᠯ ᠢᠶᠠᠷ ᠰᠤᠳᠤᠯᠬᠤ ᠢᠢ ᠪᠠᠲᠤ ᠰᠠᠬᠢᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠪᠡᠶᠡᠯᠡᠭᠦᠯᠬᠦ ᠪᠠ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠦᠴᠦᠷᠬᠡᠭ ᠤᠯᠤᠰ᠂ ᠴᠢᠳᠠᠪᠤᠷᠢᠲᠠᠨ ᠤ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ ᠦᠢᠯᠡᠳᠦᠯᠭᠡ ᠶᠢᠨ ᠳᠤᠮᠳᠠ ᠭᠠᠪᠢᠶ᠎ᠠ ᠪᠠᠶᠢᠭᠤᠯᠵᠤ ᠦᠢᠯᠡᠰ ᠪᠦᠲᠦᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ ᠵᠠᠯᠠᠭᠤ ᠨᠠᠰᠤ ᠪᠠ ᠣᠶᠤᠨ ᠤᠬᠠᠭᠠᠨ ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃    ︽ᠠᠷᠭ᠎ᠠ ᠬᠡᠮᠵᠢᠶ᠎ᠡ ᠨᠦᠭᠦᠳ︾ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠶᠢ ᠬᠥᠲᠥᠯᠥᠨ ᠵᠢᠯᠣᠭᠤᠳᠴᠤ ᠳᠡᠮᠵᠢᠬᠦ ᠬᠡᠷᠡᠭᠲᠡᠶ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠢᠯᠡᠳᠦᠯᠭᠡ ᠳᠤ ᠭᠦᠨᠵᠡᠭᠡᠶᠢᠷᠡᠬᠦ ᠶᠢ ᠵᠣᠷᠢᠭᠵᠢᠭᠤᠯᠵᠤ᠂ ᠪᠣᠳᠠᠲᠤ ᠬᠡᠷᠡᠭᠴᠡᠭᠡ ᠲᠠᠢ ᠪᠠᠨ ᠤᠶᠠᠯᠳᠤᠭᠤᠯᠤᠨ ᠰᠢᠨᠵᠢᠯᠡᠬᠦ ᠤᠬᠠᠭᠠᠨ ᠤ ᠠᠰᠠᠭᠤᠳᠠᠯ ᠢ ᠲᠤᠩᠭᠠᠵᠤ᠂ ᠤᠤᠭᠠᠯ ᠡᠭᠦᠳᠦᠯᠲᠡ᠂ ᠮᠡᠷᠭᠡᠵᠢᠯ ᠤᠨ ᠪᠣᠭᠤᠮᠲᠠ ᠰᠢᠪᠲᠤᠯᠤᠯᠲᠠ᠂ ᠦᠷ᠎ᠡ ᠪᠦᠲᠦᠭᠡᠯ ᠤᠨ ᠤᠨᠳᠤᠤᠰᠢᠭᠤᠯᠤᠯᠲᠠ ᠶᠢ ᠥᠷᠨᠢᠭᠦᠯᠵᠦ᠂ ᠥᠭᠦᠯᠡᠯ ᠢᠶᠠᠨ ᠡᠭᠡ ᠤᠯᠤᠰ ᠤᠨ ᠡᠭᠡ ᠭᠠᠵᠠᠷ ᠳᠡᠭᠡᠷ᠎ᠡ ᠪᠢᠴᠢᠭᠦᠯᠦᠨ᠎ᠡ᠃ ᠠᠵᠢᠯ ᠦᠢᠯᠡᠰ ᠤᠨ ᠨᠢᠭᠡᠴᠢ ᠶᠢᠨ ᠡᠷᠳᠡᠮ ᠰᠢᠨᠵᠢᠯᠡᠭᠡᠨ ᠤ ᠠᠵᠢᠯᠲᠠᠨ ᠤ ᠰᠢᠨ᠎ᠡ ᠶᠢ ᠡᠭᠦᠳᠦᠨ ᠦᠢᠯᠡᠰ ᠪᠤᠰᠬᠠᠬᠤ ᠵᠡᠷᠭᠡ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠶᠡᠭᠡ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠤ ᠪᠠᠶᠢᠭᠤᠯᠤᠮᠵᠢ ᠵᠡᠷᠭᠡ ᠶᠢᠨ ᠡᠷᠳᠡᠮ ᠰᠢᠨᠵᠢᠯᠡᠭᠡᠨ ᠤ ᠴᠢᠳᠠᠪᠤᠷᠢ ᠪᠠᠷ ᠴᠢᠩᠭ᠎ᠠ᠂ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠲᠠᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠰᠣᠩᠭᠤᠨ ᠲᠣᠮᠢᠯᠠᠬᠤ ᠶᠢ ᠳᠠᠮᠵᠢᠨ ᠵᠣᠷᠢᠭᠵᠢᠭᠤᠯᠵᠤ᠂ ᠲᠤᠰᠢᠶᠠᠯ ᠬᠠᠪᠰᠤᠷᠭᠠᠨ ᠰᠢᠨ᠎ᠡ ᠶᠢ ᠡᠭᠦᠳᠬᠦ᠂ ᠤᠷᠲᠤ ᠬᠤᠭᠤᠴᠠᠭ᠎ᠠ ᠪᠠᠷ ᠲᠣᠮᠢᠯᠠᠨ ᠰᠠᠭᠤᠯᠭᠠᠬᠤ᠂ ᠣᠬᠤᠷ ᠬᠤᠭᠤᠴᠠᠭ᠎ᠠ ᠪᠠᠷ ᠬᠠᠮᠲᠤᠷᠠᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠦᠨᠳᠦᠰᠦᠨ ᠱᠠᠲᠤ ᠪᠠ ᠠᠵᠤ ᠠᠬᠤᠶᠢᠯᠠᠯ ᠳᠤ ᠣᠴᠢᠵᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠯᠠᠪᠯᠠᠭ᠎ᠠ ᠬᠢᠬᠦ᠂ ᠦᠢᠯᠡᠳᠬᠦᠨ ᠢ ᠨᠡᠭᠡᠭᠡᠨ ᠬᠥᠭᠵᠢᠭᠦᠯᠬᠦ᠂ ᠦᠷ᠎ᠡ ᠪᠦᠲᠦᠭᠡᠯ ᠢ ᠤᠨᠳᠤᠤᠰᠢᠭᠤᠯᠬᠤ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠵᠡᠷᠭᠡ ᠦᠢᠯᠡᠴᠢᠯᠡᠭᠡ ᠥᠷᠨᠢᠭᠦᠯᠵᠦ᠂ ᠦᠢᠯᠡᠴᠢᠯᠡᠭᠡᠨ ᠤ ᠦᠷ᠎ᠡ ᠪᠦᠲᠦᠮᠵᠢ ᠶᠢ ᠮᠡᠷᠭᠡᠵᠢᠯ ᠤᠨ ᠴᠣᠯᠠ ᠶᠢ ᠬᠢᠨᠠᠨ ᠲᠣᠭᠲᠠᠭᠠᠬᠤ᠂ ᠲᠤᠰᠢᠶᠠᠯ ᠢ ᠳᠡᠪᠰᠢᠭᠦᠯᠬᠦ ᠵᠡᠷᠭᠡ ᠴᠢᠬᠤᠯᠠ ᠯᠠᠪᠯᠠᠯᠲᠠ ᠪᠣᠯᠭᠠᠨ᠎ᠠ ᠭᠡᠵᠦ ᠳᠤᠷᠠᠳᠪᠠ᠃    ︽ᠠᠷᠭ᠎ᠠ ᠬᠡᠮᠵᠢᠶ᠎ᠡ ᠨᠦᠭᠦᠳ︾ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠭᠦᠷᠭᠡ ᠳᠤ ︽ᠨᠢᠷᠤᠭᠤ ᠲᠤᠯᠭᠠᠭᠤᠷᠢ ᠪᠤᠯᠬᠤ︾᠂ ︽ᠭᠤᠣᠯ ᠲᠦᠷᠢ ᠪᠣᠯᠬᠤ︾ ᠢᠢ ᠲᠡᠮᠵᠢᠨ᠎ᠠ᠃ ᠤᠯᠤᠰ ᠤᠨ ᠴᠢᠬᠤᠯᠠ ᠶᠡᠭᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠡᠭᠦᠷᠭᠡ᠂ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠪᠠ ᠪᠠᠴᠢᠮ ᠪᠠᠶᠢᠳᠠᠯ ᠢ ᠠᠷᠭᠠᠴᠠᠭᠠᠬᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠣᠭᠤᠮᠲᠠ ᠰᠢᠪᠲᠤᠯᠬᠤ ᠳᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠵᠣᠷᠢᠭᠲᠠᠶ ᠪᠠᠷ ᠬᠡᠷᠡᠭᠯᠡᠵᠦ᠂ 40 ᠨᠠᠰᠤᠨ ᠠᠴᠠ ᠳᠣᠷᠣᠭᠰᠢᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠲᠥᠷᠥᠯ ᠵᠦᠢᠯ ︵ᠰᠡᠳᠦᠪ︶ ᠤᠨ ᠬᠠᠷᠢᠭᠤᠴᠠᠯᠭᠠᠲᠠᠨ ᠪᠠ ᠭᠤᠤᠯ ᠬᠦᠴᠦᠨ ᠪᠤᠯᠬᠤ ᠬᠠᠷᠢᠴᠠᠯ ᠢ ᠵᠠᠷᠴᠢᠮ ᠳᠡᠭᠡᠷ᠎ᠡ ᠪᠠᠨ 50% ᠠᠴᠠ ᠳᠤᠤᠷ᠎ᠠ ᠪᠠᠶᠢᠯᠭᠠᠵᠤ ᠪᠣᠯᠬᠤ ᠥᠬᠡᠶ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠰᠢᠨᠵᠢᠯᠡᠭᠡᠨ ᠤ ᠰᠠᠯᠠᠭ᠎ᠠ᠂ ᠬᠦᠷᠢᠶ᠎ᠡ ᠠᠯᠤᠰᠯᠠᠨ ᠪᠦᠯᠬᠦᠮ ᠵᠣᠬᠢᠶᠠᠨ ᠪᠠᠶᠢᠭᠤᠯᠵᠤ ᠨᠤᠷᠠᠭᠠᠯᠲᠠ ᠶᠢᠨ ᠴᠢᠨᠠᠷᠲᠠᠶ ᠮᠡᠷᠭᠡᠵᠢᠯ ᠤᠨ ᠰᠢᠨ᠎ᠡ ᠶᠢ ᠡᠭᠦᠳᠬᠦ ᠡᠭᠦᠷᠭᠡ ᠡᠭᠦᠷᠭᠡᠯᠡᠬᠦ ᠶᠢ ᠵᠣᠷᠢᠭᠵᠢᠭᠤᠯᠵᠤ᠂ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠥᠯᠥᠪᠯᠡᠭᠡ ᠶᠢᠨ ᠲᠥᠷᠥᠯ ᠵᠦᠢᠯ ᠢ ᠭᠤᠶᠤᠴᠢᠯᠠᠬᠤ ᠪᠠ ᠡᠭᠦᠷᠭᠡᠯᠡᠬᠦ ᠬᠢᠵᠠᠭᠠᠷ ᠲᠤᠭ᠎ᠠ ᠪᠦᠷᠢᠳᠭᠡᠯ ᠤᠨ ᠬᠡᠪᠴᠢᠶᠡᠨ ᠳᠤ ᠣᠷᠣᠭᠤᠯᠬᠤ ᠥᠬᠡᠶ᠃ ᠤᠯᠤᠰ ᠤᠨ ᠪᠠᠶᠢᠭᠠᠯᠢ ᠶᠢᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠲᠤᠰᠠᠯᠠᠬᠤ ᠬᠡᠪᠴᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠲᠤᠰᠠᠯᠠᠬᠤ ᠲᠥᠷᠥᠯ ᠵᠦᠢᠯ ᠤᠨ ᠲᠣᠭᠠᠨ ᠤ ᠬᠠᠷᠢᠴᠠᠯ ᠢ 45% ᠠᠴᠠ ᠳᠡᠭᠡᠭᠰᠢ ᠪᠠᠶᠢᠯᠭᠠᠬᠤ ᠶᠢ ᠪᠠᠲᠤᠯᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠠᠩᠬᠠᠨ ᠤ ᠡᠭᠦᠳᠦᠯᠲᠡ᠂ ᠬᠤᠰᠢᠭᠤᠷᠠᠯ᠂ ᠰᠣᠯᠪᠢᠴᠠᠯ ᠰᠢᠨᠵᠢᠯᠡᠬᠦ ᠤᠬᠠᠭᠠᠨ ᠤ ᠠᠰᠠᠭᠤᠳᠠᠯ ᠤᠨ ᠰᠤᠳᠤᠯᠭᠠᠨ ᠥᠷᠨᠢᠭᠦᠯᠬᠦ ᠶᠢ ᠳᠡᠮᠵᠢᠨ᠎ᠡ᠃ ᠣᠷᠣᠨ ᠨᠤᠲᠤᠭ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠡᠭᠦᠷᠭᠡ ᠶᠢ ᠬᠡᠷᠡᠭᠵᠢᠭᠦᠯᠬᠦ ᠳᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ ᠤᠯᠤᠰ ᠤᠨ ᠭᠤᠤᠯᠳᠠᠯᠭ᠎ᠠ ᠲᠠᠢ ᠰᠤᠳᠤᠯᠤᠨ ᠨᠡᠭᠡᠭᠡᠬᠦ ᠲᠥᠯᠥᠪᠯᠡᠭᠡ ᠶᠢᠨ ᠵᠠᠯᠠᠭᠤ ᠰᠢᠨᠵᠢᠯᠡᠬᠦ ᠤᠬᠠᠭᠠᠨᠲᠠᠨ ᠤ ᠲᠥᠷᠥᠯ ᠵᠦᠢᠯ ᠢ ᠭᠦᠨᠵᠡᠭᠡᠶ ᠬᠡᠷᠡᠭᠵᠢᠭᠦᠯᠵᠦ᠂ ᠬᠠᠷᠢᠭᠤᠴᠠᠯᠭᠠᠲᠠᠨ ᠤ ᠭᠤᠶᠤᠴᠢᠯᠠᠨ ᠮᠡᠳᠡᠭᠦᠯᠬᠦ ᠨᠠᠰᠤ ᠶᠢ 40 ᠨᠠᠰᠤ ᠬᠦᠷᠲᠡᠯ᠎ᠡ ᠤᠷᠲᠤᠳᠬᠠᠵᠤ᠂ ᠮᠡᠷᠭᠡᠵᠢᠯ ᠤᠨ ᠴᠣᠯᠠ᠂ ᠰᠤᠷᠤᠯᠭ᠎ᠠ ᠶᠢᠨ ᠨᠠᠮᠲᠠᠷ ᠤᠨ ᠬᠢᠵᠠᠭᠠᠷᠯᠠᠯ ᠭᠠᠷᠭᠠᠬᠤ ᠥᠬᠡᠶ ᠪᠠᠶᠢᠵᠤ᠂ ᠲᠠᠬᠢᠨ ᠲᠠᠪᠳᠠᠨ ᠳᠡᠮᠵᠢᠬᠦ ᠲᠣᠭᠲᠠᠴᠠ ᠶᠢ ᠰᠦᠪᠡᠭᠴᠢᠯᠡᠨ ᠬᠡᠷᠡᠭᠵᠢᠭᠦᠯᠵᠦ᠂ ᠵᠠᠷᠤᠳᠠᠯ ᠤᠨ ᠬᠡᠷᠡᠭᠯᠡᠯᠲᠡ ᠳᠤ ᠳᠠᠭᠠᠭᠠᠴᠢᠯᠠᠬᠤ ᠲᠦᠷᠢᠮ ᠢ ᠬᠡᠷᠡᠭᠵᠢᠭᠦᠯᠵᠦ ᠪᠣᠯᠤᠨ᠎ᠠ ᠭᠡᠵᠦ ᠲᠣᠳᠣᠷᠬᠠᠶᠢᠯᠠᠪᠠ᠃    ︽ᠠᠷᠭ᠎ᠠ ᠬᠡᠮᠵᠢᠶ᠎ᠡ ᠨᠦᠭᠦᠳ︾ ᠲᠤ᠂ ᠤᠯᠤᠰ ᠤᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠶᠡᠭᠡ ᠪᠠᠷ ᠬᠥᠮᠦᠵᠢᠭᠦᠯᠦᠨ ᠬᠡᠷᠡᠭᠯᠡᠬᠦ ᠬᠡᠷᠡᠭᠲᠡᠢ᠃ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠰᠢᠨᠵᠢᠯᠡᠬᠦ ᠤᠬᠠᠭᠠᠨ ᠤ ᠰᠤᠳᠤᠯᠭᠠᠨ ᠤ ᠲᠦᠷᠦᠯ ᠵᠦᠢᠯ ᠤᠨ ᠬᠠᠷᠢᠭᠤᠴᠠᠯᠭᠠᠲᠠᠨ ᠵᠢᠴᠢ ᠰᠢᠨᠵᠢᠯᠡᠬᠦ ᠤᠬᠠᠭᠠᠨ ᠤ ᠰᠤᠳᠤᠯᠭᠠᠨ ᠤ ᠭᠤᠣᠯᠯᠠᠭᠴᠢ ᠬᠦᠴᠦᠨ ᠤ ᠡᠩᠨᠡᠭᠡ ᠶᠢ ᠵᠠᠯᠠᠭᠤᠵᠢᠭᠤᠯᠬᠤ ᠶᠢ ᠢᠳᠡᠪᠬᠢᠲᠡᠢ ᠠᠬᠢᠭᠤᠯᠵᠤ᠂ ᠴᠢᠬᠤᠯᠠ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯ ᠤᠨ ᠪᠠᠶᠢᠷᠢ ᠶᠢ ᠨᠡᠩ ᠤᠯᠠᠨ ᠵᠠᠯᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠡᠭᠦᠷᠭᠡᠯᠡᠬᠦ ᠶᠢ ᠠᠬᠢᠭᠤᠯᠬᠤ ᠬᠡᠷᠡᠭᠲᠡᠢ᠃ ᠡᠯ᠎ᠡ ᠲᠥᠷᠥᠯ ᠤᠨ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠢ ᠵᠣᠷᠢᠭᠵᠢᠭᠤᠯᠵᠤ ᠪᠠᠶᠢᠭᠠᠳ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠳᠤ ᠬᠠᠨᠳᠤᠭᠤᠯᠤᠨ ᠪᠡᠶ᠎ᠡ ᠪᠠᠨ ᠳᠠᠭᠠᠭᠠᠵᠤ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠢ ᠪᠠᠶᠢᠭᠤᠯᠵᠤ᠂ 40 ᠨᠠᠰᠤᠨ ᠠᠴᠠ ᠳᠣᠷᠣᠭᠰᠢᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠬᠤᠰᠢᠭᠤᠴᠢᠯᠡᠨ ᠡᠭᠦᠷᠭᠡᠯᠡᠬᠦ ᠬᠠᠷᠢᠴᠠᠯ ᠢ ᠵᠠᠷᠴᠢᠮ ᠳᠡᠭᠡᠷ᠎ᠡ ᠪᠠᠨ 60% ᠠᠴᠠ ᠳᠤᠤᠷ᠎ᠠ ᠪᠠᠶᠢᠯᠭᠠᠵᠤ ᠪᠣᠯᠬᠤ ᠥᠬᠡᠶ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠪᠦᠲᠦᠴᠡ ᠶᠢᠨ ᠬᠠᠷᠢᠴᠠᠯ᠂ ᠰᠢᠨᠵᠢᠯᠡᠬᠦ ᠤᠬᠠᠭᠠᠨ ᠤ ᠰᠤᠳᠤᠯᠭᠠᠨ ᠤ ᠡᠭᠦᠷᠭᠡ ᠶᠢ ᠬᠤᠰᠢᠭᠤᠴᠢᠯᠠᠨ ᠡᠭᠦᠷᠭᠡᠯᠡᠭᠰᠡᠨ᠂ ᠴᠢᠬᠤᠯᠠ ᠶᠡᠭᠡ ᠤᠤᠭᠠᠯ ᠡᠬᠦᠳᠦᠯᠳᠠ ᠶᠢᠨ ᠦᠷ᠎ᠡ ᠪᠦᠲᠦᠭᠡᠯ ᠤᠯᠤᠭᠰᠠᠨ ᠵᠡᠷᠭᠡ ᠬᠦ᠋ᠮᠦᠵᠢᠭᠦᠯᠦᠨ ᠬᠡᠷᠡᠭᠯᠡᠭᠰᠡᠨ ᠪᠠᠶᠢᠳᠠᠯ ᠢ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠰᠠᠭᠤᠷᠢᠨ ᠤ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠬᠦ ᠭᠦᠢᠴᠡᠳᠭᠡᠯ ᠲᠤᠭ᠎ᠠ ᠳᠤ ᠣᠷᠣᠭᠤᠯᠵᠤ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠨ ᠵᠢᠱᠢᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ᠃    ︽ᠠᠷᠭ᠎ᠠ ᠬᠡᠮᠵᠢᠶ᠎ᠡ ᠨᠦᠭᠦᠳ︾ ᠲᠤ᠂ ᠦᠨᠳᠦᠰᠦᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠬᠠᠶᠢᠯᠠᠭᠰᠠᠨ ᠠᠵᠢᠯ ᠤᠨ ᠵᠠᠷᠤᠳᠠᠯ ᠤᠨ ᠠᠵᠢᠯ ᠮᠡᠷᠭᠡᠵᠢᠯ ᠤᠨ ᠠᠩᠬᠠᠨ ᠤ ᠦᠶ᠎ᠡ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠲᠣᠭᠲᠠᠭᠤᠨ ᠢᠶᠠᠷ ᠳᠡᠮᠵᠢᠬᠦ ᠡᠷᠴᠢᠮ ᠢ ᠴᠢᠩᠭᠠᠷᠠᠭᠤᠯᠬᠤ ᠬᠡᠷᠡᠭᠲᠡᠶ᠃ ᠪᠣᠳᠠᠲᠤ ᠬᠡᠷᠡᠭᠴᠡᠭᠡ᠂ ᠬᠡᠷᠡᠭᠯᠡᠭᠰᠡᠨ ᠠᠮᠵᠢᠯᠲᠠ ᠪᠦᠲᠦᠮᠵᠢ᠂ ᠡᠳ᠋ ᠤᠨ ᠵᠠᠰᠠᠭ ᠤᠨ ᠪᠠᠶᠢᠳᠠᠯ ᠢ ᠦᠨᠳᠦᠰᠦᠯᠡᠨ᠂ ᠲᠥᠪ ᠤᠨ ᠶᠡᠭᠡ ᠳᠡᠭᠡᠳᠦ ᠰᠤᠷᠭᠠᠭᠤᠯᠢ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠦᠨᠳᠦᠰᠦᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠬᠠᠶᠢᠯᠠᠭᠰᠠᠨ ᠠᠵᠢᠯ ᠤᠨ ᠵᠠᠷᠤᠳᠠᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠲᠤᠰᠠᠯᠠᠬᠤ ᠬᠡᠪᠴᠢᠶ᠎ᠡ ᠶᠢ ᠠᠯᠬᠤᠮ ᠠᠯᠬᠤᠮ ᠢᠶᠠᠷ ᠥᠷᠭᠡᠳᠭᠡᠵᠦ᠂ ᠠᠮᠵᠢᠯᠲᠠ ᠪᠦᠲᠦᠮᠵᠢ ᠶᠢ ᠦᠨᠡᠯᠡᠭᠰᠡᠨ ᠦᠷ᠎ᠡ ᠳ᠋ᠦᠩ ᠢᠶᠠᠷ ᠭᠤᠤᠯ ᠦᠨᠳᠦᠰᠦᠯᠡᠯ ᠪᠣᠯᠭᠠᠭᠰᠠᠨ ᠬᠥᠳᠡᠯᠦᠩᠭᠦᠶ ᠬᠤᠪᠢᠶᠠᠷᠢᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠤᠨ᠎ᠠ᠃ ᠦᠨᠳᠦᠰᠦᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠬᠠᠶᠢᠯᠠᠭᠰᠠᠨ ᠠᠵᠢᠯ ᠤᠨ ᠵᠠᠷᠤᠳᠠᠯ ᠢ 35 ᠨᠠᠰᠤᠨ ᠠᠴᠠ ᠳᠣᠷᠣᠭᠰᠢᠬᠢ ᠵᠠᠯᠠᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠡᠶ᠎ᠡ ᠪᠠᠨ ᠳᠠᠭᠠᠭᠠᠵᠤ ᠰᠤᠳᠤᠯᠭᠠᠨ ᠥᠷᠨᠢᠭᠦᠯᠬᠦ ᠶᠢ ᠳᠡᠮᠵᠢᠬᠦ ᠳᠤ ᠭᠤᠣᠯᠳᠠᠯᠭ᠎ᠠ ᠲᠠᠢ ᠬᠡᠷᠡᠭᠯᠡᠵᠦ᠂ ᠨᠥᠬᠦᠴᠡᠯ ᠲᠠᠢ ᠨᠢᠭᠡᠴᠢ ᠶᠢᠨ ᠳᠡᠮᠵᠢᠬᠦ ᠬᠠᠷᠢᠴᠠᠯ ᠢ ᠠᠯᠬᠤᠮ ᠠᠯᠬᠤᠮ ᠢᠶᠠᠷ ᠣᠨ ᠤ ᠲᠥᠰᠦᠪ ᠤᠨ 50% ᠠᠴᠠ ᠳᠣᠣᠷ᠎ᠠ ᠦᠭᠡᠢ ᠪᠣᠯᠭᠠᠵᠤ᠂ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠤ ᠤᠯᠤᠰ ᠤᠨ ᠪᠠᠶᠢᠯᠳᠤᠬᠤ ᠪᠤᠳᠤᠯᠭ᠎ᠠ ᠶᠢᠨ ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠬᠦ ᠶᠢ ᠬᠦᠳᠦᠯᠦᠨ ᠵᠢᠯᠣᠭᠤᠳᠴᠤ᠂ ᠬᠤᠰᠢᠭᠤᠷᠠᠯ ᠰᠢᠨᠵᠢᠯᠡᠬᠦ ᠤᠬᠠᠭᠠᠨ ᠤ ᠠᠰᠠᠭᠤᠳᠠᠯ ᠤᠨ ᠰᠤᠳᠤᠯᠭᠠᠨ ᠢ ᠥᠷᠨᠢᠭᠦᠯᠦᠨ᠎ᠡ᠃ ᠡᠯ᠎ᠡ ᠭᠠᠵᠠᠷ ᠤᠨ ᠬᠢᠨ ᠤ ᠦᠨᠳᠦᠰᠦᠨ ᠰᠢᠨᠵᠢᠯᠡᠬᠦ ᠤᠬᠠᠭᠠᠨ ᠤ ᠰᠤᠳᠤᠯᠭᠠᠨ ᠤ ᠲᠤᠬᠠᠶᠢᠯᠠᠭᠰᠠᠨ ᠠᠵᠢᠯ ᠤᠨ ᠵᠠᠷᠤᠳᠠᠯ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠵᠠᠷᠤᠳᠠᠯ ᠤᠨ ᠣᠷᠣᠭᠤᠯᠤᠯᠲᠠ ᠪᠠᠨ ᠨᠡᠮᠡᠭᠳᠡᠭᠦᠯᠬᠦ ᠶᠢ ᠵᠣᠷᠢᠭᠵᠢᠭᠤᠯᠵᠤ᠂ ᠳᠡᠭᠡᠳᠦ ᠵᠡᠷᠭᠡ ᠶᠢᠨ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠠᠵᠢᠯ ᠮᠡᠷᠭᠡᠵᠢᠯ ᠤᠨ ᠠᠩᠬᠠᠨ ᠤ ᠦᠶ᠎ᠡ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠠᠯᠠᠭᠤ ᠴᠢᠳᠠᠪᠤᠷᠢᠲᠠᠨ ᠢ ᠳᠡᠮᠵᠢᠬᠦ ᠪᠠᠨ ᠴᠢᠩᠭᠠᠳᠬᠠᠨ᠎ᠠ ᠭᠡᠵᠦ ᠳᠤᠷᠠᠳᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号