︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠲᠣᠭᠲᠠᠭᠠᠬᠤ ᠳᠦᠷᠢᠮ︾ ᠳᠤ ᠵᠠᠰᠠᠪᠤᠷᠢ ᠣᠷᠣᠭᠤᠯᠬᠤ ᠲᠣᠬᠠᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠣᠭᠳᠠᠭᠠᠯ
ᠨᠡᠶᠢᠲᠡᠯᠡᠭᠰᠡᠨ ᠴᠠᠭ᠄
2024/2/19
   ︵2024 ᠣᠨ ᠤ 2 ᠰᠠᠷ᠎ᠠ ᠶᠢᠨ 2 ᠤᠨ ᠡᠳᠦᠷ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯ ᠠᠴᠠ ᠪᠠᠳᠣᠯᠠᠪᠠ︶   ᠦᠪᠦᠷ ᠮᠤᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠪᠠᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠣᠭᠠᠷ ᠬᠤᠷᠠᠯ ᠠᠴᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠠᠤᠯᠢ ᠲᠣᠭᠲᠠᠭᠠᠬᠤ ᠳᠦᠷᠢᠮ︾ ᠳᠤ ᠲᠤᠤᠷᠠᠬᠢ ᠮᠡᠲᠦ ᠵᠠᠰᠠᠪᠤᠷᠢ ᠣᠷᠣᠭᠤᠯᠬᠤ ᠪᠠᠷ ᠲᠤᠭᠳᠠᠪᠠ᠄   ᠨᠢᠭᠡ᠂ ᠲᠠᠪᠤᠳᠤᠭᠠᠷ ᠵᠦᠢᠯ ᠤᠨ ᠨᠢᠭᠡᠳᠦᠭᠡᠷ ᠪᠠᠳᠠᠭ ᠢ᠄ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠬᠠᠤᠯᠢ ᠲᠣᠭᠲᠠᠭᠠᠬᠤ ᠠᠵᠢᠯᠯᠠᠭ᠎ᠠ ᠳᠤ ᠪᠠᠨ ᠳᠣᠣᠷᠠᠬᠢ ᠵᠢᠯᠤᠭᠤᠳᠬᠤ ᠦᠵᠡᠯ ᠰᠠᠨᠠᠭ᠎ᠠ ᠪᠠ ᠵᠠᠷᠴᠢᠮ ᠢ ᠪᠠᠷᠢᠮᠲᠠᠯᠠᠬᠤ ᠬᠡᠷᠡᠭᠲᠡᠢ᠄   ︽︵ᠨᠢᠭᠡ︶ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ᠂ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠣᠣ ᠫᠢᠩ ᠤᠨ ᠤᠨᠤᠯ᠂ ︿ᠭᠤᠷᠪᠠ ᠶᠢ ᠲᠥᠯᠥᠭᠡᠯᠡᠬᠦ﹀ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠲᠣᠭᠲᠠᠯᠴᠠᠭ᠎ᠠ ᠢᠢᠨ ᠪᠠᠶᠢᠭᠤᠯᠤᠯᠲᠠ ᠶᠢ ᠠᠬᠢᠭᠤᠯᠵᠤ᠂ ᠬᠠᠤᠯᠢ ᠪᠠᠷ ᠵᠠᠰᠠᠬᠤ ᠵᠠᠮ ᠢᠶᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢ ᠪᠠᠲᠤᠯᠠᠬᠤ ᠬᠡᠷᠡᠭᠲᠡᠢ︔   ︽︵ᠬᠤᠶᠠᠷ︶ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠢᠶᠠᠨ ᠪᠣᠯᠭᠠᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠠᠶᠢᠭᠤᠯᠤᠯᠲᠠ ᠢᠢ ᠪᠦᠬᠦ ᠲᠠᠯ᠎ᠠ ᠪᠠᠷ ᠠᠬᠢᠭᠤᠯᠵᠤ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠶᠢᠰᠢ ᠬᠠᠮᠲᠤ ᠪᠠᠷ ᠤᠷᠤᠭᠰᠢᠯᠠᠬᠤ ᠢᠢ ᠠᠬᠢᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠵᠤ᠂ ᠦᠨᠳᠦᠰᠦᠲᠡᠨ ᠤ ᠬᠡᠷᠡᠭ ᠶᠠᠪᠤᠳᠠᠯ ᠢ ᠵᠠᠰᠠᠬᠤ ᠲᠣᠭᠲᠠᠯᠴᠠᠭ᠎ᠠ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠲᠡᠭᠡᠭᠰᠢᠯᠡᠭᠦᠯᠭᠦ ᠬᠡᠷᠡᠭᠲᠡᠢ︔   ︽︵ᠭᠤᠷᠪᠠ︶ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠲᠡ ᠬᠢᠬᠦ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ ᠂ ᠣᠨᠣᠪᠴᠢᠲᠠᠶ᠂ ᠪᠥᠬᠦ ᠲᠠᠯ᠎ᠠ ᠪᠠᠷ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠥᠬᠦ ᠲᠠᠯ᠎ᠠ ᠪᠠᠷ ᠠᠬᠢᠭᠤᠯᠬᠤ ᠶᠢ ᠪᠠᠲᠤᠯᠠᠬᠤ ᠬᠡᠷᠡᠭᠲᠡᠢ︔    ︽︵ᠳᠥᠷᠪᠡ︶ ᠦᠨᠳᠦᠰᠦᠨ ᠬᠠᠤᠯᠢ ᠶᠢᠨ ᠲᠣᠭᠲᠠᠭᠠᠯ᠂ ᠵᠠᠷᠴᠢᠮ ᠪᠠ ᠵᠣᠷᠢᠭ ᠰᠠᠨᠠᠭ᠎ᠠ ᠲᠠᠢ ᠨᠡᠶᠢᠴᠡᠵᠦ᠂ ᠬᠠᠤᠯᠢ ᠪᠠᠷ ᠲᠣᠭᠲᠠᠭᠠᠭᠰᠠᠨ ᠡᠷᠬᠡ ᠶᠢᠨ ᠬᠡᠪᠴᠢᠶ᠎ᠡ ᠪᠠ ᠲᠠᠷᠠᠭᠠᠯᠠᠯ ᠶᠣᠰᠣᠭᠠᠷ ᠤᠯᠤᠰ ᠤᠨ ᠪᠦᠬᠦᠯᠢ ᠴᠣᠭᠴᠠ ᠶᠢᠨ ᠠᠰᠢᠭ ᠲᠤᠰᠠ ᠠᠴᠠ ᠡᠭᠦᠰᠴᠦ᠂ ᠨᠡᠶᠢᠭᠡᠮ ᠵᠢᠷᠤᠮ ᠤᠨ ᠬᠠᠤᠯᠢ ᠳᠦᠷᠢᠮ ᠤᠨ ᠨᠢᠭᠡᠳᠦᠯ᠂ ᠨᠡᠷ᠎ᠡ ᠬᠦᠨᠳᠦ᠂ ᠡᠷᠬᠡ ᠰᠦᠷ ᠢ ᠬᠠᠮᠠᠭᠠᠯᠠᠬᠤ ᠬᠡᠷᠡᠭᠲᠡᠢ︔   ︽︵ᠲᠠᠪᠤ︶ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠪᠠᠷᠢᠮᠲᠠᠯᠠᠨ ᠬᠥᠭᠵᠢᠭᠦᠯᠵᠦ᠂ ᠬᠥᠮᠥᠨ ᠤ ᠡᠷᠬᠡ ᠶᠢ ᠬᠦᠨᠳᠦᠳᠭᠡᠨ ᠪᠠᠲᠤᠯᠠᠵᠤ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠪᠠᠲᠤᠯᠠᠨ ᠠᠬᠢᠭᠤᠯᠬᠤ ᠬᠡᠷᠡᠭᠲᠡᠢ᠃ ᠠᠷᠠᠳ ᠲᠦᠮᠡᠨ ᠤ ᠬᠦᠰᠡᠯ ᠵᠣᠷᠢᠭ ᠢ ᠬᠠᠷᠠᠭᠤᠯᠤᠨ᠂ ᠨᠡᠶᠢᠭᠡᠮ ᠵᠢᠷᠤᠮ ᠤᠨ ᠠᠷᠠᠳᠴᠢᠯᠠᠯ ᠢ ᠪᠠᠳᠠᠷᠠᠭᠤᠯᠵᠤ᠂ ᠬᠠᠤᠯᠢ ᠲᠣᠭᠲᠠᠭᠠᠯᠲᠠ ᠶᠢ ᠢᠯᠡ ᠪᠠᠶᠢᠯᠭᠠᠬᠤ ᠶᠢ ᠪᠠᠷᠢᠮᠲᠠᠯᠠᠨ᠂ ᠠᠷᠠᠳ ᠲᠦᠮᠡᠨ ᠤ ᠤᠯᠠᠨ ᠵᠦᠢᠯ ᠤᠨ ᠠᠷᠭ᠎ᠠ ᠵᠠᠮ ᠢᠶᠠᠷ ᠬᠠᠤᠯᠢ ᠲᠣᠭᠲᠠᠭᠠᠬᠤ ᠠᠵᠢᠯᠯᠠᠭ᠎ᠠ ᠳᠤ ᠣᠷᠤᠯᠴᠠᠬᠤ ᠶᠢ ᠪᠠᠲᠤᠯᠠᠬᠤ ᠬᠡᠷᠡᠭᠲᠡᠢ︔   ︽︵ᠵᠢᠷᠭᠤᠭ᠎ᠠ︶ ᠪᠣᠳᠠᠲᠠᠢ ᠠᠴᠠ ᠡᠭᠦᠰᠴᠦ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠱᠠᠭᠠᠷᠳᠠᠯᠭ᠎ᠠ ᠳᠤ ᠵᠣᠬᠢᠴᠠᠭᠤᠯᠤᠨ᠂ ᠠᠷᠠᠳ ᠢᠷᠭᠡᠳ᠂ ᠬᠠᠤᠯᠢ ᠶᠢᠨ ᠭᠦᠮᠦᠨ ᠪᠠ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠪᠣᠯᠣᠨ ᠡᠭᠦᠷᠭᠡ᠂ ᠲᠦᠷᠦ ᠶᠢᠨ ᠪᠠᠶᠢᠭᠤᠯᠭ᠎ᠠ ᠶᠢᠨ ᠡᠷᠬᠡ ᠪᠠ ᠬᠠᠷᠢᠭᠤᠴᠠᠯᠭ᠎ᠠ ᠶᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠣᠭᠲᠠᠭᠠᠬᠤ ᠬᠡᠷᠡᠭᠲᠡᠢ︔   ︽︵ᠲᠤᠯᠤᠭ᠎ᠠ︶ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠰᠠᠨᠠᠭᠠᠴᠢᠯᠠᠨ ᠪᠠᠳᠠᠷᠠᠭᠤᠯᠵᠤ᠂ ᠬᠠᠤᠯᠢ ᠪᠠᠷ ᠵᠠᠰᠠᠬᠤ ᠪᠠ ᠶᠣᠰᠣ ᠮᠣᠷᠠᠯ ᠢᠶᠠᠷ ᠵᠠᠰᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠨᠡᠶᠢᠭᠡᠮ ᠵᠢᠷᠤᠮ ᠤᠨ ᠤᠶᠤᠨ ᠤ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ︔   ︽︵ᠨᠠᠢᠮᠠ︶ ᠥᠭᠡᠷᠡᠴᠢᠯᠡᠯᠲᠡ ᠶᠢᠨ ᠬᠡᠷᠡᠭᠴᠡᠭᠡ ᠳᠤ ᠵᠣᠬᠢᠴᠠᠭᠤᠯᠤᠨ᠂ ᠬᠠᠤᠯᠢ ᠪᠠᠷ ᠵᠠᠰᠠᠬᠤ ᠪᠠᠶᠢᠳᠠᠯ ᠳᠣᠣᠷ᠎ᠠ ᠥᠭᠡᠷᠡᠴᠢᠯᠡᠯᠲᠡ ᠶᠢ ᠠᠬᠢᠭᠤᠯᠬᠤ ᠪᠠ ᠥᠭᠡᠷᠡᠴᠢᠯᠡᠯᠲᠡ ᠶᠢᠨ ᠳᠤᠮᠳᠠ ᠬᠠᠤᠯᠢ ᠪᠠᠷ ᠵᠠᠰᠠᠬᠤ ᠶᠢ ᠲᠡᠭᠦᠯᠳᠡᠷᠵᠢᠭᠦᠯᠬᠦ ᠶᠢ ᠬᠠᠷᠢᠯᠴᠠᠨ ᠨᠢᠭᠡᠳᠭᠡᠬᠦ ᠶᠢ ᠪᠠᠷᠢᠮᠲᠠᠯᠠᠵᠤ᠂ ᠬᠤᠯᠪᠣᠭᠳᠠᠯ ᠪᠦᠬᠦᠢ ᠥᠭᠡᠷᠡᠴᠢᠯᠡᠯᠲᠡ ᠶᠢ ᠬᠥᠲᠥᠯᠥᠨ ᠵᠢᠯᠤᠭᠤᠳᠴᠤ᠂ ᠲᠦᠯᠬᠢᠨ ᠠᠬᠢᠭᠤᠯᠵᠤ᠂ ᠵᠢᠷᠤᠮᠵᠢᠭᠤᠯᠵᠤ᠂ ᠪᠠᠲᠤᠯᠠᠵᠤ᠂ ᠤᠯᠤᠰ ᠢ ᠵᠠᠰᠠᠬᠤ ᠲᠣᠭᠲᠠᠯᠴᠠᠭ᠎ᠠ ᠪᠠ ᠵᠠᠰᠠᠬᠤ ᠴᠢᠳᠠᠪᠤᠷᠢ ᠶᠢᠨ ᠣᠳᠣᠬᠢᠴᠢᠯᠠᠯᠲᠠ ᠳᠠᠬᠢ ᠬᠠᠤᠯᠢ ᠪᠠᠷ ᠵᠠᠰᠠᠬᠤ ᠶᠢᠨ ᠴᠢᠬᠤᠯᠠ ᠦᠢᠯᠡᠳᠦᠯ ᠢ ᠪᠠᠳᠠᠷᠠᠭᠤᠯᠬᠤ ᠬᠡᠷᠡᠭᠲᠡᠢ︾ ᠭᠡᠵᠦ ᠵᠠᠰᠠᠪᠠ᠃   ᠬᠤᠶᠠᠷ᠂ ᠵᠢᠷᠭᠤᠳᠤᠭᠠᠷ ᠵᠦᠢᠯ ᠳᠤ ᠨᠢᠭᠡ ᠪᠠᠳᠠᠭ ᠨᠡᠮᠡᠵᠦ᠂ ᠨᠢᠭᠡᠳᠦᠭᠡᠷ ᠪᠠᠳᠠᠭ ᠪᠣᠯᠭᠠᠪᠠ᠄ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠰᠢᠨᠵᠢᠯᠡᠬᠦ ᠤᠬᠠᠭᠠᠨᠴᠢ ᠪᠠᠷ ᠬᠠᠤᠯᠢ ᠲᠣᠭᠲᠠᠭᠠᠬᠤ᠂ ᠠᠷᠠᠳᠴᠢᠯᠠᠯ ᠢᠶᠠᠷ ᠬᠠᠤᠯᠢ ᠲᠣᠭᠲᠠᠭᠠᠬᠤ᠂ ᠬᠠᠤᠯᠢ ᠶᠣᠰᠣᠭᠠᠷ ᠬᠠᠤᠯᠢ ᠲᠣᠭᠲᠠᠭᠠᠬᠤ ᠶᠢ ᠪᠠᠷᠢᠮᠲᠠᠯᠠᠵᠤ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠲᠣᠭᠲᠠᠭᠠᠬᠤ᠂ ᠵᠠᠰᠠᠪᠤᠷᠢ ᠣᠷᠣᠭᠤᠯᠬᠤ᠂ ᠬᠦᠴᠦᠨ ᠦᠭᠡᠢ ᠪᠣᠯᠭᠠᠬᠤ᠂ ᠲᠠᠶᠢᠯᠪᠤᠷᠢᠯᠠᠬᠤ ᠵᠡᠷᠭᠡ ᠤᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ᠂ ᠬᠠᠤᠯᠢ ᠲᠣᠭᠲᠠᠭᠠᠯᠲᠠ ᠶᠢᠨ ᠰᠢᠰᠲ᠋ᠧᠮᠲᠦ ᠴᠢᠨᠠᠷ᠂ ᠪᠦᠬᠦᠯᠢ ᠴᠣᠭᠴᠠᠲᠤ ᠴᠢᠨᠠᠷ᠂ ᠬᠠᠮᠵᠢᠯᠴᠠᠭᠠᠲᠤ ᠴᠢᠨᠠᠷ᠂ ᠴᠠᠭ ᠬᠤᠭᠤᠴᠠᠭᠠᠲᠤ ᠴᠢᠨᠠᠷ ᠢ ᠴᠢᠩᠭᠠᠳᠬᠠᠬᠤ ᠬᠡᠷᠡᠭᠲᠡᠢ︾᠃   ᠭᠤᠷᠪᠠ᠂ ᠳᠣᠯᠣᠳᠤᠭᠠᠷ ᠵᠦᠢᠯ ᠢ᠄ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠬᠠᠤᠯᠢ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠵᠣᠬᠢᠴᠠᠭᠤᠯᠬᠤ ᠪᠠᠨ ᠴᠢᠩᠭᠠᠳᠬᠠᠵᠤ᠂ ᠨᠠᠮ ᠤᠨ ᠬᠤᠷᠢᠶ᠎ᠠ ᠠᠴᠠ ᠤᠳᠤᠷᠢᠳᠤᠭᠰᠠᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠢᠶᠠᠷ ᠭᠤᠣᠯᠯᠠᠭᠤᠯᠤᠭᠰᠠᠨ᠂ ᠵᠠᠰᠠᠭ ᠤᠨ ᠣᠷᠳᠣᠨ ᠳᠤ ᠲᠦᠰᠢᠭᠯᠡᠭᠰᠡᠨ᠂ ᠡᠯ᠎ᠡ ᠲᠠᠯ᠎ᠠ ᠶᠢᠨ ᠬᠢᠨ ᠤ ᠣᠷᠣᠯᠴᠠᠭᠰᠠᠨ ᠬᠠᠤᠯᠢ ᠲᠣᠭᠲᠠᠭᠠᠬᠤ ᠪᠠᠶᠢᠷᠢᠰᠢᠯ ᠢ ᠪᠠᠷᠢᠮᠲᠠᠯᠠᠬᠤ ᠬᠡᠷᠡᠭᠲᠡᠢ︾ ᠭᠡᠵᠦ ᠵᠠᠰᠠᠪᠠ᠃   ᠳᠥᠷᠪᠡ᠂ ᠨᠠᠢᠮᠠᠳᠤᠭᠠᠷ ᠵᠦᠢᠯ ᠢ᠄ ︽ᠪᠠᠶᠢᠩᠭᠤ ᠶᠢᠨ ᠬᠤᠷᠢᠶ᠎ᠠ ᠬᠠᠤᠯᠢ ᠲᠣᠭᠲᠠᠭᠠᠬᠤ ᠲᠥᠯᠦᠪᠵᠢᠭᠦᠯᠭᠡ ᠪᠠ ᠣᠨ ᠤ ᠬᠠᠤᠯᠢ ᠲᠣᠭᠲᠠᠭᠠᠬᠤ ᠲᠥᠯᠥᠪᠯᠡᠭᠡ᠂ ᠲᠤᠰᠬᠠᠢ ᠵᠦᠢᠯ ᠤᠨ ᠬᠠᠤᠯᠢ ᠲᠣᠭᠲᠠᠭᠠᠬᠤ ᠲᠥᠯᠥᠪᠯᠡᠭᠡ ᠲᠣᠭᠳᠠᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠠᠤᠯᠢ ᠲᠣᠭᠲᠠᠭᠠᠬᠤ ᠠᠵᠢᠯ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠪᠠᠨ ᠴᠢᠩᠭᠠᠳᠬᠠᠨ᠎ᠠ᠃   ︽ᠪᠠᠶᠢᠩᠭᠤ ᠶᠢᠨ ᠬᠤᠷᠢᠶ᠎ᠠ ᠶᠢᠨ ᠲᠤᠰᠢᠶᠠᠯ ᠤᠨ ᠬᠤᠭᠤᠴᠠᠭ᠎ᠠ ᠪᠦᠷᠢ ᠶᠢᠨ ᠬᠠᠮᠤᠭ ᠰᠡᠭᠦᠯᠴᠢ ᠶᠢᠨ ᠨᠢᠭᠡ ᠵᠢᠯ ᠳᠤ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢᠦᠠ ᠤᠨ ᠬᠤᠷᠠᠯ ᠠᠴᠠ ᠲᠡᠷᠠᠭ᠎ᠠ ᠨᠢᠭᠡ ᠬᠤᠭᠤᠴᠠᠭᠠᠨ ᠤ ᠬᠠᠤᠯᠢ ᠲᠣᠭᠲᠠᠭᠠᠬᠤ ᠲᠥᠯᠦᠪᠵᠢᠭᠦᠯᠭᠡ ᠶᠢᠨ ᠰᠠᠨᠠᠭᠤᠯᠭ᠎ᠠ ᠢᠢᠨ ᠲᠥᠰᠥᠯ ᠢ ᠳᠤᠷᠠᠳᠴᠤ᠂ ᠲᠡᠷᠠᠭ᠎ᠠ ᠨᠢᠭᠡᠨ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢᠦᠠ ᠤᠨ ᠬᠤᠷᠠᠯ ᠠᠴᠠ ᠲᠣᠭᠲᠠᠭᠠᠨ᠎ᠠ᠃ ᠵᠢᠯ ᠪᠦᠷᠢ ᠶᠢᠨ ᠳᠥᠷᠪᠡᠳᠦᠭᠡᠷ ᠤᠯᠠᠷᠢᠯ ᠳᠤ ᠲᠡᠷᠠᠭ᠎ᠠ ᠨᠢᠭᠡ ᠵᠢᠯ ᠤᠨ ᠬᠠᠤᠯᠢ ᠲᠣᠭᠲᠠᠭᠠᠬᠤ ᠲᠥᠯᠥᠪᠯᠡᠭᠡ ᠶᠢ ᠨᠠᠶᠢᠷᠠᠭᠤᠯᠤᠨ᠎ᠠ᠂ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢᠦᠠ ᠤᠨ ᠬᠤᠷᠠᠯ ᠠᠴᠠ ᠲᠣᠭᠲᠠᠭᠠᠨ᠎ᠠ᠃   ︽ᠪᠠᠶᠢᠩᠭᠤ ᠶᠢᠨ ᠬᠤᠷᠢᠶ᠎ᠠ ᠶᠢᠨ ᠬᠠᠤᠯᠢ ᠳᠦᠷᠢᠮ ᠤᠨ ᠠᠵᠢᠯ ᠤᠨ ᠪᠠᠶᠢᠭᠤᠯᠤᠮᠵᠢ ᠨᠢ ᠬᠠᠤᠯᠢ ᠲᠣᠭᠲᠠᠭᠠᠬᠤ ᠲᠥᠯᠦᠪᠵᠢᠭᠦᠯᠭᠡ ᠪᠠ ᠬᠠᠤᠯᠢ ᠲᠣᠭᠲᠠᠭᠠᠬᠤ ᠲᠥᠯᠥᠪᠯᠡᠭᠡ ᠶᠢ ᠨᠠᠶᠢᠷᠠᠭᠤᠯᠬᠤ ᠪᠣᠳᠠᠲᠠᠢ ᠠᠵᠢᠯ ᠢ ᠬᠠᠷᠢᠭᠤᠴᠠᠬᠤ ᠶᠢᠨ ᠬᠠᠮᠲᠤ ᠪᠠᠶᠢᠩᠭᠤ ᠶᠢᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ ᠬᠠᠤᠯᠢ ᠲᠣᠭᠲᠠᠭᠠᠬᠤ ᠲᠥᠯᠦᠪᠵᠢᠭᠦᠯᠭᠡ ᠪᠠ ᠬᠠᠤᠯᠢ ᠲᠣᠭᠲᠠᠭᠠᠬᠤ ᠲᠥᠯᠥᠪᠯᠡᠭᠡ ᠶᠢᠨ ᠨᠠᠶᠢᠳᠠᠪᠤᠷᠢᠵᠢᠭᠤᠯᠤᠯᠲᠠ ᠶᠢ ᠰᠢᠪᠠᠳᠠᠭᠤᠯᠤᠨ᠎ᠠ᠃   ︽ᠲᠣᠭᠤᠷᠢᠭ ᠲᠠᠢ ᠬᠤᠲᠠ ᠪᠣᠯᠣᠨ ᠥᠪᠡᠷᠲᠡᠭᠡᠨ ᠵᠠᠰᠠᠬᠤ ᠬᠤᠰᠢᠭᠤᠨ ᠤ ᠲᠣᠭᠲᠠᠭᠠᠭᠰᠠᠨ ᠬᠠᠤᠯᠢ ᠲᠣᠭᠲᠠᠭᠠᠬᠤ ᠲᠥᠯᠦᠪᠵᠢᠭᠦᠯᠭᠡ ᠪᠠ ᠬᠠᠤᠯᠢ ᠲᠣᠭᠲᠠᠭᠠᠬᠤ ᠲᠥᠯᠥᠪᠯᠡᠭᠡ ᠪᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ︾ ᠭᠡᠵᠦ ᠵᠠᠰᠠᠪᠠ᠃ᠲᠠᠪᠤ᠂ ᠵᠢᠰᠦᠳᠦᠭᠡᠷ ᠵᠦᠢᠯ ᠢ᠄ ︽ᠬᠠᠤᠯᠢ ᠲᠣᠭᠲᠠᠭᠠᠬᠤ ᠲᠥᠯᠦᠪᠵᠢᠭᠦᠯᠭᠡ ᠪᠠ ᠬᠠᠤᠯᠢ ᠲᠣᠭᠲᠠᠭᠠᠬᠤ ᠲᠥᠯᠥᠪᠯᠡᠭᠡ ᠶᠢ ᠨᠠᠶᠢᠷᠠᠭᠤᠯᠬᠤ ᠳᠤ ᠪᠠᠨ ᠲᠥᠯᠥᠭᠡᠯᠡᠭᠴᠢᠳ ᠤᠨ ᠰᠠᠨᠠᠯ ᠵᠥᠪᠯᠡᠯᠭᠡ ᠪᠠ ᠰᠠᠨᠠᠭᠤᠯᠭ᠎ᠠ ᠶᠢ ᠨᠠᠷᠢᠨ ᠬᠢᠨᠠᠮᠠᠭᠠᠢ ᠰᠤᠳᠤᠯᠵᠤ᠂ ᠥᠷᠭᠡᠨ ᠢᠶᠠᠷ ᠰᠠᠨᠠᠯ ᠬᠤᠷᠢᠶᠠᠨ᠂ ᠰᠢᠨᠵᠢᠯᠡᠬᠦ ᠤᠬᠠᠭᠠᠨᠴᠢ ᠪᠠᠷ ᠨᠤᠲᠠᠯᠠᠨ ᠦᠨᠡᠯᠡᠵᠦ᠂ ᠠᠵᠤ ᠠᠬᠤᠢ ᠨᠡᠶᠢᠭᠡᠮ ᠤᠨ ᠬᠥᠭᠵᠢᠯᠲᠡ ᠪᠠ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠡᠷᠡᠭᠴᠡᠭᠡ ᠶᠢ ᠦᠨᠳᠦᠰᠦᠯᠡᠨ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠰᠢᠨ᠎ᠡ ᠪᠠᠷ ᠬᠥᠭᠵᠢᠭᠰᠡᠨ ᠬᠦᠷᠢᠶ᠎ᠡ ᠴᠠᠷᠠᠭ᠎ᠠ ᠶᠢ ᠴᠢᠩᠭᠠᠳᠬᠠᠬᠤ ᠵᠡᠷᠭᠡ ᠬᠠᠤᠯᠢ ᠲᠣᠭᠲᠠᠭᠠᠬᠤ ᠱᠠᠭᠠᠷᠳᠠᠯᠭ᠎ᠠ ᠶᠣᠰᠣᠭᠠᠷ᠂ ᠬᠠᠤᠯᠢ ᠲᠣᠭᠲᠠᠭᠠᠬᠤ ᠲᠥᠷᠥᠯ ᠵᠦᠢᠯ ᠢ ᠲᠣᠭᠲᠠᠭᠠᠵᠤ᠂ ᠬᠠᠤᠯᠢ ᠲᠣᠭᠲᠠᠭᠠᠬᠤ ᠠᠵᠢᠯ ᠤᠨ ᠴᠠᠭ ᠲᠤᠬᠠᠶᠢᠲᠤ ᠴᠢᠨᠠᠷ ᠪᠠ ᠬᠠᠨᠳᠤᠯᠭᠠᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠬᠠᠤᠯᠢ ᠲᠣᠭᠲᠠᠭᠠᠬᠤ ᠲᠥᠯᠦᠪᠵᠢᠭᠦᠯᠭᠡ ᠪᠠ ᠬᠠᠤᠯᠢ ᠲᠣᠭᠲᠠᠭᠠᠬᠤ ᠲᠥᠯᠥᠪᠯᠡᠭᠡ ᠶᠢ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢᠳ ᠤᠨ ᠬᠤᠷᠠᠯᠳᠤᠭᠠᠨ ᠢᠶᠠᠷ ᠪᠠᠲᠤᠯᠠᠵᠤ᠂ ᠪᠠᠶᠢᠩᠭᠤ ᠶᠢᠨ ᠬᠤᠷᠢᠶ᠎ᠠ ᠶᠢᠨ ᠬᠤᠷᠠᠯᠳᠤᠭᠠᠨ ᠳᠤ ᠳᠠᠷᠤᠮᠠᠯᠯᠠᠨ ᠲᠠᠷᠬᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠨ᠎ᠡ︾ ᠭᠡᠵᠦ ᠵᠠᠰᠠᠪᠠ᠃   ᠵᠢᠷᠭᠤᠭ᠎ᠠ᠂ ᠠᠷᠪᠠᠳᠤᠭᠠᠷ ᠵᠦᠢᠯ ᠢ᠄ ︽ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢᠳ ᠤᠨ ᠬᠤᠷᠠᠯ ᠠᠴᠠ ᠪᠠᠶᠢᠩᠭᠤ ᠶᠢᠨ ᠬᠤᠷᠢᠶᠠᠨ ᠳᠤ ᠳᠡᠪᠰᠢᠭᠦᠯᠦᠨ ᠬᠢᠨᠠᠨ ᠵᠥᠪᠯᠡᠭᠦᠯᠭᠦ ᠪᠠᠷ ᠪᠠᠶᠢᠭ᠎ᠠ ᠬᠠᠤᠯᠢ ᠲᠣᠭᠲᠠᠭᠠᠬᠤ ᠲᠥᠷᠥᠯ ᠵᠦᠢᠯ ᠳᠤ ᠬᠤᠯᠪᠣᠭᠳᠠᠯ ᠪᠦᠬᠦᠢ ᠲᠤᠰᠬᠠᠢ ᠵᠥᠪᠯᠡᠯ ᠪᠤᠶᠤ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠠᠵᠢᠯ ᠤᠨ ᠪᠠᠶᠢᠭᠤᠯᠤᠮᠵᠢ ᠰᠠᠨᠠᠯ ᠢᠶᠠᠨ ᠳᠤᠷᠠᠳᠤᠨ᠂ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢᠳ ᠤᠨ ᠬᠤᠷᠠᠯ ᠠᠴᠠ ᠬᠢᠨᠠᠨ ᠲᠣᠭᠲᠠᠭᠠᠨ᠎ᠠ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ᠬᠠᠤᠯᠢ ᠲᠣᠭᠲᠠᠭᠠᠬᠤ ᠲᠥᠷᠥᠯ ᠵᠦᠢᠯ ᠳᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠳᠦᠷᠢᠮ ᠤᠨ ᠠᠵᠢᠯ ᠤᠨ ᠪᠠᠶᠢᠭᠤᠯᠤᠮᠵᠢ ᠰᠠᠨᠠᠯ ᠢᠶᠠᠨ ᠳᠤᠷᠠᠳᠤᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠬᠢᠨᠠᠨ ᠲᠣᠭᠲᠠᠭᠠᠭᠰᠠᠨ ᠤ ᠳᠠᠷᠠᠭ᠎ᠠ ᠳᠤᠷᠠᠳᠤᠨ᠎ᠠ︾ ᠭᠡᠵᠦ ᠵᠠᠰᠠᠪᠠ᠃   ᠲᠤᠯᠤᠭ᠎ᠠ᠂ ᠠᠷᠪᠠᠨ ᠲᠠᠪᠤᠳᠤᠭᠠᠷ ᠵᠦᠢᠯ ᠢ᠄ ︽ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠲᠥᠰᠥᠯ ᠢ ᠨᠣᠣᠷᠠᠭᠯᠠᠬᠤ ᠳᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠠᠵᠢᠯ ᠤᠨ ᠭᠤᠣᠯ ᠰᠢᠵᠢᠮ ᠢᠶᠠᠨ ᠪᠣᠯᠭᠠᠵᠤ᠂ ᠳᠡᠭᠡᠳᠦ ᠪᠠᠶᠢᠷᠢ ᠶᠢᠨ ᠬᠠᠤᠯᠢ ᠶᠢᠨ ᠲᠣᠭᠲᠠᠭᠠᠯ ᠪᠠ ᠤᠯᠤᠰ ᠤᠨ ᠲᠦᠷᠦ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠪᠣᠳᠠᠲᠠᠢ ᠬᠡᠷᠡᠭᠴᠡᠭᠡ ᠳᠤ ᠨᠡᠶᠢᠴᠡᠭᠦᠯᠬᠦ ᠬᠡᠷᠡᠭᠲᠡᠢ᠃   ︽ᠨᠣᠣᠷᠠᠭᠯᠠᠬᠤ ᠰᠠᠯᠠᠭ᠎ᠠ ᠮᠥᠴᠢᠷ ᠪᠠᠶᠢᠴᠠᠭᠠᠨ ᠰᠤᠳᠤᠯᠤᠯᠲᠠ ᠬᠢᠬᠦ᠂ ᠶᠠᠷᠢᠯᠴᠠᠬᠤ᠂ ᠨᠤᠲᠠᠯᠠᠬᠤ᠂ ᠭᠡᠷᠡᠴᠢ ᠰᠣᠨᠣᠰᠬᠤ ᠵᠡᠷᠭᠡ ᠬᠡᠯᠪᠡᠷᠢ ᠪᠠᠷ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠵᠣᠬᠢᠶᠠᠨ ᠪᠠᠶᠢᠭᠤᠯᠤᠯᠲᠠ ᠪᠠ ᠨᠡᠶᠢᠭᠡᠮ ᠨᠡᠶᠢᠳᠡ ᠵᠡᠷᠭᠡ ᠡᠯ᠎ᠡ ᠲᠠᠯ᠎ᠠ ᠶᠢᠨ ᠬᠢᠨ ᠤ ᠰᠠᠨᠠᠯ ᠢ ᠥᠷᠭᠡᠨ ᠢᠶᠠᠷ ᠰᠣᠨᠣᠰᠬᠤ ᠬᠡᠷᠡᠭᠲᠡᠢ︾ ᠭᠡᠵᠦ ᠵᠠᠰᠠᠪᠠ᠃   ᠨᠠᠢᠮᠠ᠂ ᠬᠤᠷᠢᠳᠤᠭᠠᠷ ᠵᠦᠢᠯ ᠢ᠄ ︽ᠪᠠᠶᠢᠩᠭᠤ ᠶᠢᠨ ᠬᠤᠷᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠷᠠᠯ ᠳᠤ ᠳᠡᠪᠰᠢᠭᠦᠯᠦᠨ ᠬᠢᠨᠠᠨ ᠵᠥᠪᠯᠡᠭᠦᠯᠬᠦ ᠪᠠᠷ ᠲᠣᠭᠲᠠᠭᠠᠭᠰᠠᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠵᠥᠪᠯᠡᠯᠭᠡ ᠶᠢ ᠬᠤᠷᠠᠯ ᠬᠤᠷᠠᠯᠳᠤᠭᠤᠯᠬᠤ ᠠᠴᠠ ᠨᠢᠭᠡ ᠰᠠᠷ᠎ᠠ ᠶᠢᠨ ᠡᠮᠦᠨ᠎ᠡ ᠲᠥᠯᠥᠭᠡᠯᠡᠭᠴᠢᠳ ᠲᠤ ᠲᠠᠷᠬᠠᠭᠠᠨ ᠥᠭᠬᠦ ᠬᠡᠷᠡᠭᠲᠡᠢ ᠪᠥᠭᠡᠳ ᠴᠠᠭ ᠲᠤᠬᠠᠢ ᠳᠤ ᠨᠢ ᠲᠥᠯᠥᠭᠡᠯᠡᠭᠴᠢᠳ ᠢ ᠵᠣᠬᠢᠶᠠᠨ ᠪᠠᠶᠢᠭᠤᠯᠤᠨ ᠰᠤᠳᠤᠯᠤᠨ ᠶᠠᠷᠢᠯᠴᠠᠭᠤᠯᠵᠤ᠂ ᠲᠥᠯᠥᠭᠡᠯᠡᠭᠴᠢᠳ ᠤᠨ ᠰᠠᠨᠠᠯ ᠢ ᠬᠤᠷᠢᠶᠠᠵᠤ ᠪᠣᠯᠣᠨ᠎ᠠ︾ ᠭᠡᠵᠦ ᠵᠠᠰᠠᠪᠠ᠃   ᠶᠢᠰᠦ᠂ ᠭᠤᠴᠢᠳᠤᠭᠠᠷ ᠵᠦᠢᠯ ᠢ᠄ ︽ᠬᠤᠯᠪᠣᠭᠳᠠᠯ ᠪᠦᠬᠦᠢ ᠲᠤᠰᠬᠠᠢ ᠵᠥᠪᠯᠡᠯ ᠪᠤᠶᠤ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠠᠵᠢᠯ ᠤᠨ ᠪᠠᠶᠢᠭᠤᠯᠤᠮᠵᠢ ᠨᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠵᠥᠪᠯᠡᠯᠭᠡ ᠶᠢᠨ ᠴᠢᠬᠤᠯᠠ ᠴᠢᠨᠠᠷ᠂ ᠬᠠᠤᠯᠢ ᠶᠣᠰᠣᠲᠤ ᠴᠢᠨᠠᠷ᠂ ᠬᠡᠷᠡᠭᠵᠢᠭᠦᠯᠦᠭᠳᠡᠬᠦ ᠪᠣᠯᠣᠮᠵᠢᠲᠤ ᠴᠢᠨᠠᠷ ᠢ ᠬᠢᠨᠠᠨ ᠪᠠᠶᠢᠴᠠᠭᠠᠬᠤ ᠶᠢᠨ ᠬᠠᠮᠲᠤ ᠲᠡᠭᠦᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠤᠨ ᠱᠠᠭᠠᠷᠳᠠᠯᠭ᠎ᠠ ᠲᠠᠢ ᠨᠡᠶᠢᠴᠡᠬᠦ ᠡᠰᠡᠬᠦ ᠶᠢ ᠬᠢᠨᠠᠨ ᠪᠠᠶᠢᠴᠠᠭᠠᠵᠤ᠂ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢᠳ ᠤᠨ ᠬᠤᠷᠠᠯ ᠳᠤ ᠬᠢᠨᠠᠨ ᠪᠠᠶᠢᠴᠠᠭᠠᠭᠰᠠᠨ ᠰᠠᠨᠠᠯ ᠤᠨ ᠮᠡᠳᠡᠭᠦᠯᠦᠯᠲᠡ ᠳᠤᠷᠠᠳᠤᠨ᠂ ᠪᠠᠶᠢᠩᠭᠤ ᠶᠢᠨ ᠬᠤᠷᠢᠶ᠎ᠠ ᠶᠢᠨ ᠬᠤᠷᠠᠯ ᠳᠤ ᠳᠠᠷᠤᠮᠠᠯᠯᠠᠨ ᠲᠠᠷᠬᠠᠭᠠᠬᠤ ᠬᠡᠷᠡᠭᠲᠡᠢ︾ ᠭᠡᠵᠦ ᠵᠠᠰᠠᠪᠠ᠃   ᠠᠷᠪᠠ᠂ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠪᠠᠳᠠᠭ ᠢ᠄ ︽ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠥᠪᠯᠡᠬᠦ ᠵᠦᠢᠯ ᠳᠤ ᠣᠷᠣᠭᠤᠯᠤᠭᠰᠠᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠵᠥᠪᠯᠡᠯᠭᠡ ᠶᠢ ᠶᠡᠷᠦ ᠳᠤ ᠪᠠᠨ ᠬᠤᠶᠠᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠢᠶᠠᠷ ᠬᠢᠨᠠᠨ ᠵᠥᠪᠯᠡᠭᠰᠡᠨ ᠤ ᠲᠠᠷᠠᠭ᠎ᠠ ᠪᠠᠲᠤᠯᠠᠭᠤᠯᠬᠤ ᠪᠠᠷ ᠲᠤᠰᠢᠶᠠᠬᠤ ᠬᠡᠷᠡᠭᠲᠡᠢ᠂ ᠲᠠᠷᠠᠭᠠᠴᠢ ᠶᠢᠨ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠳᠡᠭᠡᠷ᠎ᠡ ᠪᠠᠲᠤᠯᠠᠭᠤᠯᠬᠤ ᠪᠠᠷ ᠲᠤᠰᠢᠶᠠᠭᠰᠠᠨ ᠴᠤ ᠪᠣᠯᠣᠨ᠎ᠠ︔ ᠲᠣᠬᠢᠷᠠᠭᠤᠯᠬᠤ ᠵᠦᠢᠯᠡᠰ ᠨᠢ ᠲᠠᠩ ᠴᠤᠯᠭᠤᠢ᠂ ᠬᠡᠰᠡᠭ ᠲᠠᠯ᠎ᠠ ᠪᠠᠷ ᠵᠠᠰᠠᠪᠤᠷᠢ ᠤᠷᠤᠭᠤᠯᠬᠤ ᠪᠤᠶᠤ ᠬᠦᠴᠦᠨ ᠦᠭᠡᠢ ᠪᠤᠯᠭᠠᠬᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠵᠥᠪᠯᠡᠯᠭᠡ ᠳᠤ ᠡᠯ᠎ᠡ ᠲᠠᠯ᠎ᠠ ᠶᠢᠨ ᠬᠢᠨ ᠤ ᠰᠠᠨᠠᠯ ᠨᠡᠯᠢᠶᠡᠳ ᠨᠢᠭᠡᠳᠦᠯ ᠲᠠᠢ ᠪᠤᠶᠤ ᠪᠠᠴᠢᠮ ᠪᠠᠶᠢᠳᠠᠯ ᠲᠣᠬᠢᠶᠠᠯᠳᠤᠪᠠᠯ᠂ ᠨᠢᠭᠡ ᠤᠳᠠᠭᠠᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠢᠶᠠᠷ ᠬᠢᠨᠠᠨ ᠵᠥᠪᠯᠡᠭᠰᠡᠨ ᠤ ᠲᠠᠷᠠᠭ᠎ᠠ ᠪᠠᠲᠤᠯᠠᠭᠤᠯᠬᠤ ᠪᠠᠷ ᠲᠤᠰᠢᠶᠠᠭᠰᠠᠨ ᠴᠤ ᠪᠣᠯᠣᠨ᠎ᠠ︾ ᠭᠡᠵᠦ ᠵᠠᠰᠠᠪᠠ᠃   ᠠᠷᠪᠠᠨ ᠨᠢᠭᠡ᠂ ᠭᠤᠴᠢᠨ ᠵᠢᠷᠭᠤᠳᠤᠭᠠᠷ ᠵᠦᠢᠯ ᠢ᠄ ︽ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠵᠥᠪᠯᠡᠯᠬᠡ ᠶᠢ ᠪᠠᠶᠢᠩᠭᠤ ᠶᠢᠨ ᠬᠤᠷᠢᠶ᠎ᠠ ᠶᠢᠨ ᠬᠤᠷᠠᠯ ᠢᠶᠠᠷ ᠲᠦᠷᠦᠭᠦᠦ ᠤᠳᠠᠭ᠎ᠠ ᠬᠢᠨᠠᠨ ᠵᠥᠪᠯᠡᠭᠰᠡᠨ ᠤ ᠳᠠᠷᠠᠭ᠎ᠠ᠂ ᠬᠠᠤᠯᠢ ᠳᠦᠷᠢᠮ ᠤᠨ ᠵᠥᠪᠯᠡᠯ ᠪᠠᠶᠢᠩᠭᠤ ᠶᠢᠨ ᠬᠤᠷᠢᠶ᠎ᠠ ᠶᠢᠨ ᠪᠦᠷᠢᠯᠳᠦᠭᠦᠨ᠂ ᠬᠤᠯᠪᠣᠭᠳᠠᠯ ᠪᠦᠬᠦᠢ ᠲᠤᠰᠬᠠᠢ ᠵᠥᠪᠯᠡᠯ ᠪᠤᠶᠤ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠠᠵᠢᠯ ᠤᠨ ᠪᠠᠶᠢᠭᠤᠯᠤᠮᠵᠢ ᠪᠣᠯᠣᠨ ᠪᠤᠰᠤᠳ ᠡᠯ᠎ᠡ ᠲᠠᠯ᠎ᠠ ᠶᠢᠨ ᠬᠢᠨ ᠤ ᠳᠤᠷᠠᠳᠤᠭᠰᠠᠨ ᠰᠠᠨᠠᠯ ᠢ ᠦᠨᠳᠦᠰᠦᠯᠡᠵᠦ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠵᠥᠪᠯᠡᠯᠭᠡ ᠶᠢ ᠨᠢᠭᠡᠳᠦᠯᠲᠡᠢ ᠬᠢᠨᠠᠨ ᠵᠥᠪᠯᠡᠵᠦ᠂ ᠬᠢᠨᠠᠨ ᠵᠥᠪᠯᠡᠭᠰᠡᠨ ᠦᠷ᠎ᠡ ᠳ᠋ᠦᠩ ᠤᠨ ᠮᠡᠳᠡᠭᠦᠯᠦᠯᠲᠡ ᠪᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠲᠥᠰᠥᠯ ᠳᠤ ᠵᠠᠰᠠᠪᠤᠷᠢ ᠣᠷᠣᠭᠤᠯᠤᠭᠰᠠᠨ ᠨᠣᠣᠷᠠᠭ ᠢ ᠳᠤᠷᠠᠳᠴᠤ᠂ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢᠦᠠ ᠤᠨ ᠬᠤᠷᠠᠯ ᠢᠶᠠᠷ ᠲᠣᠭᠲᠠᠭᠠᠭᠰᠠᠨ ᠤ ᠲᠠᠷᠠᠭ᠎ᠠ᠂ ᠪᠠᠶᠢᠩᠭᠤ ᠶᠢᠨ ᠬᠤᠷᠢᠶ᠎ᠠ ᠶᠢᠨ ᠬᠤᠷᠠᠯ ᠳᠤ ᠬᠤᠶᠠᠳᠡᠬᠢ ᠤᠳᠠᠭ᠎ᠠ ᠬᠢᠨᠠᠨ ᠵᠥᠪᠯᠡᠭᠦᠯᠭᠦ ᠪᠠᠷ ᠳᠡᠪᠰᠢᠭᠦᠯᠦᠨ᠎ᠡ᠃ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠵᠥᠪᠯᠡᠯᠭᠡ ᠶᠢᠨ ᠲᠤᠬᠠᠢ ᠴᠢᠬᠤᠯᠠ ᠰᠠᠨᠠᠯ ᠨᠢᠭᠡᠳᠬᠦ ᠦᠭᠡᠢ ᠦᠶᠡᠰ᠂ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢᠳ ᠤᠨ ᠬᠤᠷᠠᠯ ᠳᠤ ᠮᠡᠳᠡᠭᠦᠯᠬᠦ ᠬᠡᠷᠡᠭᠲᠡᠢ᠃ ᠬᠤᠯᠪᠣᠭᠳᠠᠯ ᠪᠦᠬᠦᠢ ᠲᠤᠰᠬᠠᠢ ᠵᠥᠪᠯᠡᠯ ᠤᠨ ᠴᠢᠬᠤᠯᠠ ᠰᠠᠨᠠᠯ ᠢ ᠥᠯᠥ ᠭᠥᠯᠢᠶᠡᠨ ᠠᠪᠤᠭᠰᠠᠨ ᠪᠠᠶᠢᠪᠠᠯ᠂ ᠬᠤᠯᠪᠣᠭᠳᠠᠯ ᠪᠦᠬᠦᠢ ᠲᠤᠰᠬᠠᠢ ᠵᠥᠪᠯᠡᠯ ᠳᠤ ᠬᠠᠷᠢᠭᠤ ᠲᠤᠰᠬᠠᠬᠤ ᠬᠡᠷᠡᠭᠲᠡᠢ᠃   ︽ᠬᠠᠤᠯᠢ ᠳᠦᠷᠢᠮ ᠤᠨ ᠵᠥᠪᠯᠡᠯ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠵᠥᠪᠯᠡᠯᠭᠡ ᠶᠢ ᠬᠢᠨᠠᠨ ᠵᠥᠪᠯᠡᠭᠦ ᠦᠶᠡᠰ ᠬᠤᠯᠪᠣᠭᠳᠠᠯ ᠪᠦᠬᠦᠢ ᠲᠤᠰᠬᠠᠢ ᠵᠥᠪᠯᠡᠯ ᠤᠨ ᠪᠦᠷᠢᠯᠳᠦᠭᠦᠨ ᠢ ᠤᠷᠢᠵᠤ ᠬᠤᠷᠠᠯ ᠳᠤ ᠰᠤᠯᠠ ᠣᠷᠣᠯᠴᠠᠭᠤᠯᠵᠤ᠂ ᠰᠠᠨᠠᠯ ᠢ ᠨᠢ ᠶᠠᠷᠢᠭᠤᠯᠬᠤ ᠬᠡᠷᠡᠭᠲᠡᠢ︾ ᠭᠡᠵᠦ ᠵᠠᠰᠠᠪᠠ᠃   ᠠᠷᠪᠠᠨ ᠬᠤᠶᠠᠷ᠂ ᠭᠤᠴᠢ ᠵᠢᠰᠦᠳᠦᠭᠡᠷ ᠵᠦᠢᠯ ᠢ᠄ ︽ᠬᠠᠤᠯᠢ ᠳᠦᠷᠢᠮ ᠤᠨ ᠵᠥᠪᠯᠡᠯ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠵᠥᠪᠯᠡᠯᠭᠡ ᠶᠢ ᠬᠢᠨᠠᠨ ᠵᠥᠪᠯᠡᠭᠦ ᠦᠶᠡᠰ᠂ ᠪᠦᠭᠦᠳᠡ ᠬᠤᠷᠠᠯ ᠬᠤᠷᠠᠯᠳᠤᠭᠤᠯᠵᠤ ᠬᠢᠨᠠᠨ ᠵᠥᠪᠯᠡᠭᠦ ᠬᠡᠷᠡᠭᠲᠡᠢ᠂ ᠬᠡᠷᠡᠭᠴᠡᠭᠡ ᠪᠠᠨ ᠦᠨᠳᠦᠰᠦᠯᠡᠨ᠂ ᠬᠤᠯᠪᠣᠭᠳᠠᠯ ᠪᠦᠬᠦᠢ ᠪᠠᠶᠢᠭᠤᠯᠭ᠎ᠠ᠂ ᠵᠣᠬᠢᠶᠠᠨ ᠪᠠᠶᠢᠭᠤᠯᠤᠯᠲᠠ ᠶᠢ ᠬᠠᠮᠢᠶ᠎ᠠ ᠪᠦᠬᠦᠢ ᠬᠠᠷᠢᠭᠤᠴᠠᠯᠭᠠᠲᠠᠨ ᠲᠣᠮᠢᠯᠠᠨ ᠪᠠᠶᠢᠳᠠᠯ ᠢ ᠲᠣᠳᠣᠷᠬᠠᠶᠢᠯᠠᠭᠤᠯᠬᠤ ᠪᠠᠷ ᠱᠠᠭᠠᠷᠳᠠᠵᠤ ᠪᠣᠯᠣᠨ᠎ᠠ︾ ᠭᠡᠵᠦ ᠵᠠᠰᠠᠪᠠ᠃   ᠠᠷᠪᠠᠨ ᠭᠤᠷᠪᠠ᠂ ᠳᠥᠴᠢᠳᠦᠭᠡᠷ ᠵᠦᠢᠯ ᠤᠨ ᠳᠥᠷᠪᠡᠳᠦᠭᠡᠷ ᠪᠠᠳᠠᠭ ᠢ ︽ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠠᠵᠢᠯ ᠤᠨ ᠪᠠᠶᠢᠭᠤᠯᠤᠮᠵᠢ ‍ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠲᠥᠰᠥᠯ ᠢ ᠬᠠᠮᠢᠶ᠎ᠠ ᠪᠦᠬᠦᠢ ᠬᠦᠷᠢᠶ᠎ᠡ ᠬᠡᠪᠴᠢᠶᠡᠨ ᠳᠠᠬᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠳᠣᠣᠷᠠᠳᠤ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠵᠣᠬᠢᠶᠠᠨ ᠪᠠᠶᠢᠭᠤᠯᠤᠯᠲᠠ ᠪᠠ ᠲᠤᠰᠬᠠᠢ ᠮᠡᠷᠭᠡᠵᠢᠯᠲᠡᠨ ᠳᠤ ᠬᠦᠷᠭᠡᠨ ᠰᠠᠨᠠᠯ ᠬᠤᠷᠢᠶᠠᠬᠤ ᠬᠡᠷᠡᠭᠲᠡᠢ︾ ᠭᠡᠵᠦ ᠵᠠᠰᠠᠪᠠ᠃   ᠠᠷᠪᠠᠨ ᠳᠥᠷᠪᠡ᠂ ᠳᠥᠴᠢᠨ ᠳᠣᠯᠣᠳᠤᠭᠠᠷ ᠵᠦᠢᠯ ᠢ᠄ ︽ᠡᠯ᠎ᠡ ᠲᠠᠯ᠎ᠠ ᠶᠢᠨ ᠬᠢᠨ ᠤ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠬᠢᠨᠠᠨ ᠵᠥᠪᠯᠡᠭᠦ ᠳᠤ ᠣᠷᠣᠭᠤᠯᠤᠭᠰᠠᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠵᠥᠪᠯᠡᠯᠭᠡ ᠶᠢᠨ ᠬᠠᠤᠯᠢ ᠲᠣᠭᠲᠠᠭᠠᠬᠤ ᠴᠢᠬᠤᠯᠠ ᠴᠢᠨᠠᠷ᠂ ᠭᠡᠷᠡᠭᠵᠢᠭᠦᠯᠦᠭᠳᠡᠭᠦ ᠪᠣᠯᠣᠮᠵᠢᠲᠤ ᠴᠢᠨᠠᠷ ᠵᠡᠷᠭᠡ ᠴᠢᠬᠤᠯᠠ ᠶᠡᠭᠡ ᠠᠰᠠᠭᠤᠳᠠᠯ ᠤᠨ ᠲᠤᠬᠠᠢ ᠨᠡᠯᠢᠶᠡᠳ ᠶᠡᠭᠡ ᠰᠠᠨᠠᠯ ᠵᠥᠷᠢᠯᠳᠦᠭᠡᠨ ᠲᠠᠢ ᠠᠴᠠ ᠪᠣᠯᠵᠤ᠂ ᠬᠢᠨᠠᠨ ᠵᠥᠪᠯᠡᠭᠦ ᠪᠠᠨ ᠪᠣᠯᠢᠭᠠᠳ ᠪᠦᠬᠦᠯᠢ ᠬᠤᠶᠠᠷ ᠵᠢᠯ ᠲᠠᠯᠪᠢᠭᠰᠠᠨ᠂ ᠡᠰᠡᠬᠦᠯ᠎ᠡ ᠲᠦᠷ ᠪᠠᠲᠤᠯᠠᠭᠤᠯᠬᠤ ᠪᠠᠨ ᠪᠣᠯᠢᠵᠤ ᠬᠤᠶᠠᠷ ᠵᠢᠯ ᠥᠩᠭᠡᠷᠡᠭᠡᠭᠡᠳ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠥᠪᠯᠡᠬᠦ ᠵᠦᠢᠯ ᠳᠤ ᠬᠢᠨᠠᠨ ᠵᠥᠪᠯᠡᠭᠦᠯᠭᠦ ᠪᠠᠷ ᠲᠠᠬᠢᠨ ᠥᠯᠥ ᠣᠷᠣᠭᠤᠯᠤᠭᠰᠠᠨ ᠪᠠᠶᠢᠪᠠᠯ᠂ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢᠳ ᠤᠨ ᠬᠤᠷᠠᠯ ᠠᠴᠠ ᠬᠢᠨᠠᠨ ᠵᠥᠪᠯᠡᠭᠦ ᠶᠢ ᠵᠣᠭᠰᠤᠭᠠᠬᠤ ᠪᠠᠷ ᠲᠣᠭᠲᠠᠭᠠᠵᠤ ᠪᠣᠯᠬᠤ ᠪᠥᠭᠡᠳ ᠪᠠᠶᠢᠩᠭᠤ ᠶᠢᠨ ᠬᠤᠷᠢᠶᠠᠨ ᠳᠤ ᠮᠡᠳᠡᠭᠦᠯᠵᠦ ᠪᠣᠯᠣᠨ᠎ᠠ︔ ᠴᠢᠬᠤᠯᠠᠲᠠᠢ ᠦᠶ᠎ᠡ ᠳᠤ᠂ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢᠦᠠ ᠤᠨ ᠬᠤᠷᠠᠯ ᠬᠢᠨᠠᠨ ᠵᠥᠪᠯᠡᠭᠦᠯᠭᠦ ᠶᠢ ᠬᠤᠶᠢᠰᠢᠯᠠᠭᠤᠯᠬᠤ ᠪᠠᠷ ᠲᠣᠭᠲᠠᠭᠠᠭᠰᠠᠨ ᠴᠤ ᠪᠣᠯᠣᠨ᠎ᠠ︾ ᠭᠡᠵᠦ ᠵᠠᠰᠠᠪᠠ᠃   ᠠᠷᠪᠠᠨ ᠲᠠᠪᠤ᠂ ᠲᠠᠪᠢᠨ ᠬᠤᠶᠠᠳᠤᠭᠠᠷ ᠵᠦᠢᠯ ᠢ᠄ ︽ᠵᠥᠪᠰᠢᠶᠡᠷᠡᠭᠦᠯᠬᠦ ᠪᠠᠷ ᠮᠡᠳᠡᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠥᠪᠡᠷᠲᠡᠭᠡᠨ ᠵᠠᠰᠠᠬᠤ ᠳᠦᠷᠢᠮ ᠪᠠ ᠲᠤᠰᠬᠠᠢ ᠳᠦᠷᠢᠮ ᠳᠤ ᠤᠷᠢᠳ ᠢᠶᠠᠷ ᠬᠤᠯᠪᠣᠭᠳᠠᠯ ᠪᠦᠬᠦᠢ ᠲᠤᠰᠬᠠᠢ ᠵᠥᠪᠯᠡᠯ ᠪᠤᠶᠤ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠠᠵᠢᠯ ᠤᠨ ᠪᠠᠶᠢᠭᠤᠯᠤᠮᠵᠢ ᠬᠢᠨᠠᠨ ᠪᠠᠶᠢᠴᠠᠭᠠᠭᠰᠠᠨ ᠰᠠᠨᠠᠯ ᠤᠨ ᠮᠡᠳᠡᠭᠦᠯᠦᠯᠲᠡ ᠳᠤᠷᠠᠳᠴᠤ᠂ ᠪᠠᠶᠢᠩᠭᠤ ᠶᠢᠨ ᠬᠤᠷᠢᠶ᠎ᠠ ᠶᠢᠨ ᠬᠠᠤᠯᠢ ᠳᠦᠷᠢᠮ ᠤᠨ ᠠᠵᠢᠯ ᠤᠨ ᠪᠠᠶᠢᠭᠤᠯᠤᠮᠵᠢ ᠳᠤ ᠲᠤᠰᠢᠶᠠᠵᠤ ᠬᠢᠨᠠᠨ ᠪᠠᠶᠢᠴᠠᠭᠠᠭᠰᠠᠨ ᠰᠠᠨᠠᠯ ᠤᠨ ᠮᠡᠳᠡᠭᠦᠯᠦᠯᠲᠡ ᠶᠢ ᠳᠤᠷᠠᠳᠤᠭᠤᠯᠵᠤ᠂ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢᠳ ᠤᠨ ᠬᠤᠷᠠᠯ ᠢᠶᠠᠷ ᠲᠣᠭᠲᠠᠭᠠᠭᠰᠠᠨ ᠤ ᠲᠠᠷᠠᠭ᠎ᠠ᠂ ᠪᠠᠶᠢᠩᠭᠤ ᠢᠢᠨ ᠬᠤᠷᠢᠶ᠎ᠠ ᠶᠢᠨ ᠬᠤᠷᠠᠯ ᠳᠤ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠬᠦ ᠪᠠᠷ ᠳᠡᠪᠰᠢᠭᠦᠯᠦᠨ᠎ᠡ᠃   ︽ᠪᠠᠶᠢᠩᠭᠤ ᠶᠢᠨ ᠬᠤᠷᠢᠶ᠎ᠠ ᠶᠢᠨ ᠬᠠᠤᠯᠢ ᠳᠦᠷᠢᠮ ᠤᠨ ᠠᠵᠢᠯ ᠤᠨ ᠪᠠᠶᠢᠭᠤᠯᠤᠮᠵᠢ ᠶᠢᠨ ᠳᠤᠷᠠᠳᠤᠭᠰᠠᠨ ᠬᠢᠨᠠᠨ ᠪᠠᠶᠢᠴᠠᠭᠠᠭᠰᠠᠨ ᠰᠠᠨᠠᠯ ᠤᠨ ᠮᠡᠳᠡᠭᠦᠯᠦᠯᠲᠡ ᠶᠢ ᠪᠠᠶᠢᠩᠭᠤ ᠶᠢᠨ ᠬᠤᠷᠢᠶ᠎ᠠ ᠶᠢᠨ ᠬᠤᠷᠠᠯ ᠳᠤ ᠳᠠᠷᠤᠮᠠᠯᠯᠠᠨ ᠲᠠᠷᠬᠠᠭᠠᠨ᠎ᠠ︾ ᠭᠡᠵᠦ ᠵᠠᠰᠠᠪᠠ᠃   ᠠᠷᠪᠠᠨ ᠵᠢᠷᠭᠤᠭ᠎ᠠ᠂ ᠲᠠᠪᠢᠨ ᠲᠠᠪᠤᠳᠤᠭᠠᠷ ᠵᠦᠢᠯ ᠤᠨ ᠨᠢᠭᠡᠳᠦᠭᠡᠷ ᠪᠠᠳᠠᠭ ᠢ᠄ ︽ᠪᠠᠶᠢᠩᠭᠤ ᠶᠢᠨ ᠬᠤᠷᠢᠶ᠎ᠠ ᠵᠥᠪᠰᠢᠶᠡᠷᠡᠭᠦᠯᠬᠦ ᠪᠠᠷ ᠮᠡᠳᠡᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠬᠠᠤᠯᠢ ᠶᠣᠰᠣᠲᠤ ᠴᠢᠨᠠᠷ ᠢ ᠬᠢᠨᠠᠨ ᠪᠠᠶᠢᠴᠠᠭᠠᠬᠤ ᠬᠡᠷᠡᠭᠲᠡᠢ᠂ ᠲᠡᠭᠦᠨ ᠤ ᠬᠠᠤᠯᠢ ᠲᠣᠭᠲᠠᠭᠠᠬᠤ ᠡᠷᠬᠡ ᠮᠡᠳᠡᠯ ᠳᠤ ᠨᠡᠶᠢᠴᠡᠬᠦ ᠡᠰᠡᠬᠦ᠂ ᠦᠨᠳᠦᠰᠦᠨ ᠬᠠᠤᠯᠢ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠯᠤᠭ᠎ᠠ ᠬᠠᠷᠰᠢᠯᠳᠤᠬᠤ ᠡᠰᠡᠬᠦ ᠶᠢ ᠬᠢᠨᠠᠨ ᠪᠠᠶᠢᠴᠠᠭᠠᠵᠤ᠂ ᠬᠠᠤᠯᠢ ᠲᠣᠭᠲᠠᠭᠠᠬᠤ ᠡᠷᠬᠡ ᠮᠡᠳᠡᠯ ᠳᠤ ᠨᠡᠶᠢᠴᠡᠵᠤ᠂ ᠦᠨᠳᠦᠰᠦᠨ ᠬᠠᠤᠯᠢ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠯᠤᠭ᠎ᠠ ᠬᠠᠷᠰᠢᠯᠳᠤᠬᠤ ᠦᠭᠡᠢ ᠭᠡᠵᠦ ᠦᠵᠡᠪᠡᠯ᠂ ᠲᠣᠰ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠪᠢᠴᠢᠭ ᠤᠨ ᠮᠡᠳᠡᠭᠦᠯᠦᠯᠲᠡ ᠶᠢ ᠬᠤᠷᠢᠶᠠᠨ ᠣᠯᠣᠭᠰᠠᠨ ᠡᠳᠦᠷ ᠠᠴᠠ ᠡᠬᠢᠯᠡᠨ ᠳᠥᠷᠪᠡᠨ ᠰᠠᠷ᠎ᠠ ᠶᠢᠨ ᠳᠣᠲᠣᠷ᠎ᠠ ᠵᠥᠪᠰᠢᠶᠡᠷᠡᠬᠦ ᠬᠡᠷᠡᠭᠲᠡᠢ︔ ᠬᠠᠤᠯᠢ ᠲᠣᠭᠲᠠᠭᠠᠬᠤ ᠡᠷᠬᠡ ᠮᠡᠳᠡᠯ ᠳᠤ ᠨᠡᠶᠢᠴᠡᠬᠦ ᠦᠭᠡᠢ᠂ ᠦᠨᠳᠦᠰᠦᠨ ᠬᠠᠤᠯᠢ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠪᠠ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠯᠤᠭ᠎ᠠ ᠬᠠᠷᠰᠢᠯᠳᠤᠵᠤ ᠪᠠᠶᠢᠨ᠎ᠠ ᠭᠡᠵᠦ ᠦᠵᠡᠪᠡᠯ᠂ ᠵᠥᠪᠰᠢᠶᠡᠷᠡᠬᠦ ᠦᠭᠡᠢ ᠪᠤᠶᠤ ᠪᠤᠴᠠᠭᠠᠨ ᠥᠭᠴᠦ ᠵᠠᠰᠠᠭᠤᠯᠤᠭᠰᠠᠨ ᠤ ᠳᠠᠷᠠᠭ᠎ᠠ ᠵᠥᠪᠰᠢᠶᠡᠷᠡᠭᠦᠯᠬᠦ ᠪᠠᠷ ᠲᠠᠭᠢᠨ ᠮᠡᠳᠡᠭᠦᠯᠬᠦ ᠬᠡᠷᠡᠭᠲᠡᠢ︾ ᠭᠡᠵᠦ ᠵᠠᠰᠠᠪᠠ᠃   ᠨᠢᠭᠡ ᠪᠠᠳᠠᠭ ᠨᠡᠮᠡᠵᠦ ᠭᠤᠷᠪᠠᠳᠤᠭᠠᠷ ᠪᠠᠳᠠᠭ ᠪᠣᠯᠭᠠᠪᠠ᠄ ︽ᠪᠠᠶᠢᠩᠭᠤ ᠶᠢᠨ ᠬᠤᠷᠢᠶ᠎ᠠ ᠵᠥᠪᠰᠢᠶᠡᠷᠡᠭᠦᠯᠬᠦ ᠪᠠᠷ ᠮᠡᠳᠡᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠥᠪᠡᠷᠲᠡᠭᠡᠨ ᠵᠠᠰᠠᠬᠤ ᠳᠦᠷᠢᠮ ᠪᠠ ᠲᠤᠰᠬᠠᠢ ᠳᠦᠷᠢᠮ ᠢ ᠬᠢᠨᠠᠨ ᠪᠠᠶᠢᠴᠠᠭᠠᠬᠤ ᠳᠤ ᠲᠡᠭᠦᠨ ᠤ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠤᠨ ᠱᠠᠭᠠᠷᠳᠠᠯᠭ᠎ᠠ ᠲᠠᠢ ᠨᠡᠶᠢᠴᠡᠬᠦ ᠡᠰᠡᠬᠦ ᠶᠢ ᠬᠢᠨᠠᠨ ᠪᠠᠶᠢᠴᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠤᠨ ᠱᠠᠭᠠᠷᠳᠠᠯᠭ᠎ᠠ ᠲᠠᠢ ᠨᠡᠶᠢᠴᠡᠬᠦ ᠦᠭᠡᠢ ᠭᠡᠵᠦ ᠦᠵᠡᠪᠡᠯ᠂ ᠵᠥᠪᠰᠢᠶᠡᠷᠡᠬᠦ ᠦᠭᠡᠢ ᠪᠤᠶᠤ ᠪᠤᠴᠠᠭᠠᠨ ᠥᠭᠴᠦ ᠵᠠᠰᠠᠭᠤᠯᠤᠭᠰᠠᠨ ᠤ ᠲᠠᠷᠠᠭ᠎ᠠ ᠵᠥᠪᠰᠢᠶᠡᠷᠡᠭᠦᠯᠬᠦ ᠪᠠᠷ ᠲᠠᠭᠢᠨ ᠮᠡᠲᠡᠬᠦᠯᠬᠦ ᠬᠡᠷᠡᠭᠲᠡᠢ︾᠃   ᠠᠷᠪᠠᠨ ᠲᠤᠯᠤᠭ᠎ᠠ᠂ ᠲᠠᠪᠢᠨ ᠨᠠᠢᠮᠠᠳᠤᠭᠠᠷ ᠵᠦᠢᠯ ᠢ᠄ ︽ᠪᠠᠶᠢᠩᠭᠤ ᠶᠢᠨ ᠬᠤᠷᠢᠶ᠎ᠠ ᠶᠢᠨ ᠬᠤᠷᠠᠯ ᠳᠤ ᠵᠥᠪᠰᠢᠶᠡᠷᠡᠭᠦᠯᠬᠦ ᠪᠠᠷ ᠮᠡᠳᠡᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠥᠪᠡᠷᠲᠡᠭᠡᠨ ᠵᠠᠰᠠᠬᠤ ᠳᠦᠷᠢᠮ ᠪᠠ ᠲᠤᠰᠬᠠᠢ ᠳᠦᠷᠢᠮ ᠢ ᠬᠠᠤᠯᠢ ᠳᠦᠷᠢᠮ ᠤᠨ ᠵᠥᠪᠯᠡᠯ ᠠᠴᠠ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠪᠠᠶᠢᠩᠭᠤ ᠶᠢᠨ ᠬᠤᠷᠢᠶ᠎ᠠ ᠶᠢᠨ ᠬᠠᠤᠯᠢ ᠳᠦᠷᠢᠮ ᠤᠨ ᠠᠵᠢᠯ ᠤᠨ ᠪᠠᠶᠢᠭᠤᠯᠤᠮᠵᠢ ᠶᠢᠨ ᠬᠢᠨᠠᠨ ᠪᠠᠶᠢᠴᠠᠭᠠᠭᠰᠠᠨ ᠰᠠᠨᠠᠯ ᠢ ᠦᠨᠳᠦᠰᠦᠯᠡᠨ ᠨᠢᠭᠡᠳᠦᠯᠲᠡᠢ ᠬᠢᠨᠠᠨ ᠪᠠᠶᠢᠴᠠᠭᠠᠵᠤ᠂ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢᠳ ᠤᠨ ᠬᠤᠷᠠᠯ ᠳᠤ ᠬᠢᠨᠠᠨ ᠪᠠᠶᠢᠴᠠᠭᠠᠭᠰᠠᠨ ᠪᠠᠶᠢᠳᠠᠯ ᠤᠨ ᠮᠡᠳᠡᠭᠦᠯᠦᠯᠲᠡ ᠵᠢᠴᠢ ᠬᠠᠮᠢᠶ᠎ᠠ ᠪᠦᠬᠦᠢ ᠰᠢᠢᠳᠪᠦᠷᠢ ᠶᠢᠨ ᠲᠥᠰᠥᠯ ᠢ ᠳᠤᠷᠠᠳᠤᠨ᠎ᠠ᠃ ᠬᠠᠮᠢᠶ᠎ᠠ ᠪᠦᠬᠦᠢ ᠰᠢᠢᠳᠪᠦᠷᠢ ᠶᠢᠨ ᠲᠥᠰᠥᠯ ᠢ ᠪᠠᠶᠢᠩᠭᠤ ᠶᠢᠨ ᠬᠤᠷᠢᠶ᠎ᠠ ᠶᠢᠨ ᠪᠥᠬᠦᠳᠡ ᠬᠤᠷᠠᠯ ᠳᠤ ᠳᠡᠪᠰᠢᠭᠦᠯᠵᠦ ᠪᠠᠲᠤᠯᠠᠭᠤᠯᠬᠤ ᠶᠢ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢᠦᠠ ᠤᠨ ᠬᠤᠷᠠᠯ ᠠᠴᠠ ᠲᠣᠭᠲᠠᠭᠠᠨ᠎ᠠ︔ ᠬᠢᠨᠠᠨ ᠪᠠᠶᠢᠴᠠᠭᠠᠭᠰᠠᠨ ᠪᠠᠶᠢᠳᠠᠯ ᠤᠨ ᠮᠡᠳᠡᠭᠦᠯᠦᠯᠲᠡ ᠶᠢ ᠪᠠᠶᠢᠩᠭᠤ ᠶᠢᠨ ᠬᠤᠷᠢᠶ᠎ᠠ ᠶᠢᠨ ᠬᠤᠷᠠᠯ ᠳᠤ ᠳᠠᠷᠤᠮᠠᠯᠯᠠᠨ ᠲᠠᠷᠬᠠᠭᠠᠨ᠎ᠠ︾ ᠭᠡᠵᠦ ᠵᠠᠰᠠᠪᠠ᠃   ᠠᠷᠪᠠᠨ ᠨᠠᠢᠮᠠ᠂ ᠵᠢᠷᠠᠨ ᠬᠤᠶᠠᠳᠤᠭᠠᠷ ᠵᠦᠢᠯ ᠢ᠄ ︽ᠪᠠᠶᠢᠩᠭᠤ ᠶᠢᠨ ᠬᠤᠷᠢᠶ᠎ᠠ ᠶᠢᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠥᠪᠡᠷᠲᠡᠭᠡᠨ ᠵᠠᠰᠠᠬᠤ ᠳᠦᠷᠢᠮ ᠪᠠ ᠲᠤᠰᠬᠠᠢ ᠳᠦᠷᠢᠮ ᠢ ᠵᠥᠪᠰᠢᠶᠡᠷᠡᠬᠦ ᠲᠤᠬᠠᠢ ᠰᠢᠢᠳᠪᠦᠷᠢ ᠶᠢ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠮᠡᠳᠡᠭᠡ﹀ ᠪᠣᠯᠣᠨ ︿ᠥᠪᠥᠷ ᠮᠣᠩᠭᠤᠯ ᠤᠨ ᠡᠳᠦᠷ ᠤᠨ ᠰᠣᠨᠢᠨ﹀ ᠬᠢᠭᠡᠳ ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠰᠦᠯᠵᠢᠶᠡᠨ ᠳᠡᠭᠡᠷ᠎ᠡ ᠳᠦᠷᠢᠮᠵᠢᠭᠰᠡᠨ ᠬᠢᠲᠠᠳ᠂ ᠮᠣᠩᠭᠤᠯ ᠬᠤᠶᠠᠷ ᠵᠦᠢᠯ ᠤᠨ ᠥᠰᠥᠭ ᠪᠢᠴᠢᠭ ᠢᠶᠠᠷ ᠨᠡᠶᠢᠲᠡᠯᠡᠬᠦ ᠬᠡᠷᠡᠭᠲᠡᠢ︾ ᠭᠡᠵᠦ ᠵᠠᠰᠠᠪᠠ᠃   ᠠᠷᠪᠠ ᠵᠢᠰᠦ᠂ ᠵᠢᠷᠠᠨ ᠵᠢᠷᠭᠤᠳᠤᠭᠠᠷ ᠵᠦᠢᠯ ᠢ᠄ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠢ ᠵᠥᠪᠯᠡᠯ ᠪᠠᠶᠢᠩᠭᠤ ᠶᠢᠨ ᠬᠤᠷᠢᠶ᠎ᠠ ᠳᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠥᠪᠡᠷᠲᠡᠭᠡᠨ ᠵᠠᠰᠠᠬᠤ ᠳᠦᠷᠢᠮ ᠪᠠ ᠲᠤᠰᠬᠠᠢ ᠳᠦᠷᠢᠮ ᠢ ᠲᠠᠶᠢᠯᠪᠤᠷᠢᠯᠠᠭᠤᠯᠬᠤ ᠱᠠᠭᠠᠷᠳᠠᠯᠭ᠎ᠠ ᠳᠤᠷᠠᠳᠴᠤ ᠪᠣᠯᠣᠨ᠎ᠠ︾ ᠭᠡᠵᠦ ᠵᠠᠰᠠᠪᠠ᠃   ᠬᠤᠷᠢ᠂ ᠳᠠᠯᠠᠨ ᠲᠠᠪᠤᠳᠤᠭᠠᠷ ᠵᠦᠢᠯ ᠤᠨ ᠭᠤᠷᠪᠠᠳᠤᠭᠠᠷ ᠪᠠᠳᠠᠭ ᠢ᠄ ︽ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠪᠠᠲᠤᠯᠠᠭᠰᠠᠨ ᠡᠳᠦᠷ ᠠᠴᠠ ᠡᠭᠢᠯᠡᠨ᠂ ᠥᠪᠡᠷᠲᠡᠭᠡᠨ ᠵᠠᠰᠠᠬᠤ ᠳᠦᠷᠢᠮ ᠪᠠ ᠲᠤᠰᠬᠠᠢ ᠳᠦᠷᠢᠮ ᠢ ᠵᠥᠪᠰᠢᠶᠡᠷᠡᠭᠰᠡᠨ ᠡᠳᠦᠷ ᠠᠴᠠ ᠡᠬᠢᠯᠡᠨ ᠲᠤᠯᠦᠭᠠᠠ ᠡᠳᠦᠷ ᠤᠨ ᠳᠣᠲᠣᠷ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠪᠤᠶᠤ ᠪᠠᠶᠢᠩᠭᠤ ᠶᠢᠨ ᠬᠤᠷᠢᠶ᠎ᠠ ᠠᠯᠪᠠᠨ ᠵᠠᠷ ᠨᠡᠶᠢᠲᠡᠯᠡᠬᠦ ᠶᠢᠨ ᠬᠠᠮᠲᠤ᠂ ᠲᠡᠭᠦᠨ ᠤ ᠪᠢᠴᠢᠭ ᠲᠣᠪᠬᠢᠮᠠᠯ ᠵᠢᠴᠢ ᠲᠥᠰᠥᠯ ᠤᠨ ᠲᠣᠳᠣᠷᠬᠠᠶᠢᠯᠠᠯᠲᠠ᠂ ᠬᠢᠨᠠᠨ ᠵᠥᠪᠯᠡᠭᠰᠡᠨ ᠦᠷ᠎ᠡ ᠳ᠋ᠦᠩ ᠤᠨ ᠮᠡᠳᠡᠭᠦᠯᠦᠯᠲᠡ ᠵᠡᠷᠭᠡ ᠶᠢ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠮᠡᠳᠡᠭᠡ﹀ ᠪᠠ ︿ᠥᠪᠥᠷ ᠮᠣᠩᠭᠤᠯ ᠤᠨ ᠡᠳᠦᠷ ᠤᠨ ᠰᠣᠨᠢᠨ﹀ ᠬᠢᠭᠡᠳ ᠥᠪᠥᠷ ᠮᠣᠩᠭᠤᠯ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠰᠦᠯᠵᠢᠶᠡᠨ ᠳᠡᠭᠡᠷ᠎ᠡ ᠳᠦᠷᠢᠮᠵᠢᠭᠰᠡᠨ ᠬᠢᠲᠠᠳ᠂ ᠮᠣᠩᠭᠤᠯ ᠬᠤᠶᠠᠷ ᠵᠦᠢᠯ ᠤᠨ ᠥᠰᠥᠭ ᠪᠢᠴᠢᠭ ᠢᠶᠠᠷ ᠴᠠᠭ ᠲᠤᠬᠠᠢ ᠳᠤ ᠨᠢ ᠨᠡᠶᠢᠲᠡᠯᠡᠬᠦ ᠬᠡᠷᠡᠭᠲᠡᠢ︾ ᠭᠡᠵᠦ ᠵᠠᠰᠠᠪᠠ᠃   ᠳᠥᠷᠪᠡᠳᠦᠭᠡᠷ ᠪᠠᠳᠠᠭ ᠢ᠄ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠮᠡᠳᠡᠭᠡ﹀ ᠳᠡᠭᠡᠷ᠎ᠡ ᠨᠡᠶᠢᠲᠡᠯᠡᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠥᠪᠡᠷᠲᠡᠭᠡᠨ ᠵᠠᠰᠠᠬᠤ ᠳᠦᠷᠢᠮ ᠪᠠ ᠲᠤᠰᠬᠠᠢ ᠳᠦᠷᠢᠮ ᠪᠣᠯ ᠪᠠᠷᠢᠮᠵᠢᠶ᠎ᠠ ᠲᠣᠪᠬᠢᠮᠠᠯ ᠪᠣᠯᠣᠨ᠎ᠠ︾ ᠭᠡᠵᠦ ᠵᠠᠰᠠᠪᠠ᠃   ᠬᠤᠷᠢᠨ ᠨᠢᠭᠡ᠂ ᠲᠠᠯᠠᠨ ᠵᠢᠷᠭᠤᠳᠤᠭᠠᠷ ᠵᠦᠢᠯ ᠢ᠄ ︽ᠪᠠᠶᠢᠩᠭᠤ ᠶᠢᠨ ᠬᠤᠷᠢᠶ᠎ᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠡᠮᠭᠢᠳᠭᠡᠨ ᠴᠡᠪᠡᠷᠯᠡᠬᠦ ᠠᠵᠢᠯ ᠤᠨ ᠳᠠᠭᠠᠭᠠᠮᠠᠭᠠᠢ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃   ︽ᠬᠤᠯᠪᠣᠭᠳᠠᠯ ᠪᠦᠬᠦᠢ ᠲᠤᠰᠬᠠᠢ ᠵᠥᠪᠯᠡᠯ᠂ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠠᠵᠢᠯ ᠤᠨ ᠪᠠᠶᠢᠭᠤᠯᠤᠮᠵᠢ ᠨᠢ ᠬᠠᠤᠯᠢ ᠳᠦᠷᠢᠮ ᠤᠨ ᠨᠢᠭᠡᠳᠦᠯᠲᠡᠢ ᠪᠠᠶᠢᠬᠤ ᠶᠢ ᠬᠠᠮᠠᠭᠠᠯᠠᠬᠤ ᠵᠠᠷᠴᠢᠮ ᠪᠠ ᠥᠭᠡᠷᠡᠴᠢᠯᠡᠯᠲᠡ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠡᠮᠭᠢᠳᠭᠡᠨ ᠴᠡᠪᠡᠷᠯᠡᠬᠦ ᠬᠡᠷᠡᠭᠲᠡᠢ᠃ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠠᠭᠤᠯᠭ᠎ᠠ ᠨᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠤᠨ ᠱᠠᠭᠠᠷᠳᠠᠯᠭ᠎ᠠ ᠲᠠᠢ ᠨᠡᠶᠢᠴᠡᠬᠦ ᠦᠭᠡᠢ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠲᠠᠢ ᠨᠢᠭᠡᠳᠦᠯ ᠦᠭᠡᠢ᠂ ᠠᠬᠤᠢ ᠪᠠᠶᠢᠳᠠᠯ ᠳᠤ ᠲᠣᠬᠢᠷᠠᠬᠤ ᠦᠭᠡᠢ᠂ ᠡᠰᠡᠬᠦᠯ᠎ᠡ ᠬᠠᠮᠢᠶ᠎ᠠ ᠪᠦᠬᠦᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠯᠤᠭ᠎ᠠ ᠥᠯᠥ ᠵᠣᠬᠢᠴᠠᠯᠳᠤᠬᠤ ᠶᠢ ᠢᠯᠡᠷᠡᠭᠦᠯᠦᠭᠰᠡᠨ ᠪᠠᠶᠢᠪᠠᠯ᠂ ᠴᠠᠭ ᠲᠤᠬᠠᠢ ᠳᠤ ᠨᠢ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠣᠯᠭᠠᠬᠤ ᠰᠠᠨᠠᠯ ᠳᠤᠷᠠᠳᠴᠤ᠂ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢᠳ ᠤᠨ ᠬᠤᠷᠠᠯ ᠳᠤ ᠮᠡᠳᠡᠭᠦᠯᠬᠦ ᠬᠡᠷᠡᠭᠲᠡᠢ᠃   ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶ᠎ᠠ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠬᠡᠷᠡᠭᠵᠢᠭᠦᠯᠦᠭᠰᠡᠨ ᠪᠠᠶᠢᠳᠠᠯ ᠢᠶᠠᠨ ᠦᠨᠳᠦᠰᠦᠯᠡᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠤ ᠵᠠᠰᠠᠪᠤᠷᠢ ᠣᠷᠣᠭᠤᠯᠬᠤ ᠲᠤᠬᠠᠢ ᠰᠠᠨᠠᠯ ᠪᠤᠶᠤ ᠰᠠᠨᠠᠭᠤᠯᠭ᠎ᠠ ᠳᠤᠷᠠᠳᠴᠤ ᠪᠣᠯᠣᠨ᠎ᠠ︾ ᠭᠡᠵᠦ ᠵᠠᠰᠠᠪᠠ᠃   ᠬᠤᠷᠢᠨ ᠬᠤᠶᠠᠷ᠂ ᠲᠠᠯᠠᠨ ᠳᠣᠯᠣᠳᠤᠭᠠᠷ ᠵᠦᠢᠯ ᠤᠨ ᠬᠤᠶᠠᠳᠤᠭᠠᠷ ᠪᠠᠳᠠᠭ ᠢ᠄ ︽ᠬᠡᠰᠡᠭ ᠲᠠᠯ᠎ᠠ ᠪᠠᠷ ᠵᠠᠰᠠᠪᠤᠷᠢ ᠣᠷᠣᠭᠤᠯᠬᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠵᠥᠪᠯᠡᠯᠭᠡ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠬᠢᠨᠠᠨ ᠵᠥᠪᠯᠡᠭᠰᠡᠨ ᠤ ᠲᠠᠷᠠᠭ᠎ᠠ᠂ ᠬᠠᠤᠯᠢ ᠳᠦᠷᠢᠮ ᠤᠨ ᠵᠥᠪᠯᠡᠯ ᠲᠤᠰ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠵᠠᠰᠠᠪᠤᠷᠢ ᠣᠷᠣᠭᠤᠯᠬᠤ ᠲᠥᠰᠥᠯ ᠢ ᠬᠢᠨᠠᠨ ᠵᠥᠪᠯᠡᠭᠰᠡᠨ ᠦᠷ᠎ᠡ ᠳ᠋ᠦᠩ ᠤᠨ ᠮᠡᠳᠡᠭᠦᠯᠦᠯᠲᠡ ᠪᠠ ᠲᠤᠰ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠳᠤ ᠵᠠᠰᠠᠪᠤᠷᠢ ᠤᠷᠤᠭᠤᠯᠬᠤ ᠲᠣᠭᠲᠠᠭᠠᠯ ᠤᠨ ᠲᠥᠰᠥᠯ ᠢ ᠳᠤᠷᠠᠳᠤᠨ᠎ᠠ︾ ᠭᠡᠵᠦ ᠵᠠᠰᠠᠪᠠ᠃   ᠬᠤᠷᠢᠨ ᠭᠤᠷᠪᠠ᠂ ᠨᠢᠭᠡ ᠵᠦᠢᠯ ᠨᠡᠮᠡᠵᠦ᠂ ᠨᠠᠶᠠᠨ ᠭᠤᠷᠪᠠᠳᠤᠭᠠᠷ ᠵᠦᠢᠯ ᠪᠣᠯᠭᠠᠪᠠ᠄ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠣᠳᠠᠲᠤ ᠬᠡᠷᠡᠭᠴᠡᠭᠡ ᠪᠠᠨ ᠦᠨᠳᠦᠰᠦᠯᠡᠨ ᠦᠨᠳᠦᠰᠦᠨ ᠱᠠᠲᠤᠨ ᠤ ᠬᠠᠤᠯᠢ ᠲᠣᠭᠲᠠᠭᠠᠬᠤ ᠬᠠᠷᠢᠯᠴᠠᠬᠤ ᠴᠡᠭ ᠪᠠᠶᠢᠭᠤᠯᠵᠤ᠂ ᠦᠨᠳᠦᠰᠦᠨ ᠱᠠᠲᠤᠨ ᠤ ᠤᠯᠠᠨ ᠲᠦᠮᠡᠨ ᠪᠣᠯᠣᠨ ᠬᠤᠯᠪᠣᠭᠳᠠᠯ ᠪᠦᠬᠦᠢ ᠲᠠᠯ᠎ᠠ ᠶᠢᠨ ᠬᠢᠨ ᠤ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ᠂ ᠥᠪᠡᠷᠲᠡᠭᠡᠨ ᠵᠠᠰᠠᠬᠤ ᠳᠦᠷᠢᠮ ᠪᠣᠯᠣᠨ ᠲᠤᠰᠬᠠᠢ ᠳᠦᠷᠢᠮ ᠤᠨ ᠲᠥᠰᠥᠯ᠂ ᠬᠠᠤᠯᠢ ᠲᠣᠭᠲᠠᠭᠠᠬᠤ ᠠᠵᠢᠯ ᠤᠨ ᠲᠤᠬᠠᠢ ᠰᠠᠨᠠᠯ ᠢ ᠰᠣᠨᠣᠰᠬᠤ ᠬᠡᠷᠡᠭᠲᠡᠢ︾᠃   ᠬᠤᠷᠢᠨ ᠳᠥᠷᠪᠡ᠂ ᠨᠢᠭᠡ ᠵᠦᠢᠯ ᠨᠡᠮᠡᠵᠦ᠂ ᠨᠠᠶᠠᠨ ᠳᠥᠷᠪᠡᠳᠦᠭᠡᠷ ᠵᠦᠢᠯ ᠪᠣᠯᠭᠠᠪᠠ᠄ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠤᠰᠬᠠᠢ ᠵᠥᠪᠯᠡᠯ᠂ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠪᠠᠶᠢᠭᠤᠯᠤᠮᠵᠢ ᠬᠠᠤᠯᠢ ᠲᠣᠭᠲᠠᠭᠠᠬᠤ ᠤᠬᠠᠭᠤᠯᠭ᠎ᠠ ᠶᠢᠨ ᠠᠵᠢᠯ ᠢ ᠴᠢᠩᠭᠠᠳᠬᠠᠵᠤ᠂ ᠣᠯᠠᠨ ᠵᠦᠢᠯ ᠤᠨ ᠬᠡᠯᠪᠡᠷᠢ ᠪᠠᠷ ᠬᠠᠤᠯᠢ ᠲᠣᠭᠲᠠᠭᠠᠬᠤ ᠮᠡᠳᠡᠭᠡ ᠵᠠᠩᠭᠢ ᠶᠢ ᠨᠡᠶᠢᠲᠡᠯᠡᠵᠦ᠂ ᠪᠠᠶᠢᠳᠠᠯ ᠢ ᠲᠠᠨᠢᠯᠴᠠᠭᠤᠯᠤᠨ᠂ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠬᠠᠷᠢᠭᠤᠯᠲᠠ ᠥᠭᠭᠦᠨ᠎ᠡ︾᠃   ᠬᠤᠷᠢᠨ ᠲᠠᠪᠤ᠂ ᠨᠢᠭᠡ ᠵᠦᠢᠯ ᠨᠡᠮᠡᠵᠦ᠂ ᠨᠠᠶᠠᠨ ᠲᠠᠪᠤᠳᠤᠭᠠᠷ ᠵᠦᠢᠯ ᠪᠣᠯᠭᠠᠪᠠ᠄ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠣᠷᠣᠨ ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠬᠡᠷᠡᠭᠴᠡᠭᠡ ᠶᠢ ᠦᠨᠳᠦᠰᠦᠯᠡᠨ᠂ ᠬᠤᠯᠪᠣᠭᠳᠠᠯ ᠪᠦᠬᠦᠢ ᠮᠤᠵᠢ ᠶᠢᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠲᠠᠢ ᠬᠠᠮᠲᠤᠷᠠᠨ ᠣᠷᠣᠨ ᠪᠦᠰᠡ ᠬᠠᠮᠵᠢᠯᠴᠠᠨ ᠬᠠᠤᠯᠢ ᠲᠣᠭᠲᠠᠭᠠᠬᠤ ᠠᠵᠢᠯ ᠤᠨ ᠲᠣᠭᠲᠠᠴᠠ ᠶᠢ ᠪᠠᠶᠢᠭᠤᠯᠵᠤ᠂ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠢ ᠬᠠᠮᠵᠢᠯᠴᠠᠨ ᠲᠣᠭᠲᠠᠭᠠᠵᠤ᠂ ᠲᠤᠰ ᠵᠠᠰᠠᠭ ᠵᠠᠬᠢᠷᠭᠠᠨ ᠤ ᠣᠷᠣᠨ ᠪᠤᠶᠤ ᠬᠤᠯᠪᠣᠭᠳᠠᠯ ᠪᠦᠬᠦᠢ ᠣᠷᠣᠨ ᠪᠦᠰᠡ ᠶᠢᠨ ᠳᠣᠲᠣᠷ᠎ᠠ ᠬᠡᠷᠡᠭᠵᠢᠭᠦᠯᠵᠦ ᠪᠣᠯᠣᠨ᠎ᠠ︾᠃    ᠬᠤᠷᠢᠨ ᠵᠢᠷᠭᠤᠭ᠎ᠠ᠂ ᠨᠢᠭᠡ ᠵᠦᠢᠯ ᠨᠡᠮᠡᠵᠦ᠂ ᠨᠠᠶᠠᠨ ᠵᠢᠷᠭᠤᠳᠤᠭᠠᠷ ᠵᠦᠢᠯ ᠪᠣᠯᠭᠠᠪᠠ᠄ ︽ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠠᠩᠰᠠᠯᠠᠭᠤᠯᠬᠤ ᠪᠠᠷ ᠮᠡᠳᠡᠭᠦᠯᠦᠭᠰᠡᠨ ᠵᠠᠰᠠᠭ ᠤᠨ ᠣᠷᠳᠣᠨ ᠤ ᠳᠦᠷᠢᠮ ᠲᠣᠭᠲᠠᠭᠠᠯ ᠪᠣᠯᠣᠨ ᠪᠤᠰᠤᠳ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠬᠤ ᠳᠤ ︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠢ ᠳᠠᠩᠰᠠᠯᠠᠵᠤ ᠬᠢᠨᠠᠨ ᠪᠠᠶᠢᠴᠠᠭᠠᠬᠤ ᠳᠦᠷᠢᠮ﹀ ᠢ ᠬᠡᠷᠡᠭᠵᠢᠭᠦᠯᠦᠨ᠎ᠡ︾᠃   ᠬᠤᠷᠢᠨ ᠳᠣᠯᠤᠭ᠎ᠠ᠂ ᠬᠡᠰᠡᠭ ᠵᠦᠢᠯ ᠵᠤᠷᠪᠤᠰ ᠤᠨ ᠬᠡᠯᠡ ᠬᠡᠯᠡᠯᠭᠡ ᠳᠤ ᠳᠣᠣᠷᠠᠬᠢ ᠮᠡᠲᠦ ᠵᠠᠰᠠᠪᠤᠷᠢ ᠣᠷᠣᠭᠤᠯᠪᠠ᠄   ︵ᠨᠢᠭᠡ︶ ᠠᠷᠪᠠᠨ ᠬᠤᠶᠠᠳᠤᠭᠠᠷ ᠵᠦᠢᠯ᠂ ᠠᠷᠪᠠᠨ ᠭᠤᠷᠪᠠᠳᠤᠭᠠᠷ ᠵᠦᠢᠯ᠂ ᠠᠷᠪᠠᠨ ᠳᠥᠷᠪᠡᠳᠦᠭᠡᠷ ᠵᠦᠢᠯ ᠳᠠᠬᠢ ︽ᠣᠨ ᠤ ᠬᠠᠤᠯᠢ ᠲᠣᠭᠲᠠᠭᠠᠬᠤ ᠲᠥᠯᠥᠪᠯᠡᠭᠡ︾ ᠭᠡᠳᠡᠭ ᠢ ︽ᠬᠠᠤᠯᠢ ᠲᠣᠭᠲᠠᠭᠠᠬᠤ ᠲᠥᠯᠥᠪᠯᠡᠭᠡ︾ ᠭᠡᠵᠦ ᠵᠠᠰᠠᠪᠠ᠃    ︵ᠬᠤᠶᠠᠷ︶ ᠠᠷᠪᠠᠨ ᠳᠥᠷᠪᠡᠳᠦᠭᠡᠷ ᠵᠦᠢᠯ ᠤᠨ ᠨᠢᠭᠡᠳᠦᠭᠡᠷ ᠪᠠᠳᠠᠭ ᠤᠨ ᠨᠢᠭᠡᠳᠦᠭᠡᠷ ᠵᠤᠷᠪᠤᠰ ᠪᠠ ᠭᠤᠷᠪᠠᠳᠤᠭᠠᠷ ᠪᠠᠳᠠᠭ᠂ ᠠᠷᠪᠠᠨ ᠵᠢᠷᠭᠤᠳᠤᠭᠠᠷ ᠵᠦᠢᠯ᠂ ᠬᠤᠷᠢᠨ ᠨᠠᠢᠮᠠᠳᠤᠭᠠᠷ ᠵᠦᠢᠯ᠂ ᠳᠥᠴᠢᠳᠦᠭᠡᠷ ᠵᠦᠢᠯ ᠤᠨ ᠨᠢᠭᠡᠳᠦᠭᠡᠷ ᠪᠠᠳᠠᠭ᠂ ᠳᠥᠴᠢᠨ ᠳᠥᠷᠪᠡᠳᠦᠭᠡᠷ ᠵᠦᠢᠯ᠂ ᠳᠥᠴᠢᠨ ᠵᠢᠷᠭᠤᠳᠤᠭᠠᠷ ᠵᠦᠢᠯ ᠤᠨ ᠭᠤᠷᠪᠠᠳᠤᠭᠠᠷ ᠪᠠᠳᠠᠭ᠂ ᠲᠠᠪᠢᠳᠤᠭᠠᠷ ᠵᠦᠢᠯ᠂ ᠵᠢᠷᠠᠨ ᠳᠣᠯᠣᠳᠤᠭᠠᠷ ᠵᠦᠢᠯ ᠳᠠᠬᠢ ︽ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠠᠵᠢᠯ ᠤᠨ ᠪᠠᠶᠢᠭᠤᠯᠤᠮᠵᠢ︾ ᠶᠢᠨ ᠡᠮᠦᠨ᠎ᠡ ︽ᠬᠤᠯᠪᠣᠭᠳᠠᠯ ᠪᠦᠬᠦᠢ ᠲᠤᠰᠬᠠᠢ ᠵᠥᠪᠯᠡᠯ ᠪᠤᠶᠤ︾ ᠭᠡᠵᠦ ᠨᠡᠮᠡᠪᠡ᠃    ︵ᠭᠤᠷᠪᠠ︶ ᠨᠠᠶᠠᠨ ᠬᠤᠶᠠᠳᠤᠭᠠᠷ ᠵᠦᠢᠯ ᠤᠨ ︽ᠪᠠᠶᠢᠩᠭᠤ ᠶᠢᠨ ᠬᠤᠷᠢᠶ᠎ᠠ ᠶᠢᠨ ᠠᠵᠢᠯ ᠤᠨ ᠪᠠᠶᠢᠭᠤᠯᠤᠮᠵᠢ︾ ᠭᠡᠳᠡᠭ ᠢ ︽ᠪᠠᠶᠢᠩᠭᠤ ᠶᠢᠨ ᠬᠤᠷᠢᠶ᠎ᠠ ᠶᠢᠨ ᠬᠠᠤᠯᠢ ᠳᠦᠷᠢᠮ ᠤᠨ ᠠᠵᠢᠯ ᠤᠨ ᠪᠠᠶᠢᠭᠤᠯᠤᠮᠵᠢ︾ ᠭᠡᠵᠦ ᠵᠠᠰᠠᠪᠠ᠃    ᠲᠣᠰ ᠲᠣᠭᠳᠠᠭᠠᠯ ᠢ 2024 ᠤᠨ ᠤ 2 ᠰᠠᠷ᠎ᠠ ᠶᠢᠨ 4 ᠤ ᠡᠳᠦᠷ ᠠᠴᠠ ᠡᠭᠢᠯᠠᠨ ᠭᠡᠷᠡᠭᠵᠢᠭᠦᠯᠦᠨ᠎ᠠ᠃   ︽ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠡᠭᠭᠤ ᠶᠢᠨ ᠬᠤᠷᠢᠶ᠎ᠠ ᠶᠢᠨ ᠬᠠᠣᠯᠢ ᠲᠣᠭᠳᠠᠭᠠᠬᠤ ᠲᠦᠷᠢᠮ︾ ᠳᠤ ᠲᠣᠰ ᠲᠣᠭᠳᠠᠭᠠᠯ ᠢ ᠦᠨᠳᠦᠰᠦᠯᠠᠨ ᠵᠣᠭᠢᠴᠠᠩᠭᠤᠢ ᠵᠠᠰᠠᠪᠣᠷᠢ ᠣᠷᠣᠭᠤᠯᠤᠭᠰᠠᠨ ᠪᠦᠭᠡᠳ ᠵᠦᠢᠯ ᠵᠤᠷᠪᠤᠰ ᠤᠨ ᠲᠠᠷᠠᠭᠠᠯᠠᠯ ᠳᠤ ᠵᠤᠬᠢᠴᠠᠩᠭᠤᠢ ᠲᠤᠬᠢᠷᠠᠭᠤᠯᠤᠯᠳᠠ ᠬᠢᠵᠤ᠂ ᠲᠠᠭᠢᠨ ᠰᠢᠨ᠎ᠠ ᠪᠠᠷ ᠨᠠᠶᠢᠳᠠᠯᠠᠨ᠎ᠠ᠃   ︵ᠦᠪᠡᠷᠳᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠠᠯᠪᠠᠨ ᠲᠢᠩᠭᠢᠮ ᠤᠨ ᠣᠷᠴᠢᠭᠤᠯᠭ᠎ᠠ ᠶᠢᠨ ᠭᠠᠵᠠᠷ ᠣᠷᠴᠢᠭᠤᠯᠪᠠ︶
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号