ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠬᠤ ᠲᠤᠬᠠᠶ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ
ᠨᠡᠶᠢᠲᠡᠯᠡᠭᠰᠡᠨ ᠴᠠᠭ᠄
2024/2/19
     ︵2023 ᠣᠨ ᠤ 12 ᠰᠠᠷ᠎ᠠ ᠶᠢᠨ 27 ᠤ ᠡᠳᠦᠷ︶   ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠪᠣᠯ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢᠨ ᠴᠢᠬᠤᠯᠠ ᠬᠠᠷᠠᠯᠲᠠ ᠮᠥᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠴᠢᠬᠤᠯᠠ ᠠᠭᠤᠯᠭ᠎ᠠ ᠮᠥᠨ᠃ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠲᠦᠷᠭᠡᠨ ᠠᠬᠢᠭᠤᠯᠬᠤ ᠶᠢᠨ ᠲᠥᠯᠥᠭᠡ ᠤᠳᠤ ᠳᠣᠣᠷᠠᠬᠢ ᠮᠡᠲᠦ ᠰᠠᠨᠠᠯ ᠢ ᠳᠤᠷᠠᠳᠤᠶ᠎ᠠ᠃   ᠨᠢᠭᠡ᠂ ᠰᠢᠨ᠎ᠡ ᠴᠠᠭ ᠦᠶ᠎ᠡ ᠰᠢᠨ᠎ᠡ ᠠᠶᠠᠨ ᠳᠤ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠰᠢᠨ᠎ᠡ ᠬᠠᠭᠤᠳᠠᠰᠤ ᠶᠢ ᠨᠡᠭᠡᠭᠡᠨ᠎ᠡ   ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶ᠎ᠠ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠥᠬᠦ ᠲᠠᠯ᠎ᠠ ᠶᠢᠨ ᠠᠵᠢᠯ ᠤᠨ ᠲᠣᠪᠤᠶᠢᠮ᠎ᠠ ᠪᠠᠶᠢᠷᠢᠨ ᠳᠤ ᠲᠠᠯᠪᠢᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢ ᠪᠥᠬᠦ ᠲᠠᠯ᠎ᠠ ᠪᠠᠷ᠂ ᠪᠥᠬᠦ ᠣᠷᠣᠨ ᠪᠦᠰᠡ ᠪᠠᠷ᠂ ᠪᠥᠬᠦ ᠶᠠᠪᠤᠴᠠ ᠪᠠᠷ ᠴᠢᠩᠭᠠᠳᠬᠠᠵᠤ᠂ ᠭᠤᠤᠯᠳᠠᠯᠭ᠎ᠠ ᠲᠠᠢ ᠴᠡᠭᠴᠡᠯᠡᠨ ᠵᠠᠰᠠᠬᠤ ᠠᠴᠠ ᠰᠢᠰᠲ᠋ᠧᠮ ᠲᠠᠢ ᠵᠠᠰᠠᠬᠤ᠂ ᠰᠠᠨᠠᠭᠠᠴᠢᠯᠠᠭᠠᠲᠤ ᠪᠤᠰᠤ ᠪᠠᠷ ᠠᠷᠭᠠᠴᠠᠭᠠᠬᠤ ᠠᠴᠠ ᠰᠠᠨᠠᠭᠠᠴᠢᠯᠠᠭ᠎ᠠ ᠲᠠᠢ ᠪᠠᠷ ᠠᠵᠢᠯᠯᠠᠬᠤ᠂ ᠪᠥᠬᠦ ᠪᠥᠮᠪᠥᠷᠴᠡᠭ ᠤᠨ ᠣᠷᠴᠢᠨ ᠲᠣᠭᠤᠷᠢᠨ ᠤ ᠵᠠᠰᠠᠯᠲᠠ ᠶᠢᠨ ᠣᠷᠣᠯᠴᠠᠭᠴᠢ ᠠᠴᠠ ᠳᠠᠭᠠᠭᠤᠯᠤᠭᠴᠢ ᠪᠣᠯᠬᠤ᠂ ᠦᠢᠯᠡᠳᠦᠯᠭᠡ ᠶᠢᠨ ᠰᠦᠪᠡᠭᠴᠢᠯᠡᠯᠲᠠ ᠠᠴᠠ ᠰᠢᠨᠵᠢᠯᠡᠬᠦ ᠤᠬᠠᠭᠠᠨᠴᠢ ᠣᠨᠣᠯ ᠤᠨ ᠵᠢᠯᠣᠭᠤᠳᠣᠯᠭ᠎ᠠ ᠪᠣᠯᠤᠭᠰᠠᠨ ᠴᠢᠬᠤᠯᠠ ᠶᠡᠭᠡ ᠬᠤᠪᠢᠷᠠᠯᠲᠠ ᠶᠢ ᠪᠡᠶᠡᠯᠡᠭᠦᠯᠵᠦ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠴᠢᠬᠤᠯᠠ ᠶᠡᠭᠡ ᠠᠯᠬᠤᠮ ᠢ ᠠᠯᠬᠤᠪᠠ᠃   ᠣᠳᠣᠬᠠᠨ ᠳᠤ᠂ ᠮᠠᠨ ᠤ ᠤᠯᠤᠰ ᠤᠨ ᠠᠵᠤ ᠠᠬᠤᠶ ᠨᠡᠶᠢᠭᠡᠮ ᠤᠨ ᠬᠥᠭᠵᠢᠯᠲᠡ ᠨᠢᠭᠡᠨᠲᠡ ᠪᠣᠬᠢᠷᠲᠤᠯ ᠥᠬᠡᠶ᠂ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠲᠦᠷᠭᠡᠨ ᠢᠶᠠᠷ ᠬᠤᠪᠢᠷᠠᠭᠤᠯᠬᠤ ᠴᠢᠨᠠᠷ ᠰᠠᠶᠢᠲᠠᠶ ᠬᠥᠭᠵᠢᠯᠲᠡ ᠶᠢᠨ ᠱᠠᠲᠤᠨ ᠳᠤ ᠣᠷᠣᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠮᠥᠨ ᠬᠦ ᠳᠠᠷᠤᠯᠲᠠ ᠳᠠᠪᠬᠤᠴᠠᠭᠰᠠᠨ᠂ ᠳᠠᠷᠤᠭᠠᠰᠤ ᠲᠠᠢ ᠪᠠᠷ ᠤᠷᠤᠭᠰᠢᠯᠠᠬᠤ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ᠂ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠲᠦᠴᠡ ᠶᠢᠨ ᠴᠢᠨᠠᠷᠲᠠᠶ᠂ ᠦᠨᠳᠦᠰᠦ ᠰᠤᠷᠪᠤᠯᠵᠢ ᠶᠢᠨ ᠴᠢᠨᠠᠷᠲᠠᠶ᠂ ᠬᠠᠨᠳᠤᠰᠢ ᠶᠢᠨ ᠴᠢᠨᠠᠷᠲᠠᠶ ᠳᠠᠷᠤᠯᠲᠠ ᠶᠢ ᠬᠠᠷᠠᠬᠠᠨ ᠦᠨᠳᠦᠰᠦᠨ ᠠᠴᠠ ᠨᠢ ᠨᠠᠮᠳᠠᠭᠤᠯᠵᠤ ᠳᠡᠶᠢᠯᠦᠭᠡᠳᠦᠶ ᠪᠠᠶᠢᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠣᠬᠢᠷᠲᠤᠯ ᠥᠬᠡᠶ ᠲᠡᠶᠢᠰᠢ ᠬᠡᠯᠪᠡᠷᠢ ᠪᠠᠨ ᠬᠤᠪᠢᠷᠠᠭᠤᠯᠬᠤ ᠳᠣᠲᠣᠭᠠᠳᠤ ᠬᠥᠳᠡᠯᠭᠡᠬᠦ ᠬᠦᠴᠦᠨ ᠬᠦᠷᠦᠯᠴᠡᠬᠦ ᠥᠬᠡᠶ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠲᠣᠭᠲᠠᠭᠤᠨ ᠤ ᠳᠤᠮᠳᠠ ᠰᠠᠶᠢᠵᠢᠷᠠᠬᠤ ᠰᠠᠭᠤᠷᠢ ᠪᠠᠰᠠ ᠪᠠᠲᠤ ᠪᠠᠬᠢ ᠪᠢᠰᠢ ᠪᠠᠶᠢᠵᠤ᠂ ᠬᠡᠰᠡᠭ ᠣᠷᠣᠨ ᠪᠦᠰᠡ ᠶᠢᠨ ᠠᠮᠢ ᠠᠬᠤᠶ ᠶᠢᠨ ᠰᠢᠰᠲ᠋ᠧᠮ ᠮᠠᠭᠤᠳᠠᠬᠤ ᠬᠠᠨᠳᠤᠰᠢ ᠶᠢ ᠬᠠᠷᠠᠬᠠᠨ ᠦᠨᠳᠦᠰᠦᠨ ᠠᠴᠠ ᠨᠢ ᠬᠤᠪᠢᠷᠠᠭᠤᠯᠵᠤ ᠳᠡᠶᠢᠯᠦᠭᠡᠳᠦᠶ ᠪᠤᠯᠬᠤᠷ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠮᠥᠨ ᠬᠦ ᠪᠡᠷᠬᠡ ᠬᠠᠲᠠᠭᠤᠵᠢᠯᠲᠠᠶ ᠪᠠᠶᠢᠨ᠎ᠠ᠃ ᠰᠢᠨ᠎ᠡ ᠠᠶᠠᠨ ᠳᠤ᠂ ᠡᠷᠬᠡᠪᠰᠢ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠤᠯᠤᠰ ᠢᠶᠠᠨ ᠬᠦᠴᠦᠷᠬᠡᠭᠵᠢᠭᠦᠯᠬᠦ ᠪᠦᠳᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠤᠪᠤᠶᠢᠮ᠎ᠠ ᠪᠠᠶᠢᠷᠢᠨ ᠳᠤ ᠲᠠᠯᠪᠢᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢᠶᠠᠨ ᠪᠠᠲᠤᠯᠠᠵᠤ᠂ ᠦᠢᠯᠡᠳᠪᠦᠷᠢᠯᠡᠯ ᠬᠥᠭᠵᠢᠭᠰᠡᠨ᠂ ᠠᠮᠢᠳᠤᠷᠠᠯ ᠪᠠᠶᠠᠵᠢᠭᠰᠠᠨ᠂ ᠠᠮᠢ ᠠᠬᠤᠢ ᠰᠠᠶᠢᠨ ᠰᠠᠶᠢᠬᠠᠨ ᠪᠣᠯᠪᠠᠰᠤᠨ ᠬᠥᠭᠵᠢᠯᠲᠡ ᠶᠢᠨ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠲᠩᠷᠢ ᠨᠢ ᠴᠡᠯᠮᠡᠭ᠂ ᠬᠦᠷᠦᠰᠦ ᠨᠢ ᠨᠣᠭᠤᠭᠠᠨ᠂ ᠤᠰᠤ ᠨᠢ ᠲᠤᠩᠭᠠᠯᠠᠭ ᠰᠠᠶᠢᠨ ᠰᠠᠶᠢᠬᠠᠨ ᠭᠡᠷ ᠣᠷᠣᠨ ᠢ ᠪᠦᠳᠦᠭᠡᠨ ᠪᠠᠶᠢᠭᠤᠯᠬᠤ ᠬᠡᠷᠡᠭᠲᠡᠢ᠃   ᠬᠤᠶᠠᠷ᠂ ᠶᠡᠷᠦᠩᠬᠡᠶ ᠱᠠᠭᠠᠷᠳᠠᠯᠭ᠎ᠠ   ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠬᠤ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠢᠯᠠᠩᠭᠤᠶ᠎ᠠ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠪᠦᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠵᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠪᠠᠲᠤ ᠪᠤᠢ ᠪᠣᠯᠭᠠᠨ ᠦᠢᠯᠡᠳᠦᠯᠭᠡᠵᠢᠭᠦᠯᠵᠦ᠂ ᠴᠢᠨᠠᠷ ᠰᠠᠶᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠬᠠᠮᠠᠭᠠᠯᠠᠯᠲᠠ᠂ ᠭᠤᠤᠯᠳᠠᠯᠭ᠎ᠠ ᠲᠠᠢ ᠪᠣᠭᠤᠮᠲᠠ ᠰᠢᠪᠲᠤᠯᠬᠤ ᠪᠠ ᠬᠠᠮᠵᠢᠯᠴᠠᠨ ᠵᠠᠰᠠᠬᠤ᠂ ᠠᠶᠠᠨᠳᠠᠭᠠᠨ ᠰᠡᠷᠭᠦᠬᠦ ᠪᠠ ᠬᠥᠮᠦᠨ ᠤ ᠬᠦᠴᠦ ᠪᠠᠷ ᠰᠡᠷᠭᠦᠭᠡᠬᠦ᠂ ᠭᠠᠳᠠᠭᠠᠳᠤ ᠬᠢᠵᠠᠭᠠᠷᠯᠠᠯ ᠪᠠ ᠳᠣᠲᠣᠭᠠᠳᠤ ᠬᠥᠳᠡᠯᠭᠡᠬᠦ ᠬᠦᠴᠦᠨ᠂ ︽ᠬᠤᠤᠰ ᠨᠡᠭᠦᠷᠡᠰᠦᠲᠥ᠋ᠷᠥᠭᠴᠢ︾ ᠢᠢᠨ ᠠᠮᠠᠯᠠᠯᠲᠠ ᠪᠠ ᠪᠡᠶ᠎ᠡ ᠪᠠᠨ ᠳᠠᠭᠠᠭᠠᠭᠰᠠᠨ ᠠᠵᠢᠯᠯᠠᠭ᠎ᠠ ᠶᠢᠨ ᠬᠠᠷᠢᠴᠠᠭ᠎ᠠ ᠶᠢ ᠰᠠᠶᠢᠳᠤᠷ ᠰᠶᠢᠳᠪᠦᠷᠢᠯᠡᠵᠦ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ᠂ ᠪᠣᠬᠢᠷᠲᠤᠯ ᠢ ᠵᠠᠰᠠᠬᠤ᠂ ᠠᠮᠢ ᠠᠬᠤᠶ ᠶᠢᠨ ᠬᠠᠮᠠᠭᠠᠯᠠᠯᠲᠠ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠶᠢ ᠨᠢᠭᠡᠳᠦᠯᠲᠡᠢ ᠲᠦ᠋ᠯᠦᠪᠵᠢᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠦᠷᠭᠡᠳᠭᠡᠬᠦ᠂ ᠨᠡᠮᠡᠭᠳᠡᠯ ᠢ ᠬᠠᠮᠵᠢᠯᠴᠠᠨ ᠠᠬᠢᠭᠤᠯᠵᠤ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠵᠤ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠴᠢᠨᠠᠷ ᠰᠠᠶᠢᠲᠠᠶ ᠠᠮᠢ ᠠᠬᠤᠶ ᠣᠷᠴᠢᠨ ᠲᠣᠭᠤᠷᠢᠨ ᠢᠶᠠᠷ ᠴᠢᠨᠠᠷ ᠰᠠᠶᠢᠲᠠᠶ ᠬᠥᠭᠵᠢᠯᠲᠡ ᠶᠢ ᠲᠤᠯᠭᠠᠭᠤᠷᠢᠯᠠᠵᠤ᠂ ᠬᠥᠮᠦᠨ ᠪᠠᠶᠢᠭᠠᠯᠢ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠣᠳᠣᠬᠢᠴᠢᠯᠠᠯᠲᠠ ᠶᠢ ᠪᠡᠶᠡᠯᠡᠭᠦᠯᠬᠦ ᠪᠠᠷ ᠤᠳᠤᠷᠢᠳᠤᠮᠵᠢ ᠪᠣᠯᠭᠠᠭᠰᠠᠨ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠰᠢᠨ᠎ᠡ ᠪᠠᠶᠢᠷᠢᠰᠢᠯ ᠢ ᠲᠦᠷᠭᠡᠳᠭᠡᠨ ᠪᠣᠢ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠠᠮᠢ ᠠᠬᠤᠶ ᠶᠢᠨ ᠦᠨᠳᠦᠰᠦ ᠰᠠᠭᠤᠷᠢ ᠶᠢ ᠪᠠᠬᠢᠵᠢᠭᠦᠯᠬᠦ ᠬᠡᠷᠡᠭᠲᠡᠢ᠃ᠭᠤᠣᠯ ᠬᠠᠷᠠᠯᠲᠠ ᠪᠣᠯ᠄ 2027 ᠣᠨ ᠪᠣᠯᠬᠤ ᠳᠤ᠂ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠤ ᠬᠥᠭᠵᠢᠯᠲᠡ ᠶᠢ ᠭᠦᠨᠵᠡᠭᠡᠢ ᠠᠬᠢᠭᠤᠯᠵᠤ᠂ ᠭᠤᠣᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠶᠡᠷᠦᠩᠬᠡᠢ ᠬᠡᠮᠵᠢᠶ᠎ᠡ ᠶᠢ ᠦᠷᠭᠦᠯᠵᠢᠯᠡᠨ ᠪᠠᠭᠠᠰᠬᠠᠵᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠵᠦ᠂ ᠠᠮᠢ ᠠᠬᠤᠢ ᠶᠢᠨ ᠰᠢᠰᠲ᠋ᠧᠮ ᠤᠨ ᠦᠢᠯᠡᠴᠢᠯᠡᠭᠡᠨ ᠤ ᠦᠢᠯᠡᠳᠦᠯ ᠴᠢᠳᠠᠮᠵᠢ ᠶᠢ ᠲᠠᠰᠤᠷᠠᠯᠲᠠ ᠦᠭᠡᠢ ᠴᠢᠩᠭᠠᠳᠬᠠᠵᠤ᠂ ᠬᠤᠲᠠ ᠬᠥᠳᠡᠭᠡ ᠶᠢᠨ ᠣᠷᠣᠰᠢᠨ ᠰᠠᠭᠤᠷᠢᠰᠢᠬᠤ ᠣᠷᠴᠢᠨ ᠨᠦᠭᠦᠴᠡᠯ ᠢ ᠢᠯᠡᠳᠲᠡ ᠰᠠᠶᠢᠵᠢᠷᠠᠭᠤᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠢ ᠪᠦᠲᠦᠮᠵᠢᠲᠡᠢ ᠪᠠᠲᠤᠯᠠᠵᠤ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠢ ᠨᠡᠩ ᠪᠦᠷᠢᠨᠰᠢᠬᠦᠯᠵᠤ᠂ ᠨᠢᠭᠡ ᠪᠦᠯᠦᠭ ᠦᠢᠯᠡᠳᠦᠯᠭᠡ ᠶᠢᠨ ᠦᠯᠢᠭᠡᠷ ᠳᠠᠭᠤᠷᠢᠶᠠᠯ ᠢ ᠪᠦᠷᠢᠯᠳᠦᠭᠦᠯᠵᠦ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠢᠯᠡᠳᠲᠡ ᠦᠷ᠎ᠡ ᠪᠦᠲᠦᠮᠵᠢ ᠣᠯᠤᠨ᠎ᠠ᠃ 2035 ᠣᠨ ᠪᠣᠯᠬᠤ ᠳᠤ᠂ ᠪᠣᠬᠢᠷᠲᠤᠯ ᠥᠬᠡᠶ ᠦᠢᠯᠡᠳᠪᠦᠷᠢᠯᠡᠯ ᠪᠠ ᠠᠮᠢᠳᠤᠷᠠᠯ ᠤᠨ ᠬᠡᠯᠪᠡᠷᠢ ᠶᠢ ᠥᠷᠭᠡᠨ ᠢᠶᠠᠷ ᠪᠦᠷᠢᠯᠳᠦᠭᠦᠯᠵᠦ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠣᠷᠭᠢᠯ ᠬᠡᠮᠵᠢᠭᠳᠡᠯ ᠳᠤ ᠬᠦᠷᠦᠭᠰᠡᠨ ᠤ ᠳᠠᠷᠠᠭ᠎ᠠ ᠲᠣᠭᠲᠠᠭᠤᠨ ᠤ ᠳᠤᠮᠳᠠ ᠪᠠᠭᠤᠷᠠᠵᠤ᠂ ᠠᠮᠢ ᠠᠬᠤᠶ ᠣᠷᠴᠢᠨ ᠲᠣᠭᠤᠷᠢᠨ ᠦᠨᠳᠦᠰᠦᠨ ᠠᠴᠠ ᠪᠠᠨ ᠰᠠᠶᠢᠵᠢᠷᠠᠵᠤ᠂ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠰᠢᠨ᠎ᠡ ᠪᠠᠶᠢᠷᠢᠰᠢᠯ ᠢ ᠪᠥᠬᠦ ᠲᠠᠯ᠎ᠠ ᠪᠠᠷ ᠪᠦᠷᠢᠯᠳᠦᠭᠦᠯᠵᠦ᠂ ᠠᠮᠢ ᠠᠬᠤᠶ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ ᠲᠣᠭᠲᠠᠭᠤᠨ ᠴᠢᠨᠠᠷ ᠦᠷᠭᠦᠯᠵᠢᠯᠡᠬᠦ ᠴᠢᠨᠠᠷ ᠢ ᠢᠯᠡᠳᠲᠡ ᠳᠡᠭᠡᠭᠰᠢᠯᠡᠭᠦᠯᠵᠦ᠂ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠢ ᠨᠠᠩ ᠪᠠᠬᠢᠵᠢᠭᠦᠯᠵᠦ᠂ ᠠᠮᠢ ᠠᠬᠤᠶ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠵᠦ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠬᠠᠷᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ ᠲᠤᠰ ᠵᠠᠭᠤᠨ ᠤ ᠳᠤᠮᠳᠠᠴᠢ ᠦᠶ᠎ᠡ ᠶᠢ ᠪᠠᠷᠠᠯᠠᠬᠤᠶ᠎ᠠ᠂ ᠠᠮᠢ ᠠᠬᠤᠢ ᠶᠢᠨ ᠪᠣᠯᠪᠠᠰᠤᠨ ᠪᠦᠬᠦ ᠲᠠᠯ᠎ᠠ ᠪᠠᠷ ᠳᠡᠭᠡᠭᠰᠢᠯᠡᠵᠦ᠂ ᠪᠣᠬᠢᠷᠲᠤᠯ ᠦᠭᠡᠢ ᠬᠥᠭᠵᠢᠯᠲᠡ ᠶᠢᠨ ᠬᠡᠯᠪᠡᠷᠢ ᠪᠣᠯᠤᠨ ᠠᠮᠢᠳᠤᠷᠠᠯ ᠤᠨ ᠬᠡᠯᠪᠡᠷᠢ ᠪᠦᠬᠦ ᠲᠠᠯ᠎ᠠ ᠪᠠᠷ ᠪᠦᠷᠢᠯᠳᠦᠵᠦ᠂ ᠭᠤᠣᠯᠳᠠᠯᠭ᠎ᠠ ᠲᠠᠢ ᠬᠦᠷᠢᠶᠡᠨ ᠳᠤ ᠨᠡᠭᠦᠷᠡᠰᠦᠲᠥ᠋ᠷᠥᠭᠴᠢ ᠶᠢ ᠭᠦᠨᠵᠡᠭᠡᠢ ᠦᠭᠡᠶᠢᠲᠡᠭᠦᠯᠵᠦ᠂ ᠠᠮᠢ ᠠᠬᠤᠢ ᠣᠷᠴᠢᠨ ᠲᠣᠭᠤᠷᠢᠨ ᠡᠷᠡᠭᠦᠯ ᠭᠤᠶᠢᠳᠠ ᠰᠠᠶᠢᠬᠠᠨ ᠪᠤᠯᠵᠤ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠢ ᠪᠦᠬᠦ ᠲᠠᠯ᠎ᠠ ᠪᠠᠷ ᠪᠡᠶᠡᠯᠡᠭᠦᠯᠦᠨ᠎ᠡ᠃   ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠬᠠᠷᠠᠯᠲᠠ ᠶᠢ ᠴᠢᠭᠯᠡᠨ᠂ ᠤᠨᠢᠨ ᠳᠡᠭᠡᠷ᠎ᠡ ᠨᠢ ᠪᠣᠬᠢᠷᠲᠤᠯ ᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠪᠣᠬᠢᠷᠲᠤᠯ ᠢ ᠵᠠᠰᠠᠬᠤ᠂ ᠬᠠᠤᠯᠢ ᠶᠣᠰᠣᠭᠠᠷ ᠪᠣᠬᠢᠷᠲᠤᠯ ᠢ ᠵᠠᠰᠠᠬᠤ ᠶᠢ ᠪᠠᠷᠢᠮᠲᠠᠯᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠡᠷᠡᠭᠴᠡᠭᠡ᠂ ᠠᠮᠢ ᠠᠬᠤᠶ ᠣᠷᠴᠢᠨ ᠲᠣᠭᠤᠷᠢᠨ ᠢ ᠰᠠᠶᠢᠵᠢᠷᠠᠭᠤᠯᠬᠤ ᠲᠤᠬᠠᠢ ᠠᠷᠠᠳ ᠣᠯᠠᠨ ᠤ ᠰᠢᠨ᠎ᠡ ᠬᠦᠰᠡᠯ ᠡᠷᠡᠮᠡᠯᠵᠡᠯ ᠢ ᠦᠨᠳᠦᠰᠦᠯᠡᠵᠦ᠂ ᠠᠮᠢ ᠠᠬᠤᠶ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠲᠥᠪᠯᠡᠷᠡᠭᠦᠯᠦᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠤᠨ ᠰᠠᠶᠢᠵᠢᠷᠠᠯᠲᠠ ᠶᠢᠨ ᠲᠤᠭ᠎ᠠ ᠶᠢᠨ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠥᠷᠬᠦ ᠶᠢ ᠲᠦᠷᠭᠡᠳᠭᠡᠨ ᠠᠬᠢᠭᠤᠯᠤᠨ᠎ᠠ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭᠠᠨ ᠳᠤ ᠪᠣᠭᠤᠮᠲᠠ ᠰᠢᠪᠲᠤᠯᠬᠤ ᠠᠵᠢᠯ ᠢ ᠭᠦᠨᠵᠡᠭᠡᠶᠢᠷᠡᠭᠦᠯᠵᠦ᠂ ᠠᠮᠢ ᠠᠬᠤᠶ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠪᠡᠶᠡᠯᠡᠭᠦᠯᠦᠨ᠎ᠡ︔ ︽ᠠᠷᠪᠠᠨ ᠲᠠᠪᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠠᠬᠢᠵᠢᠭᠦᠯᠦᠨ ᠥᠷᠭᠡᠳᠭᠡᠵᠦ᠂ ᠠᠮᠢ ᠠᠬᠤᠶ ᠶᠢᠨ ᠣᠷᠴᠢᠨ ᠲᠣᠭᠤᠷᠢᠨ ᠢ ᠪᠦᠬᠦ ᠲᠠᠯ᠎ᠠ ᠪᠠᠷ ᠰᠠᠶᠢᠵᠢᠷᠠᠭᠤᠯᠬᠤ ᠶᠢ ᠪᠡᠶᠡᠯᠡᠭᠦᠯᠦᠨ᠎ᠡ︔ ︽ᠠᠷᠪᠠᠨ ᠵᠢᠷᠭᠤᠳᠤᠭᠠᠷ ᠲᠠᠪᠤᠨ ᠵᠢᠯ︾ ᠤᠨ ᠬᠤᠭᠤᠴᠠᠭᠠᠨ ᠳᠤ ᠪᠦᠬᠦᠯᠢ ᠴᠣᠭᠴᠠ ᠪᠠᠷ ᠨᠢ ᠳᠡᠭᠡᠭᠰᠢᠯᠡᠭᠦᠯᠵᠦ᠂ ᠠᠮᠢ ᠠᠬᠤᠶ ‍ᠣᠷᠴᠢᠨ ᠲᠣᠭᠤᠷᠢᠨ ᠢ ᠦᠨᠳᠦᠰᠦᠨ ᠠᠴᠠ ᠨᠢ ᠰᠠᠶᠢᠵᠢᠷᠠᠭᠤᠯᠬᠤ ᠶᠢ ᠪᠡᠶᠡᠯᠡᠭᠦᠯᠦᠨ᠎ᠡ᠃ ᠲᠤᠤᠷᠠᠬᠢ ᠬᠡᠳᠤᠨ ᠲᠠᠯ᠎ᠠ ᠶᠢ ᠪᠡᠶᠡᠯᠡᠭᠦᠯᠬᠦ ᠶᠢ ᠪᠠᠷᠢᠮᠲᠠᠯᠠᠬᠤ ᠬᠡᠷᠡᠭᠲᠡᠢ᠄   — ᠪᠦᠬᠦ ᠬᠦᠷᠢᠶᠡᠨ ᠳᠤ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠦᠨ᠎ᠡ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠣᠬᠢᠷᠲᠤᠯ ᠦᠭᠡᠢ᠂ ᠪᠠᠭ᠎ᠠ ᠨᠡᠭᠦᠷᠡᠰᠦᠲᠥ᠋ᠷᠥᠭᠴᠢᠲᠤ ᠶᠢ ᠶᠡᠭᠡ ᠪᠠᠷ ᠠᠬᠢᠭᠤᠯᠵᠤ᠂ ᠡᠨᠧᠷᠭᠢ᠂ ᠠᠵᠤ ᠦᠢᠯᠡᠳᠪᠦᠷᠢ᠂ ᠵᠠᠮ ᠲᠡᠭᠡᠭᠡᠪᠦᠷᠢ᠂ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ᠂ ᠲᠠᠷᠢᠶᠠᠯᠠᠩ ᠵᠡᠷᠭᠡ ᠬᠦᠷᠢᠶᠡᠨ ᠳᠠᠬᠢ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠤ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠵᠦ᠂ ᠪᠣᠬᠢᠷᠲᠤᠯ ᠦᠭᠡᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠳᠣᠲᠣᠭᠠᠳᠤ ᠬᠥᠳᠡᠯᠭᠡᠬᠦ ᠬᠦᠴᠦᠨ᠂ ᠰᠢᠨ᠎ᠡ ᠶᠢ ᠡᠭᠦᠳᠬᠦ ᠠᠮᠢᠳᠤᠯᠢᠭ ᠬᠦᠴᠦᠨ ᠢ ᠴᠢᠩᠭᠠᠷᠠᠭᠤᠯᠤᠨ᠎ᠠ᠃   — ᠪᠦᠬᠦ ᠲᠠᠯ᠎ᠠ ᠪᠠᠷ ᠳᠡᠭᠡᠭᠰᠢᠯᠡᠭᠦᠯᠬᠦ ᠶᠢ ᠪᠡᠶᠡᠯᠡᠭᠦᠯᠦᠨ᠎ᠡ᠃ ᠬᠦᠴᠦᠨ ᠵᠦᠢᠯ ᠢ ᠨᠢᠭᠡᠳᠦᠯᠲᠡᠶ ᠲᠥᠯᠥᠪᠵᠢᠭᠦᠯᠬᠦ ᠪᠠ ᠬᠤᠲᠠ ᠬᠥᠳᠡᠭᠡ ᠶᠢ ᠠᠭᠤᠰᠤᠯᠴᠠᠭᠤᠯᠬᠤ ᠶᠢ ᠪᠠᠷᠢᠮᠲᠠᠯᠠᠵᠤ᠂ ︽ᠦᠵᠡᠰᠭᠦᠯᠡᠩᠲᠦ ᠰᠠᠶᠢᠬᠠᠨ ᠰᠢᠷᠢᠰ︾ ᠪᠥᠲᠥᠭᠡᠨ ᠪᠠᠶᠢᠭᠤᠯᠤᠯᠲᠠ ᠶᠢᠨ ᠠᠵᠢᠯ ᠢ ᠨᠢᠭᠡ ᠴᠣᠭᠴᠠᠵᠢᠭᠤᠯᠤᠨ ᠥᠷᠨᠢᠭᠦᠯᠵᠦ᠂ ᠦᠵᠡᠰᠭᠦᠯᠡᠩᠲᠦ ᠰᠠᠶᠢᠬᠠᠨ ᠬᠥᠬᠡ ᠣᠭᠲᠠᠷᠭᠤᠶ᠂ ᠦᠵᠡᠰᠭᠦᠯᠡᠩᠲᠦ ᠰᠠᠶᠢᠬᠠᠨ ᠭᠤᠤᠯ ᠮᠥᠷᠡᠨ ᠨᠠᠭᠤᠷ ᠴᠥᠭᠦᠷᠥᠮ᠂ ᠦᠵᠡᠰᠭᠦᠯᠡᠩᠲᠦ ᠰᠠᠶᠢᠬᠠᠨ ᠲᠡᠯᠡᠶ ᠶᠢᠨ ᠪᠤᠯᠤᠩ᠂ ᠦᠵᠡᠰᠭᠦᠯᠡᠩᠲᠦ ᠰᠠᠶᠢᠬᠠᠨ ᠠᠭᠤᠯᠠ ᠤᠰᠤᠨ ᠤ ᠪᠥᠲᠥᠭᠡᠨ ᠪᠠᠶᠢᠭᠤᠯᠤᠯᠲᠠ ᠶᠢ ᠭᠤᠤᠯᠳᠠᠯᠭ᠎ᠠ ᠲᠠᠢ ᠠᠬᠢᠭᠤᠯᠵᠤ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠬᠤᠰᠢᠭᠤᠴᠢ ᠣᠷᠣᠨ᠂ ᠦᠵᠡᠰᠭᠦᠯᠡᠩᠲᠦ ᠰᠠᠶᠢᠬᠠᠨ ᠬᠤᠲᠠ᠂ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢ ᠪᠥᠲᠥᠭᠡᠨ ᠪᠠᠶᠢᠭᠤᠯᠵᠤ᠂ ᠲᠣᠰ ᠲᠣᠰ ᠤᠨ ᠢᠶᠠᠨ ᠭᠤ ᠤᠠ᠋ ᠰᠠᠶᠢᠬᠠᠨ ᠲᠠᠢ᠂ ᠭᠤ ᠤᠠ᠋ ᠰᠠᠶᠢᠬᠠᠨ ᠢᠶᠠᠨ ᠬᠠᠮᠲᠤᠳᠬᠠᠭᠰᠠᠨ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠰᠢᠨ᠎ᠡ ᠬᠠᠭᠤᠳᠠᠰᠤ ᠶᠢ ᠵᠢᠷᠤᠭᠯᠠᠨ᠎ᠠ᠃   — ᠪᠦᠬᠦ ᠣᠷᠣᠨ ᠪᠦ᠋ᠰᠡ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠨ᠎ᠡ᠃ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠪᠦᠬᠦ ᠣᠷᠣᠨ ᠪᠦᠰᠡ ᠶᠢ ᠪᠦᠷᠬᠦᠬᠦᠯᠬᠦ ᠶᠢ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ᠂ ᠱᠠᠲᠤ ᠳᠠᠷᠠᠭᠠᠯᠠᠨ ᠠᠬᠢᠭᠤᠯᠵᠤ᠂ ᠦᠵᠡᠰᠭᠦᠯᠡᠩᠲᠦ ᠰᠠᠶᠢᠬᠠᠨ ᠪᠠᠷᠠᠭᠤᠨ ᠣᠷᠣᠨ ᠤ ᠰᠦᠷᠯᠢᠭ ᠰᠠᠶᠢᠬᠠᠨ ᠳᠦᠷᠰᠦ ᠪᠠᠶᠢᠳᠠᠯ᠂ ᠦᠵᠡᠰᠭᠦᠯᠡᠩᠲᠦ ᠰᠠᠶᠢᠬᠠᠨ ᠵᠡᠭᠦᠨ ᠬᠤᠶᠢᠲᠤ ᠤᠷᠤᠨ ᠤ ᠥᠷᠭᠡᠨ ᠠᠭᠤᠳᠠᠮ ᠦᠩᠭᠡ ᠦᠵᠡᠮᠵᠢ᠂ ᠦᠵᠡᠰᠭᠦᠯᠡᠩᠲᠦ ᠰᠠᠶᠢᠬᠠᠨ ᠳᠤᠮᠳᠠ ᠣᠷᠣᠨ ᠤ ᠭᠤᠶᠤᠮᠰᠤᠭ ᠰᠠᠶᠢᠬᠠᠨ ᠠᠭᠤᠯᠠ ᠤᠰᠤ᠂ ᠡᠶ᠎ᠡ ᠵᠣᠬᠢᠴᠠᠩᠭᠤᠢ ᠵᠡᠭᠦᠨ ᠣᠷᠣᠨ ᠤ ᠭᠤᠶᠢᠳᠠ ᠰᠠᠶᠢᠬᠠᠨ ᠵᠢᠷᠤᠭ ᠲᠦᠷᠰᠦ ᠶᠢ ᠢᠯᠡᠷᠡᠭᠦᠯᠵᠦ᠂ ᠲᠤᠰ ᠲᠤᠰ ᠤᠨ ᠣᠨᠴᠠᠯᠢᠭ ᠲᠠᠢ᠂ ᠦᠩᠭᠡ ᠢᠯᠭᠠᠷᠠᠭᠰᠠᠨ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠦᠵᠡᠮᠵᠢ ᠶᠢ ᠵᠢᠷᠤᠬᠯᠠᠨ᠎ᠠ᠃   — ᠪᠦᠬᠦ ᠨᠡᠶᠢᠭᠡᠮ ᠢᠶᠠᠷ ᠢᠶᠠᠨ ᠬᠦᠳᠡᠯᠦᠯᠴᠡᠨ᠎ᠡ᠃ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠪᠥᠬᠦ ᠠᠷᠠᠳ ᠲᠦᠮᠡᠨ ᠤ ᠠᠵᠢᠯᠯᠠᠭᠠᠨ ᠤ ᠤᠬᠠᠮᠰᠠᠷ ᠪᠣᠯᠭᠠᠨ ᠬᠤᠪᠢᠷᠠᠭᠤᠯᠵᠤ᠂ ᠬᠦᠷᠢᠶᠡᠯᠡᠩ ᠲᠣᠭᠤᠷᠢᠭ᠂ ᠠᠵᠤ ᠠᠬᠤᠶᠢᠯᠠᠯ᠂ ᠨᠡᠶᠢᠭᠡᠮ ᠲᠣᠭᠤᠷᠢᠭ᠂ ᠰᠤᠷᠭᠠᠭᠤᠯᠢ ᠵᠡᠷᠭᠡ ᠦᠨᠳᠦᠰᠦᠨ ᠱᠠᠲᠤᠨ ᠤ ᠨᠢᠭᠡᠴᠢ ᠶᠢᠨ ᠪᠣᠬᠢᠷᠲᠤᠯ ᠥᠬᠡᠶ᠂ ᠠᠷᠢᠭᠤᠨ ᠴᠡᠪᠡᠷ᠂ ᠨᠡᠭᠦᠷᠡᠰᠦᠲᠥ᠋ᠷᠥᠭᠴᠢ ᠥᠬᠡᠶ ᠲᠡᠶᠢᠰᠢ ᠬᠥᠲᠥᠯᠥᠨ ᠳᠠᠭᠠᠭᠤᠯᠬᠤ ᠠᠵᠢᠯᠯᠠᠭ᠎ᠠ ᠥᠷᠨᠢᠭᠦᠯᠬᠦ ᠶᠢ ᠵᠣᠷᠢᠭᠵᠢᠭᠤᠯᠵᠤ᠂ ᠬᠥᠮᠦᠨ ᠪᠦᠬᠦᠨ ᠣᠷᠣᠯᠴᠠᠭᠰᠠᠨ᠂ ᠬᠥᠮᠦᠨ ᠪᠦᠬᠦᠨ ᠬᠠᠮᠲᠤ ᠪᠠᠷ ᠡᠳ᠋ᠯᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ᠃   ᠭᠤᠷᠪᠠ᠂ ᠬᠦᠭᠵᠢᠯᠲᠡ ᠶᠢᠨ ᠪᠣᠬᠢᠷᠲᠤᠯ ᠦᠭᠡᠢ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠭᠡᠨ᠎ᠡ   ︵ᠨᠢᠭᠡ︶ ᠤᠯᠤᠰ ᠤᠨ ᠨᠤᠲᠤᠭ ᠲᠡᠪᠢᠰᠭᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠬᠤ ᠪᠠᠶᠢᠷᠢᠰᠢᠯ ᠢ ᠰᠢᠯᠢᠳᠡᠭᠵᠢᠭᠦᠯᠦᠨ᠎ᠡ᠃ ᠭᠤᠤᠯ ᠴᠣᠭᠴᠠ ᠶᠢᠨ ᠴᠢᠳᠠᠮᠵᠢᠲᠤ ᠣᠷᠣᠨ ᠤ ᠳᠦᠷᠢᠮ ᠢ ᠪᠦᠷᠢᠨᠰᠢᠭᠦᠯᠵᠦ᠂ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠶᠢᠨ ᠲᠥᠯᠥᠪᠵᠢᠭᠦᠯᠭᠡ ᠶᠢᠨ ᠰᠢᠰᠲ᠋ᠧᠮ ᠢ ᠲᠡᠭᠦᠯᠳᠡᠷᠵᠢᠭᠦᠯᠦᠨ᠂ ᠲᠠᠷᠢᠶᠠᠯᠠᠩ᠂ ᠠᠮᠢ ᠠᠬᠤᠢ᠂ ᠬᠤᠲᠠ ᠪᠠᠯᠭᠠᠰᠤ ᠵᠡᠷᠭᠡ ᠡᠯ᠎ᠡ ᠲᠦᠷᠦᠯ ᠤᠨ ᠣᠷᠣᠨ ᠵᠠᠢ ᠶᠢᠨ ᠪᠠᠶᠢᠷᠢᠰᠢᠯ ᠢ ᠨᠢᠭᠡᠳᠦᠯᠲᠡᠢ ᠲᠥᠯᠥᠪᠵᠢᠭᠦᠯᠦᠨ ᠰᠢᠯᠢᠳᠡᠭᠵᠢᠭᠦᠯᠦᠨ᠎ᠡ᠃ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠪᠠᠲᠤ ᠰᠠᠬᠢᠵᠤ᠂ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠪᠠ ᠬᠠᠮᠠᠭᠠᠯᠠᠯᠲᠠ ᠰᠡᠷᠭᠦᠭᠡᠯᠲᠡ ᠶᠢ ᠴᠢᠩᠭᠠᠳᠬᠠᠵᠤ᠂ ᠪᠦᠬᠦ ᠤᠯᠤᠰ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠲᠠᠯᠠᠪᠠᠢ ᠶᠢ 315 ᠲᠦᠮᠡᠨ ᠲᠡᠭᠰᠢ ᠳᠥᠷᠪᠡᠯᠵᠢᠨ ᠺᠢᠯᠣᠮᠧᠲᠷ ᠠᠴᠠ ᠳᠡᠭᠡᠭᠰᠢ ᠪᠠᠶᠢᠯᠭᠠᠬᠤ ᠶᠢ ᠪᠠᠲᠤᠯᠠᠨ᠎ᠡ᠃ 18 ᠳ᠋ᠦᠩᠰᠢᠭᠤᠷ ᠮᠦ ᠲᠠᠷᠢᠶᠠᠨ ᠭᠠᠵᠠᠷ ᠤᠨ ᠤᠯᠠᠭᠠᠨ ᠱᠤᠭᠤᠮ ᠢ ᠡᠷᠡᠰ ᠰᠠᠬᠢᠵᠤ᠂ ᠤᠷᠲᠤ ᠬᠤᠭᠤᠴᠠᠭ᠎ᠠ ᠪᠠᠷ ᠲᠣᠭᠲᠠᠭᠤᠨ ᠢᠶᠠᠷ ᠠᠰᠢᠭᠯᠠᠵᠤ ᠪᠣᠯᠬᠤ ᠲᠠᠷᠢᠶᠠᠨ ᠭᠠᠵᠠᠷ ᠢ ᠳᠠᠬᠢᠵᠤ ᠪᠠᠭᠠᠰᠬᠠᠬᠤ ᠦᠭᠡᠢ ᠪᠠᠶᠢᠬᠤ ᠶᠢ ᠦᠨᠡᠨ ᠬᠦ ᠪᠠᠲᠤᠯᠠᠨ᠎ᠠ᠃ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠴᠢᠩᠭ᠎ᠠ ᠬᠠᠮᠢᠶᠠᠷᠤᠨ ᠡᠵᠡᠮᠳᠡᠵᠦ᠂ ᠬᠤᠲᠠ ᠪᠠᠯᠭᠠᠰᠤᠨ ᠤ ᠣᠷᠣᠨ ᠵᠠᠶ ᠶᠢᠨ ᠠᠭᠤᠯᠤᠭᠳᠠᠬᠤᠨ ᠮᠠᠶ᠋ᠢᠭ ᠤᠨ ᠡᠷᠴᠢᠮᠵᠢᠭᠰᠡᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠎ᠠ᠃ ᠭᠤᠤᠯ ᠮᠥᠷᠡᠨ ᠨᠠᠭᠤᠷ ᠴᠥᠭᠦᠷᠥᠮ ᠤᠨ ᠤᠰᠤᠨ ᠣᠷᠣᠨ ᠤ ᠡᠷᠭᠢ ᠲᠠᠭᠠᠤ ᠣᠷᠣᠨ ᠵᠠᠶ ᠳᠠᠬᠢ ᠬᠠᠮᠢᠶᠠᠷᠤᠯᠲᠠ ᠡᠵᠡᠮᠳᠡᠯ ᠢ ᠴᠢᠩᠳᠠᠯᠠᠨ᠎ᠠ᠃ ᠲᠠᠯᠠᠢ ᠲᠠᠩᠭᠢᠰ ᠪᠠ ᠲᠠᠯᠠᠢ ᠶᠢᠨ ᠡᠷᠭᠢ ᠶᠢᠨ ᠪᠦᠰᠡ ᠶᠢᠨ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠢ ᠳᠠᠬᠢ ᠬᠠᠮᠢᠶᠠᠷᠤᠯᠲᠠ ᠡᠵᠡᠮᠳᠡᠯ ᠢᠶᠠᠨ ᠴᠢᠩᠭᠠᠳᠬᠠᠵᠤ᠂ ᠲᠠᠯᠠᠢ ᠲᠠᠩᠬᠢᠰ ᠢ ᠦᠷ᠎ᠡ ᠠᠰᠢᠭ ᠪᠠᠭᠠᠲᠠᠢ ᠪᠠᠷ ᠠᠰᠢᠭᠯᠠᠬᠤ ᠲᠦᠷᠦᠯ ᠵᠦᠢᠯ ᠢ ᠤᠬᠤᠷᠢᠭᠤᠯᠤᠨ ᠭᠠᠷᠭᠠᠯᠭᠠᠬᠤ ᠲᠣᠭᠲᠡᠴᠡ ᠶᠢ ᠪᠠᠶᠢᠭᠤᠯᠵᠤ᠂ ᠤᠯᠤᠰ ᠤᠨ ᠴᠢᠬᠤᠯᠠ ᠶᠡᠭᠡ ᠲᠦᠷᠦᠯ ᠵᠦᠢᠯ ᠠᠴᠠ ᠭᠠᠳᠠᠨ᠎ᠠ᠂ ᠲᠠᠯᠠᠢ ᠶᠢ ᠬᠦᠷᠢᠶᠡᠯᠡᠨ ᠪᠥᠭᠯᠡᠬᠦ ᠲᠦᠷᠦᠯ ᠵᠦᠢᠯ ᠢ ᠰᠢᠨ᠎ᠡ ᠪᠠᠷ ᠨᠡᠮᠡᠭᠳᠡᠭᠦᠯᠬᠦ ᠦᠭᠡᠢ᠃ ᠪᠦᠬᠦ ᠣᠷᠣᠨ ᠪᠦᠰᠡ ᠶᠢ ᠬᠠᠮᠤᠷᠤᠭᠰᠠᠨ ᠠᠮᠢ ᠠᠬᠤᠢ ᠶᠢᠨ ᠣᠷᠴᠢᠨ ᠨᠥᠬᠦᠴᠡᠯ ᠤᠨ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠵᠦ᠂ ᠬᠥᠭᠵᠢᠯᠲᠡ ᠶᠢᠨ ︽ᠬᠤᠷᠢᠭ᠎ᠠ ᠱᠤᠭᠤᠮ ᠢ ᠲᠤᠳᠤᠷᠬᠠᠶᠢᠯᠠᠵᠤ︾᠂ ︽ᠵᠠᠭᠠᠭ ᠱᠤᠭᠤᠮ ᠢ ᠲᠤᠭᠲᠠᠭᠠᠨ᠎ᠠ︾᠃ 2035 ᠣᠨ ᠪᠣᠯᠬᠤ ᠳᠤ ᠂ ᠡᠬᠡ ᠬᠠᠭᠤᠷᠠᠶ ᠶᠢᠨ ᠪᠠᠶᠢᠭᠠᠯᠢᠯᠢᠭ ᠡᠷᠭᠢ ᠲᠠᠭᠠᠤ ᠤᠷᠤᠨ ᠢ ᠪᠠᠲᠤᠯᠠᠬᠤ ᠨᠣᠷᠮ᠎ᠠ ᠶᠢ 35% ᠠᠴᠠ ᠳᠤᠤᠷ᠎ᠠ ᠪᠠᠶᠢᠯᠭᠠᠬᠤ ᠥᠬᠡᠶ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠠᠮᠢ ᠠᠬᠤᠶ ᠶᠢᠨ ᠴᠢᠳᠠᠮᠵᠢ ᠶᠢ ᠪᠠᠭᠤᠷᠠᠭᠤᠯᠬᠤ ᠥᠬᠡᠶ᠂ ᠰᠢᠨᠵᠢ ᠴᠢᠨᠠᠷ ᠢ ᠬᠤᠪᠢᠷᠠᠭᠤᠯᠬᠤ ᠥᠬᠡᠶ᠃   ︵ᠬᠤᠶᠠᠷ︶ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠶ ᠯᠠᠪᠳᠠᠭᠤᠨ ᠢᠶᠠᠷ ᠠᠬᠢᠭᠤᠯᠤᠨ᠎ᠠ᠃ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠠᠵᠢᠯᠯᠠᠭ᠎ᠠ ᠶᠢ ᠲᠥᠯᠥᠪᠯᠡᠭᠡ ᠲᠠᠢ ᠠᠯᠬᠤᠮ ᠲᠠᠷᠠᠭ᠎ᠠ ᠲᠠᠢ ᠪᠠᠷ ᠬᠡᠷᠡᠭᠵᠢᠭᠦᠯᠵᠦ᠂ 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠣᠷᠭᠢᠯ ᠬᠡᠮᠵᠢᠭᠳᠡᠯ ᠳᠤ ᠬᠦᠷᠭᠡᠬᠦ ᠪᠠᠷ ᠴᠢᠷᠮᠠᠶᠢᠵᠤ᠂ 2060 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠬᠤ ᠳᠤ ᠰᠠᠭᠤᠷᠢ ᠶᠢ ᠲᠠᠯᠪᠢᠵᠤ ᠥᠭᠭᠦᠨ᠎ᠡ᠃ ᠤᠷᠢᠳ ᠢᠶᠠᠷ ᠪᠠᠶᠢᠭᠤᠯᠵᠤ ᠳᠠᠷᠠᠭ᠎ᠠ ᠨᠢ ᠡᠪᠳᠡᠬᠦ ᠶᠢ ᠪᠠᠷᠢᠮᠲᠠᠯᠠᠨ᠂ ᠰᠢᠨ᠎ᠡ ᠬᠡᠯᠪᠡᠷᠢ ᠶᠢᠨ ᠡᠨᠧᠷᠭᠢ ᠶᠢᠨ ᠰᠢᠰᠲ᠋ᠧᠮ ᠢ ᠲᠦᠷᠭᠡᠳᠭᠡᠨ ᠲᠥᠯᠥᠪᠵᠢᠭᠦᠯᠦᠨ ᠪᠠᠶᠢᠭᠤᠯᠵᠤ᠂ ᠡᠨᠧᠷᠭᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠨᠡᠭᠦᠷᠡᠰᠦ ᠵᠡᠷᠭᠡ ᠴᠢᠯᠠᠭᠤᠵᠢᠮᠠᠯ ᠤᠨ ᠡᠨᠧᠷᠭᠢ ᠶᠢᠨ ᠬᠡᠷᠡᠭᠯᠡᠭᠡ ᠶᠢ ᠭᠤᠣᠯᠳᠠᠯᠭ᠎ᠠ ᠲᠠᠢ ᠪᠠᠷ ᠬᠢᠵᠠᠭᠠᠷᠯᠠᠵᠤ᠂ ᠨᠡᠭᠦᠷᠡᠰᠦ ᠶᠢ ᠠᠷᠢᠭᠤᠨ ᠴᠡᠪᠡᠷ ᠪᠥᠭᠡᠳ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠴᠢᠩᠭᠠᠳᠬᠠᠨ ᠂ ᠴᠢᠯᠠᠭᠤᠵᠢᠮᠠᠯ ᠤᠨ ᠪᠤᠰᠤ ᠡᠨᠧᠷᠭᠢ ᠶᠢ ᠶᠡᠭᠡ ᠪᠠᠷ ᠬᠥᠭᠵᠢᠭᠦᠯᠵᠦ᠂ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠲᠦᠷᠭᠡᠳᠬᠡᠨ ᠪᠠᠶᠢᠭᠤᠯᠤᠨ᠎ᠠ᠃ ᠤᠯᠠᠨ ᠬᠦᠷᠢᠶᠡᠨ ᠳᠠᠬᠢ ᠤᠯᠠᠨ ᠲᠡᠰ ᠳᠠᠪᠬᠤᠷᠭ᠎ᠠ ᠪᠦᠬᠦᠢ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠬᠠᠮᠵᠢᠯᠴᠠᠨ ᠰᠢᠨ᠎ᠡ ᠶᠢ ᠡᠭᠦᠳᠬᠦ ᠲᠤᠷᠰᠢᠯᠲᠠ ᠶᠢ ᠥᠷᠨᠢᠭᠦᠯᠦᠨ᠎ᠡ᠃ ᠡᠨᠧᠷᠭᠢ ᠶᠢᠨ ᠬᠤᠷᠣᠭᠳᠠᠭᠤᠯᠤᠯ ᠤᠨ ᠬᠤᠣᠰ ᠡᠵᠡᠮᠳᠡᠯ ᠢ ᠠᠯᠬᠤᠮ ᠠᠯᠬᠤᠮ ᠢᠶᠠᠷ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠶᠡᠷᠦᠩᠬᠡᠶ ᠬᠡᠮᠵᠢᠶ᠎ᠡ ᠪᠣᠯᠤᠨ ᠬᠦᠴᠦᠯᠡᠴᠡ ᠶᠢᠨ ᠬᠤᠣᠰ ᠡᠵᠡᠮᠳᠡᠯ ᠲᠡᠶᠢᠰᠢ ᠬᠤᠪᠢᠷᠠᠭᠤᠯᠬᠤ ᠶᠢ ᠠᠬᠢᠭᠤᠯᠵᠤ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠬᠤᠣᠰ ᠡᠵᠡᠮᠳᠡᠯ ᠤᠨ ᠰᠠᠭᠤᠷᠢ ᠴᠢᠳᠠᠪᠤᠷᠢ ᠪᠣᠯᠤᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠨ᠎ᠠ᠃ ᠤᠯᠤᠰ ᠤᠨ ᠬᠦᠯᠡᠮᠵᠢ ᠶᠢᠨ ᠬᠡᠢ ᠪᠡᠶᠡᠲᠦ ᠶᠢᠨ ᠨᠠᠷᠢᠨ ᠲᠠᠩᠰᠠ ᠶᠢ ᠵᠢᠯ ᠳᠠᠷᠠᠭᠠᠯᠠᠨ ᠨᠠᠶᠢᠷᠠᠭᠤᠯᠤᠨ ᠵᠣᠬᠢᠶᠠᠨ᠎ᠠ᠃ ᠮᠧᠲ᠋ᠠᠨ ᠤ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠠᠵᠢᠯᠯᠠᠭ᠎ᠠ ᠶᠢᠨ ᠲᠥᠰᠦᠯ ᠢ ᠬᠡᠷᠡᠭᠵᠢᠭᠦᠯᠵᠦ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠪᠤᠰᠤ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠬᠢᠵᠠᠭᠠᠷᠯᠠᠬᠤ ᠪᠤᠰᠤᠳ ᠠᠵᠢᠯᠯᠠᠭ᠎ᠠ ᠶᠢᠨ ᠲᠥᠰᠦᠯ ᠢ ᠰᠤᠳᠤᠯᠤᠨ ᠲᠣᠭᠲᠠᠭᠠᠨ᠎ᠠ᠃ ᠪᠦᠬᠦ ᠤᠯᠤᠰ ᠤᠨ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠢ ᠴᠢᠨᠠᠭᠰᠢᠳᠠ ᠬᠥᠭᠵᠢᠭᠦᠯᠵᠦ᠂ ᠠᠵᠢᠯ ᠲᠦᠷᠦᠯ ᠤᠨ ᠬᠠᠮᠤᠷᠬᠤ ᠬᠡᠪᠴᠢᠶ᠎ᠡ ᠶᠢ ᠲᠣᠭᠲᠠᠭᠤᠨ ᠢᠶᠠᠷ ᠥᠷᠭᠡᠳᠭᠡᠨ᠂ ᠠᠷᠠᠯᠵᠢᠶᠠᠯᠠᠬᠤ ᠲᠦᠷᠦᠯ ᠵᠦᠢᠯ ᠪᠠ ᠠᠷᠭ᠎ᠠ ᠮᠠᠶ᠋ᠢᠭ ᠢ ᠪᠠᠶᠠᠯᠢᠭᠵᠢᠭᠤᠯᠵᠤ᠂ ᠪᠦᠬᠦ ᠤᠯᠤᠰ ᠤᠨ ᠬᠦᠯᠡᠮᠵᠢ ᠶᠢᠨ ᠬᠡᠢ ᠪᠡᠶᠡᠲᠦ ᠶᠢᠨ ᠭᠠᠳᠠᠭᠰᠢᠯᠠᠭᠤᠯᠤᠯᠲᠠ ᠶᠢ ᠰᠠᠶᠢᠨ ᠳᠤᠷ᠎ᠠ ᠠᠴᠠ ᠪᠠᠨ ᠪᠠᠭᠠᠰᠬᠠᠬᠤ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠤᠨ ᠲᠡᠭᠦᠯᠳᠡᠷᠵᠢᠭᠦᠯᠦᠨ᠎ᠡ᠃ 2035 ᠣᠨ ᠪᠣᠯᠬᠤ ᠳᠤ᠂ ᠡᠨᠧᠷᠭᠢ ᠶᠢᠨ ᠬᠡᠷᠡᠭᠯᠡᠭᠡᠨ ᠤ ᠶᠡᠷᠦᠩᠬᠡᠶ ᠬᠡᠮᠵᠢᠶ᠎ᠡ ᠳᠠᠬᠢ ᠴᠢᠯᠠᠭᠤᠵᠢᠮᠠᠯ ᠤᠨ ᠪᠤᠰᠤ ᠡᠨᠧᠷᠭᠢ ᠶᠢᠨ ᠡᠵᠡᠯᠡᠬᠦ ᠬᠤᠪᠢ ᠶᠢᠨ ᠵᠢᠩ ᠢ ᠴᠢᠨᠠᠭᠰᠢᠳᠠ ᠳᠡᠭᠡᠭᠰᠢᠯᠡᠭᠦᠯᠵᠦ᠂ ᠨᠠᠩ ᠪᠦᠲᠦᠮᠵᠢᠲᠡᠶ᠂ ᠨᠠᠩ ᠠᠮᠢᠵᠢᠷᠠᠯ ᠤᠨ ᠬᠦᠴᠦᠨ ᠲᠠᠢ᠂ ᠲᠡᠯᠡᠬᠡᠢ ᠶᠢᠨ ᠨᠥᠯᠥᠭᠡᠯᠡᠬᠦ ᠬᠦᠴᠦᠨ ᠢᠶᠠᠷ ᠨᠡᠩ ᠴᠢᠩᠭ᠎ᠠ ᠨᠡᠭᠦᠷᠡᠰᠦᠲᠥ᠋ᠷᠥᠭᠴᠢ ᠶᠢᠨ ᠵᠠᠬ᠎ᠠ ᠳᠡᠯᠭᠡᠭᠦᠷ ᠢ ᠪᠠᠶᠢᠭᠤᠯᠤᠨ᠎ᠠ᠃   ︵ᠭᠤᠷᠪᠠ︶ ᠭᠤᠣᠯᠳᠠᠯᠭ᠎ᠠ ᠲᠠᠢ ᠬᠦᠷᠢᠶᠡᠨ ᠳᠠᠬᠢ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠤ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠠᠵᠤ ᠦᠢᠯᠡᠰ ᠤᠨ ᠲᠣᠭᠠᠴᠢᠯᠠᠯᠲᠠ᠂ ᠤᠶᠤᠨᠴᠢᠯᠠᠯᠳᠠ ᠶᠢᠨ ᠪᠣᠬᠢᠷᠲᠤᠯ ᠦᠭᠡᠢ ᠯᠦᠭᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠪᠣᠳᠠᠲᠤ ᠴᠣᠭᠴᠠ ᠶᠢᠨ ᠠᠵᠤ ᠠᠬᠤᠢ ᠪᠠᠷ ᠲᠤᠯᠭᠠᠭᠤᠷᠢᠯᠠᠯ ᠪᠣᠯᠭᠠᠭᠰᠠᠨ ᠣᠳᠣᠬᠢᠴᠢᠯᠠᠭᠰᠠᠨ ᠠᠵᠤ ᠦᠢᠯᠡᠰ ᠤᠨ ᠰᠢᠰᠲᠤᠮ ᠢ ᠲᠦᠷᠭᠡᠳᠭᠡᠨ ᠪᠠᠶᠢᠭᠤᠯᠵᠤ᠂ ᠪᠠᠶᠢᠯᠳᠤᠬᠤ ᠪᠤᠳᠤᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ᠂ ᠳᠡᠭᠡᠳᠦ ᠮᠡᠷᠭᠡᠵᠢᠯ ᠤᠨ ᠠᠵᠤ ᠦᠢᠯᠡᠰ᠂ ᠪᠣᠬᠢᠷᠲᠤᠯ ᠦᠭᠡᠢ ᠣᠷᠴᠢᠨ ᠲᠣᠭᠤᠷᠢᠨ ᠢ ᠬᠠᠮᠠᠭᠠᠯᠠᠬᠤ ᠠᠵᠤ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠭᠡ ᠪᠠᠷ ᠬᠥᠭᠵᠢᠭᠦᠯᠦᠨ᠎ᠡ᠃ ᠤᠷᠤᠬᠤ ᠶᠢ ᠵᠥᠪᠰᠢᠶᠡᠷᠡᠬᠦ ᠪᠣᠭᠤᠮᠲᠠ ᠶᠢ ᠴᠢᠩᠭ᠎ᠠ ᠠᠳᠬᠤᠵᠤ᠂ ᠡᠨᠧᠷᠭᠢ ᠶᠢᠨ ᠬᠤᠷᠣᠭᠳᠠᠭᠤᠯᠤᠯ ᠶᠡᠬᠡᠲᠡᠶ᠂ ᠭᠠᠳᠠᠭᠰᠢᠯᠠᠭᠤᠯᠤᠯᠲᠠ ᠶᠡᠬᠡᠲᠡᠶ᠂ ᠳᠤᠤᠷ᠎ᠠ ᠲᠦᠪᠰᠢᠨ ᠪᠦᠬᠦᠢ ᠲᠥᠷᠥᠯ ᠵᠦᠢᠯ ᠢ ᠰᠣᠬᠤᠷ ᠪᠠᠯᠠᠶ ᠪᠠᠷ ᠡᠬᠢᠯᠡᠭᠦᠯᠬᠦ ᠶᠢ ᠡᠷᠡᠰ ᠬᠤᠷᠢᠭᠯᠠᠨ᠎ᠠ᠃ ᠤᠯᠠᠮᠵᠢᠯᠠᠯᠲᠤ ᠠᠵᠤ ᠦᠢᠯᠡᠰ ᠤᠨ ᠭᠠᠷ ᠤᠷᠠᠯᠠᠯ᠂ ᠮᠡᠷᠭᠡᠵᠢᠯ᠂ ᠲᠣᠨᠤᠭ ᠲᠥᠬᠦᠭᠡᠷᠦᠮᠵᠢ ᠶᠢᠨ ᠳᠡᠰ ᠳᠡᠪᠰᠢᠬᠦ ᠶᠢ ᠶᠡᠭᠡ ᠪᠠᠷ ᠠᠬᠢᠭᠤᠯᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠪᠡᠶᠡᠯᠡᠭᠦᠯᠵᠦ᠂ ᠴᠡᠪᠡᠷ ᠦᠢᠯᠡᠳᠪᠦᠷᠢᠯᠡᠯ ᠤᠨ ᠲᠦᠪᠰᠢᠨ ᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠨᠢᠭᠡᠨᠲᠡ ᠪᠠᠶᠢᠭ᠎ᠠ ᠪᠠᠷᠢᠯᠭ᠎ᠠ ᠪᠠ ᠬᠤᠲᠠ ᠶᠢᠨ ᠶᠠᠪᠤᠳᠠᠯ ᠤᠨ ᠰᠠᠭᠤᠷᠢ ᠲᠦᠭᠦᠭᠡᠷᠦᠮᠵᠢ ᠶᠢᠨ ᠡᠨᠧᠷᠭᠢ ᠠᠷᠪᠢᠯᠠᠨ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠥᠭᠡᠷᠡᠴᠢᠯᠡᠯᠲᠡ ᠶᠢ ᠲᠦᠷᠭᠡᠳᠭᠡᠵᠦ᠂ ᠬᠡᠲᠦ ᠳᠣᠣᠷ᠎ᠠ ᠡᠨᠧᠷᠭᠢ ᠶᠢᠨ ᠬᠤᠷᠣᠭᠳᠠᠭᠤᠯᠤᠯ ᠲᠠᠢ᠂ ᠪᠠᠭ᠎ᠠ ᠨᠡᠭᠦᠷᠡᠰᠦᠲᠥ᠋ᠷᠥᠭᠴᠢᠲᠦ ᠪᠠᠷᠢᠯᠭ᠎ᠠ ᠶᠢ ᠬᠡᠪᠴᠢᠶᠡᠵᠢᠭᠦᠯᠦᠨ ᠬᠥᠭᠵᠢᠭᠦᠯᠬᠦ ᠶᠢ ᠠᠬᠢᠭᠤᠯᠤᠨ᠎ᠠ᠃ ︽ᠵᠠᠰᠠᠮᠠᠯ ᠵᠠᠮ ᠢᠶᠠᠷ ᠲᠡᠭᠡᠭᠡᠪᠦᠷᠢᠯᠡᠬᠦ ᠶᠢ ᠲᠡᠮᠦᠷ ᠵᠠᠮ ᠢᠶᠠᠷ ᠲᠡᠭᠡᠭᠡᠪᠦᠷᠢᠯᠡᠬᠦ ᠪᠣᠯᠭᠠᠨ ᠬᠤᠪᠢᠷᠠᠭᠤᠯᠬᠤ︾᠂ ︽ᠵᠠᠰᠠᠮᠠᠯ ᠵᠠᠮ ᠢᠶᠠᠷ ᠲᠡᠭᠡᠭᠡᠪᠦᠷᠢᠯᠡᠬᠦ ᠶᠢ ᠤᠰᠤᠨ ᠵᠠᠮ ᠢᠶᠠᠷ ᠲᠡᠭᠡᠭᠡᠪᠦᠷᠢᠯᠡᠬᠦ ᠪᠣᠯᠭᠠᠨ ᠬᠤᠪᠢᠷᠠᠭᠤᠯᠬᠤ︾ ᠶᠢ ᠶᠡᠭᠡ ᠪᠠᠷ ᠠᠬᠢᠭᠤᠯᠵᠤ᠂ ᠲᠡᠮᠦᠷ ᠵᠠᠮ ᠤᠨ ᠲᠤᠰᠬᠠᠶ ᠱᠤᠭᠤᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠂ ᠪᠦᠭᠡᠮ ᠪᠠᠷᠠᠭ᠎ᠠ ᠶᠢ ᠴᠡᠪᠡᠷᠰᠢᠭᠦᠯᠦᠨ ᠲᠡᠭᠡᠭᠡᠪᠦᠷᠢᠯᠡᠬᠦ ᠲᠦᠪᠰᠢᠨ ᠢ ᠳᠡᠭᠡᠭᠰᠢᠯᠡᠭᠦᠯᠦᠨ᠎ᠡ᠃ ᠲᠡᠮᠦᠷ ᠵᠠᠮ ᠤᠨ ᠲᠠᠯᠠᠪᠤᠷ ᠥᠷᠲᠡᠭᠡ᠂ ᠠᠷᠠᠳ ᠤᠨ ᠬᠡᠷᠡᠭᠯᠡᠭᠡᠨ ᠤ ᠨᠢᠰᠭᠡᠯ ᠤᠨ ᠪᠠᠭᠤᠳᠠᠯ᠂ ᠭᠠᠷᠠᠮ᠂ ᠪᠠᠷᠠᠭ᠎ᠠ ᠶᠢᠨ ᠭᠦᠢᠯᠭᠡᠭᠡ ᠶᠢᠨ ᠬᠦᠷᠢᠶᠡᠯᠡᠩ ᠲᠣᠭᠤᠷᠢᠭ ᠵᠡᠷᠭᠡ ᠶᠢᠨ ᠪᠣᠬᠢᠷᠲᠤᠯ ᠥᠬᠡᠶ ᠥᠭᠡᠷᠡᠴᠢᠯᠡᠯᠲᠡ ᠪᠠ ᠲᠡᠮᠦᠷ ᠵᠠᠮ ᠤᠨ ᠴᠠᠬᠢᠯᠭᠠᠨᠵᠢᠭᠤᠯᠬᠤ ᠥᠭᠡᠷᠡᠴᠢᠯᠡᠯᠲᠡ ᠶᠢ ᠠᠬᠢᠭᠤᠯᠵᠤ᠂ ᠬᠡᠲᠦ ᠳᠤᠤᠷ᠎ᠠ ᠪᠠ ᠦᠨᠳᠦᠰᠦᠨ ᠳᠡᠭᠡᠨ ᠭᠠᠳᠠᠭᠰᠢᠯᠠᠭᠤᠯᠤᠯᠲᠠ ᠥᠬᠡᠶ ᠲᠡᠷᠭᠡ ᠬᠥᠰᠭᠡ ᠶᠢ ᠬᠡᠪᠴᠢᠶᠡᠵᠢᠭᠦᠯᠦᠨ ᠬᠡᠷᠡᠭᠯᠡᠬᠦ᠂ ᠵᠠᠮ ᠬᠠᠷᠢᠯᠴᠠᠭᠠᠨ ᠤ ᠪᠤᠰᠤ ᠰᠢᠯᠵᠢᠬᠡ ᠮᠠᠰᠢᠨ ᠮᠧᠬᠠᠨᠢᠭ ᠤᠨ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢᠲᠤ ᠬᠡᠷᠡᠭᠯᠡᠯᠲᠡ ᠢᠢ ᠠᠬᠢᠭᠤᠯᠤᠨ᠎ᠠ᠃ 2027 ᠣᠨ ᠪᠣᠯᠬᠤ ᠳᠤ᠂ ᠰᠢᠨ᠎ᠡ ᠪᠠᠷ ᠨᠡᠮᠡᠭᠳᠡᠬᠦ ᠮᠠᠰᠢᠨ ᠲᠡᠷᠭᠡᠨ ᠤ ᠳᠣᠲᠣᠷ᠎ᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠵᠡᠯᠡᠬᠦ ᠬᠠᠷᠢᠴᠠᠯ ᠢ 45% ᠳᠤ ᠬᠦᠷᠬᠡᠬᠦ ᠪᠠᠷ ᠴᠢᠷᠮᠠᠶᠢᠵᠤ᠂ ᠬᠠᠭᠤᠴᠢᠨ ᠳᠣᠲᠣᠭᠠᠳᠤ ᠰᠢᠲᠠᠯᠲᠠ ᠶᠢᠨ ᠮᠠᠰᠢᠨ ᠲᠡᠷᠭᠡ ᠶᠢ ᠦᠨᠳᠦᠰᠦᠨ ᠳᠡᠭᠡᠨ ᠰᠢᠭᠰᠢᠭᠳᠡᠭᠦᠯᠵᠦ᠂ ᠭᠠᠷᠠᠮ ᠤᠨ ᠴᠢᠩᠭᠡᠯᠢᠭ ᠤᠨ ᠲᠡᠮᠦᠷ ᠵᠠᠮ ᠤᠰᠤᠨ ᠵᠠᠮ ᠤᠨ ᠬᠠᠮᠲᠤᠷᠠᠭᠰᠠᠨ ᠲᠡᠭᠡᠭᠡᠪᠦᠷᠢ ᠶᠢᠨ ᠬᠡᠮᠵᠢᠶ᠎ᠡ ᠶᠢᠨ ᠨᠡᠯᠢᠶᠡᠳ ᠲᠦᠷᠭᠡᠨ ᠨᠡᠮᠡᠭᠳᠡᠯ ᠢ ᠪᠠᠲᠤᠯᠠᠨ᠎ᠠ︔ 2035 ᠣᠨ ᠪᠣᠯᠬᠤ ᠳᠤ᠂ ᠶᠡᠷᠦᠩᠬᠡᠶ ᠡᠷᠭᠢᠯᠲᠡ ᠶᠢᠨ ᠬᠡᠮᠵᠢᠶᠡᠨ ᠳᠠᠬᠢ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠡᠷᠭᠢᠯᠲᠡ ᠶᠢᠨ ᠬᠡᠮᠵᠢᠶ᠎ᠡ ᠶᠢᠨ ᠡᠵᠡᠯᠡᠬᠦ ᠬᠠᠷᠢᠴᠠᠯ ᠢ 25% ᠣᠷᠴᠢᠮ ᠳᠤ ᠬᠦᠷᠭᠡᠨ᠎ᠡ᠃   ︵ᠳᠥᠷᠪᠡ︶ ᠡᠯ᠎ᠡ ᠲᠥᠷᠥᠯ ᠤᠨ ᠡᠬᠢ ᠪᠠᠶᠠᠯᠢᠭ ᠢ ᠠᠷᠪᠢᠲᠠᠶ ᠡᠷᠴᠢᠮᠯᠢᠭ ᠠᠰᠢᠭᠯᠠᠬᠤ ᠶᠢ ᠠᠬᠢᠭᠤᠯᠤᠨ᠎ᠠ᠃ ᠪᠦᠬᠦ ᠲᠠᠯ᠎ᠠ ᠪᠠᠷ ᠠᠷᠪᠢᠯᠠᠨ ᠭᠠᠮᠨᠠᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠡᠨᠧᠷᠭᠢ ᠠᠷᠪᠢᠯᠠᠬᠤ᠂ ᠤᠰᠤ ᠠᠷᠪᠢᠯᠠᠬᠤ᠂ ᠭᠠᠵᠠᠷ ᠰᠢᠷᠤᠢ ᠶᠢ ᠠᠷᠪᠢᠯᠠᠬᠤ᠂ ᠮᠠᠲ᠋ᠧᠷᠢᠶᠠᠯ ᠠᠷᠪᠢᠯᠠᠬᠤ᠂ ᠠᠭᠤᠷᠬᠠᠢ ᠠᠷᠪᠢᠯᠠᠬᠤ ᠶᠢ ᠠᠬᠢᠭᠤᠯᠤᠨ᠎ᠠ᠃ ᠭᠤᠣᠯᠳᠠᠯᠭ᠎ᠠ ᠲᠠᠢ ᠬᠦᠷᠢᠶᠡᠨ ᠳᠠᠬᠢ ᠡᠨᠧᠷᠭᠢ ᠠᠷᠪᠢᠯᠠᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠨ᠎ᠡ ᠬᠡᠯᠪᠡᠷᠢ ᠶᠢᠨ ᠰᠠᠭᠤᠷᠢ ᠲᠥᠬᠦᠭᠡᠷᠦᠮᠵᠢ ᠶᠢᠨ ᠡᠨᠧᠷᠭᠢ ᠬᠡᠷᠡᠭᠯᠡᠬᠦ ᠬᠠᠮᠢᠶᠠᠷᠤᠯᠲᠠ ᠶᠢ ᠴᠢᠩᠭᠠᠳᠬᠠᠨ᠎ᠠ᠃ ᠤᠯᠤᠰ ᠤᠨ ᠤᠰᠤ ᠠᠷᠪᠢᠯᠠᠬᠤ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠪᠠ ᠬᠦᠴᠦᠯᠡᠴᠡ ᠶᠢᠨ ᠬᠤᠣᠰ ᠡᠵᠡᠮᠳᠡᠯ ᠢ ᠴᠢᠩᠭᠠᠳᠬᠠᠵᠤ᠂ ᠤᠰᠤ ᠬᠡᠷᠡᠭᠯᠡᠬᠦ ᠭᠤᠣᠯᠳᠠᠯᠭ᠎ᠠ ᠲᠠᠢ ᠠᠵᠢᠯ ᠲᠦᠷᠦᠯ᠂ ᠦᠢᠯᠡᠳᠬᠦᠨ ᠤ ᠤᠰᠤ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠪᠣᠬᠢᠷ ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠢᠳᠡᠪᠬᠢᠲᠡᠢ ᠠᠬᠢᠭᠤᠯᠵᠤ᠂ ᠬᠡᠪ ᠤᠨ ᠪᠤᠰᠤ ᠤᠰᠤᠨ ᠰᠤᠷᠪᠤᠯᠵᠢ ᠶᠢ ᠲᠤᠬᠢᠷᠠᠭᠤᠯᠤᠨ ᠠᠰᠢᠭᠯᠠᠬᠤ ᠶᠢ ᠴᠢᠩᠭᠠᠳᠬᠠᠨ᠎ᠠ᠃ ᠭᠠᠵᠠᠷ ᠰᠢᠷᠣᠶ ᠶᠢ ᠠᠷᠪᠢᠲᠠᠶ ᠡᠷᠴᠢᠮᠯᠢᠭ ᠠᠰᠢᠭᠯᠠᠬᠤ ᠳᠦᠷᠢᠮ ᠢ ᠪᠦᠷᠢᠨᠰᠢᠭᠦᠯᠵᠦ᠂ ᠭᠠᠵᠠᠷ ᠰᠢᠷᠣᠶ ᠠᠷᠪᠢᠯᠠᠬᠤ ᠮᠡᠷᠭᠡᠵᠢᠯ ᠪᠣᠯᠤᠨ ᠵᠠᠭᠪᠤᠷ ᠢ ᠳᠡᠯᠭᠡᠷᠡᠭᠦᠯᠦᠨ᠎ᠡ᠃ ᠪᠣᠬᠢᠷᠲᠤᠯ ᠦᠭᠡᠢ ᠦᠢᠯᠡᠳᠬᠦ ᠰᠢᠰᠲ᠋ᠧᠮ ᠪᠠ ᠦᠢᠯᠡᠴᠢᠯᠡᠭᠡᠨ ᠤ ᠰᠢᠰᠲ᠋ᠧᠮ ᠢ ᠪᠠᠶᠢᠭᠤᠯᠤᠨ᠎ᠠ᠃ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠵᠤ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠰᠢᠰᠲ᠋ᠧᠮ ᠢ ᠲᠦᠷᠭᠡᠳᠭᠡᠨ ᠪᠠᠶᠢᠭᠤᠯᠵᠤ᠂ ᠰᠠᠯᠬᠢᠨ ᠬᠦᠴᠦᠨ ᠢᠶᠠᠷ ᠴᠠᠬᠢᠯᠭᠠᠨ ᠭᠠᠷᠭᠠᠬᠤ ᠬᠠᠶᠠᠭᠳᠠᠮᠠᠯ ᠬᠠᠭᠤᠴᠢᠨ ᠮᠠᠰᠢᠨ ᠤ ᠰᠠᠷᠬᠢᠷᠠᠭᠤᠯ᠂ ᠬᠡᠷᠡᠯᠴᠢ ᠴᠡᠨᠡᠭ ᠤᠨ ᠲᠣᠨᠤᠭ᠂ ᠬᠥᠳᠡᠯᠭᠡᠬᠦ ᠬᠦᠴᠦᠨ ᠤ ᠳ᠋ᠢᠶᠠᠨ ᡂᠢ᠂ ᠲᠦᠷᠭᠡᠨ ᠬᠦᠷᠭᠡᠯᠲᠡ ᠶᠢᠨ ᠪᠣᠭᠤᠳᠠᠯ ᠵᠡᠷᠭᠡ ᠬᠠᠶᠠᠭᠳᠠᠮᠠᠯ ᠪᠣᠳᠠᠰ ᠢ ᠡᠷᠭᠢᠯᠳᠦᠭᠦᠯᠦᠨ ᠠᠰᠢᠭᠯᠠᠬᠤ ᠶᠢ ᠠᠬᠢᠭᠤᠯᠤᠨ᠎ᠠ᠃ ᠲᠦᠭᠦᠬᠡᠶ ᠮᠠᠲ᠋ᠧᠷᠢᠶᠠᠯ ᠢ ᠠᠷᠪᠢᠯᠠᠬᠤ ᠪᠠ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ ᠶᠢ ᠠᠬᠢᠭᠤᠯᠵᠤ᠂ ᠳᠠᠬᠢᠨ ᠦᠢᠯᠡᠳᠬᠦ ᠠᠵᠤ ᠦᠢᠯᠡᠰ ᠢ ᠶᠡᠭᠡ ᠪᠠᠷ ᠬᠥᠭᠵᠢᠭᠦᠯᠦᠨ᠎ᠡ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ 2035 ᠣᠨ ᠪᠣᠯᠬᠤ ᠳᠤ᠂ ᠡᠨᠧᠷᠭᠢ ᠪᠠ ᠤᠰᠤᠨ ᠤ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠯᠡᠬᠡᠶ ᠶᠢᠨ ᠲᠡᠷᠢᠭᠦᠨ ᠤ ᠲᠦᠪᠰᠢᠨ ᠳᠤ ᠬᠦᠷᠭᠡᠨ᠎ᠡ᠃   ᠳᠥᠷᠪᠡ᠂ ᠪᠣᠬᠢᠷᠲᠤᠯ ᠢ ᠰᠡᠷᠭᠡᠶᠢᠯᠡᠨ ᠵᠠᠰᠠᠬᠤ ᠪᠤᠭᠤᠮᠲᠠ ᠰᠢᠪᠲᠤᠯᠬᠤ ᠠᠵᠢᠯ ᠢ ᠦᠷᠭᠦᠯᠵᠢᠯᠡᠨ ᠭᠦᠨᠵᠡᠭᠡᠶ ᠠᠬᠢᠭᠤᠯᠤᠨ᠎ᠠ   ︵ᠲᠠᠪᠤ︶ ᠬᠥᠬᠡ ᠣᠭᠲᠠᠷᠭᠤᠶ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶ ᠰᠠᠶᠢᠲᠤᠷ ᠬᠢᠨ᠎ᠠ᠃ ᠪᠡᠭᠡᠵᠢᠩ ᠲᠢᠶᠠᠨᠵᠢᠨ ᠾᠧᠪᠧᠶ ᠵᠢᠴᠢ ᠡᠷᠬᠢᠨ ᠲᠣᠭᠤᠷᠢᠨ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠹᠧᠨ ᠾᠧ ᠭᠤᠤᠯ ᠸᠧᠶ ᠾᠧ ᠭᠤᠤᠯ ᠤᠨ ᠲᠠᠯ᠎ᠠ ᠭᠠᠵᠠᠷ ᠵᠡᠷᠭᠡ ᠭᠤᠤᠯᠳᠠᠯᠭ᠎ᠠ ᠲᠠᠢ ᠣᠷᠣᠨ ᠪᠦᠰᠡ ᠪᠠᠷ ᠭᠤᠤᠯ ᠲᠡᠶᠢᠯᠠᠯᠳᠤᠭᠠᠨ ᠤ ᠲᠠᠯᠠᠪᠤᠷ ᠪᠣᠯᠭᠠᠵᠤ᠂ ᠨᠠᠷᠢᠨ ᠮᠥᠬᠦᠯᠢᠭᠲᠦ ᠪᠣᠳᠠᠰ ᠢ ᠡᠵᠡᠮᠳᠡᠬᠦ ᠪᠠᠷ ᠭᠤᠤᠯ ᠱᠤᠭᠤᠮ ᠪᠣᠯᠭᠠᠵᠤ᠂ ᠣᠯᠠᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠬᠠᠮᠵᠢᠯᠴᠠᠨ ᠪᠠᠭᠠᠰᠬᠠᠬᠤ ᠶᠢ ᠶᠡᠭᠡ ᠪᠠᠷ ᠠᠬᠢᠭᠤᠯᠤᠨ᠎ᠠ᠃ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠶᠡᠷᠦᠩᠬᠡᠶᠢᠯᠡᠨ ᠵᠠᠰᠠᠬᠤ ᠶᠢ ᠴᠢᠩᠭᠠᠷᠠᠭᠤᠯᠵᠤ᠂ ᠡᠬᠢ ᠡᠭᠦᠰᠦᠯ ᠠᠴᠠ ᠨᠢ ᠣᠷᠣᠯᠠᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠃ ᠪᠣᠯᠣᠳ ᠲᠡᠮᠦᠷ᠂ ᠱᠦᠢᠨᠢ᠂ ᠬᠡᠤᠷᠰᠢᠭᠦᠯᠬᠦ ᠵᠡᠷᠭᠡ ᠭᠤᠤᠯᠳᠠᠯᠭ᠎ᠠ ᠲᠠᠢ ᠠᠵᠢᠯ ᠲᠥᠷᠥᠯ ᠵᠢᠴᠢ ᠨᠡᠭᠦᠷᠡᠰᠦ ᠰᠢᠲᠠᠭᠠᠬᠤ ᠭᠦᠸᠧᠯᠦ ᠶᠢ ᠬᠡᠲᠦ ᠳᠤᠤᠷ᠎ᠠ ᠭᠠᠳᠠᠭᠰᠢᠯᠠᠭᠤᠯᠤᠯᠲᠠ ᠲᠠᠢ ᠪᠤᠯᠭᠠᠨ ᠥᠭᠡᠷᠡᠴᠢᠯᠡᠬᠦ ᠶᠢ ᠴᠢᠨᠠᠷ ᠰᠠᠶᠢᠲᠠᠶ ᠠᠬᠢᠭᠤᠯᠤᠨ᠎ᠠ᠃ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠴᠡᠪᠡᠷ ᠡᠨᠧᠷᠭᠢ᠂ ᠲᠥᠪᠯᠡᠷᠡᠭᠦᠯᠦᠨ ᠢᠯᠴᠢ ᠬᠠᠩᠭᠠᠬᠤ ᠪᠠᠷ ᠣᠷᠣᠯᠠᠭᠤᠯᠬᠤ ᠵᠡᠷᠭᠡ ᠠᠷᠭ᠎ᠠ ᠬᠡᠮᠵᠢᠶ᠎ᠡ ᠶᠢ ᠠᠪᠴᠤ᠂ ᠰᠤᠯᠠ ᠨᠡᠭᠦᠷᠡᠰᠦ᠂ ᠨᠡᠭᠦᠷᠡᠰᠦ ᠰᠢᠲᠠᠭᠠᠬᠤ ᠭᠦᠸᠧᠯᠦ᠂ ᠠᠵᠤ ᠦᠢᠯᠡᠳᠪᠦᠷᠢ ᠶᠢᠨ ᠵᠤᠤᠬ᠎ᠠ ᠶᠢᠨ ᠪᠣᠬᠢᠷᠲᠤᠯ ᠢ ᠵᠠᠰᠠᠬᠤ ᠶᠢ ᠦᠷᠭᠦᠯᠵᠢᠯᠡᠨ ᠠᠬᠢᠭᠤᠯᠤᠨ᠎ᠠ᠃ ᠭᠤᠣᠯᠳᠠᠯᠭ᠎ᠠ ᠲᠠᠢ ᠣᠷᠣᠨ ᠪᠦᠰᠡ ᠳᠤ ᠨᠡᠭᠦᠷᠡᠰᠦᠨ ᠤ ᠬᠡᠷᠡᠭᠯᠡᠭᠡᠨ ᠤ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠶᠢ ᠦᠷᠭᠦᠯᠵᠢᠯᠡᠨ ᠬᠡᠷᠡᠭᠵᠢᠭᠦᠯᠦᠨ᠎ᠡ᠃ ᠮᠠᠰᠢᠨ ᠲᠡᠷᠭᠡᠨ ᠤ ᠭᠠᠳᠠᠭᠰᠢᠯᠠᠭᠤᠯᠤᠯᠲᠠ ᠶᠢᠨ ᠲᠠᠷᠠᠭᠠᠴᠢ ᠶᠢᠨ ᠱᠠᠲᠤᠨ ᠤ ᠪᠠᠷᠢᠮᠵᠢᠶ᠎ᠠ ᠶᠢ ᠰᠤᠳᠤᠯᠤᠨ ᠲᠣᠭᠲᠠᠭᠠᠵᠤ᠂ ᠰᠢᠨ᠎ᠡ ᠱᠠᠲᠤᠨ ᠳᠠᠬᠢ ᠲᠣᠰᠣᠨ ᠤ ᠵᠦᠢᠯ ᠤᠨ ᠶᠠᠰᠤ ᠴᠢᠨᠠᠷ ᠤᠨ ᠪᠠᠷᠢᠮᠵᠢᠶ᠎ᠠ ᠶᠢᠨ ᠰᠤᠳᠤᠯᠭᠠᠨ ᠢ ᠥᠷᠨᠢᠭᠦᠯᠵᠦ᠂ ᠰᠠᠯᠠᠭ᠎ᠠ ᠮᠥᠴᠢᠷ ᠤᠨ ᠬᠠᠮᠲᠤᠷᠠᠨ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠶᠢ ᠴᠢᠩᠭᠠᠷᠠᠭᠤᠯᠤᠨ᠎ᠠ᠃ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠳᠬᠠᠵᠤ᠂ ᠬᠦᠨᠳᠦ ᠪᠣᠬᠢᠷᠲᠤᠯ ᠲᠠᠢ ᠴᠠᠭ ᠠᠭᠤᠷ ᠤᠨ ᠭᠤᠤᠯᠳᠠᠯᠭ᠎ᠠ ᠲᠠᠢ ᠠᠵᠢᠯ ᠲᠥᠷᠥᠯ ᠤᠨ ᠠᠵᠢᠯ ᠤᠨ ᠠᠮᠵᠢᠯᠲᠠ ᠪᠦᠲᠦᠮᠵᠢ ᠶᠢ ᠲᠠᠰ ᠬᠤᠪᠢᠶᠠᠬᠤ ᠶᠢ ᠭᠦᠨᠵᠡᠭᠡᠶᠢᠷᠡᠭᠦᠯᠦᠨ᠎ᠡ᠃ ᠱᠤᠤᠭᠢᠶᠠᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠦᠮᠡᠬᠡᠶ ᠦᠨᠦᠷ᠂ ᠢᠳᠡᠭᠡᠨ ᠤᠮᠳᠠᠭᠠᠨ ᠤ ᠲᠣᠰᠣᠨ ᠤᠲᠤᠭ᠎ᠠ ᠵᠡᠷᠭᠡ ᠪᠣᠬᠢᠷᠲᠤᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠣᠽᠣᠨ ᠤ ᠳᠠᠪᠬᠤᠷᠭ᠎ᠠ ᠶᠢᠨ ᠪᠣᠳᠠᠰ ᠪᠠ ᠤᠰᠤᠲᠥ᠋ᠷᠥᠭᠴᠢ ᠹᠯᠣᠷ ᠤᠨ ᠨᠡᠭᠦᠷᠡᠰᠦᠲᠥ᠋ᠷᠥᠭᠴᠢᠲᠦ ᠪᠤᠳᠠᠰ ᠢ ᠬᠤᠷᠣᠭᠳᠠᠭᠤᠯᠬᠤ ᠣᠷᠴᠢᠨ ᠲᠤᠭᠤᠷᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ 2027 ᠣᠨ ᠪᠣᠯᠬᠤ ᠳᠤ᠂ ᠪᠥᠬᠦ ᠤᠯᠤᠰ ᠤᠨ ᠨᠠᠷᠢᠨ ᠮᠥᠬᠦᠯᠢᠭᠲᠦ ᠪᠣᠳᠠᠰ ᠤᠨ ᠳᠤᠮᠳᠠᠴᠢ ᠥᠳᠭᠡᠴᠡ ᠶᠢ 28 ᠮᠢᠺᠷᠥᠭᠷᠠᠮ / ᠪᠣᠰᠤᠭ᠎ᠠ ᠳᠥᠷᠪᠡᠯᠵᠢᠨ ᠮᠧᠲᠷ ᠠᠴᠠ ᠳᠣᠷᠣᠭᠰᠢ ᠪᠣᠯᠲᠠᠯ᠎ᠠ ᠪᠠᠭᠤᠷᠠᠭᠤᠯᠵᠤ᠂ ᠡᠯ᠎ᠡ ᠲᠤᠰᠬᠠᠢ ᠭᠠᠵᠠᠷ ᠤᠨ ᠲᠠᠰ ᠤᠨ ᠬᠤᠳᠠ ᠵᠢᠴᠢ ᠲᠡᠭᠦᠨ ᠠᠴᠠ ᠳᠡᠭᠡᠭᠰᠢᠬᠢ ᠬᠤᠲᠠ ᠲᠤᠰ ᠪᠠᠷᠢᠮᠵᠢᠶ᠎ᠠ ᠳᠤ ᠬᠦᠷᠭᠡᠬᠦ ᠪᠠᠷ ᠴᠢᠷᠮᠠᠶᠢᠨ᠎ᠠ︔ 2035 ᠣᠨ ᠪᠣᠯᠬᠤ ᠳᠤ᠂ ᠪᠥᠬᠦ ᠤᠯᠤᠰ ᠤᠨ ᠨᠠᠷᠢᠨ ᠮᠥᠬᠦᠯᠢᠭᠲᠦ ᠪᠣᠳᠠᠰ ᠤᠨ ᠥᠳᠭᠡᠴᠡ ᠶᠢ 25 ᠮᠢᠺᠷᠥᠭᠷᠠᠮ / ᠪᠣᠰᠤᠭ᠎ᠠ ᠳᠥᠷᠪᠡᠯᠵᠢᠨ ᠮᠧᠲᠷ ᠠᠴᠠ ᠳᠣᠷᠣᠭᠰᠢ ᠪᠣᠯᠲᠠᠯ᠎ᠠ ᠪᠠᠭᠤᠷᠠᠭᠤᠯᠵᠤ᠂ ᠠᠭᠠᠷ ᠪᠠᠶᠢᠩᠭᠤ ᠰᠤᠷᠭᠤᠭ ᠪᠠᠶᠢᠵᠤ᠂ ᠬᠥᠬᠡ ᠤᠬᠲᠠᠷᠭᠤᠢ ᠪᠠᠶᠢᠩᠭᠤ ᠴᠡᠯᠮᠡᠭ ᠪᠠᠶᠢᠬᠤ ᠶᠢ ᠪᠡᠶᠡᠯᠡᠭᠦᠯᠦᠨ᠎ᠡ᠃    ︵ᠵᠢᠷᠭᠤᠭ᠎ᠠ︶ ᠬᠥᠬᠡᠮᠳᠦᠭ ᠤᠰᠤ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠢ ᠰᠠᠶᠢᠲᠤᠷ ᠬᠢᠨ᠎ᠠ᠃ ᠤᠰᠤᠨ ᠤ ᠡᠬᠢ ᠪᠠᠶᠠᠯᠢᠭ᠂ ᠤᠰᠤᠨ ᠤ ᠣᠷᠴᠢᠨ ᠲᠣᠭᠤᠷᠢᠨ᠂ ᠤᠰᠤᠨ ᠤ ᠠᠮᠢ ᠠᠬᠤᠢ ᠶᠢᠨ ᠵᠠᠰᠠᠯᠲᠠ ᠶᠢ ᠨᠢᠭᠡᠳᠦᠯᠲᠡᠢ ᠲᠥᠯᠥᠪᠵᠢᠭᠦᠯᠵᠦ᠂ ᠬᠥᠬᠡᠮᠥ᠋ᠷᠡᠨ᠂ ᠬᠠᠳᠤᠨ ᠭᠤᠣᠯ ᠵᠡᠷᠭᠡ ᠶᠡᠭᠡ ᠭᠤᠣᠯ ᠮᠥᠷᠡᠨ ᠪᠣᠯᠤᠨ ᠴᠢᠬᠤᠯᠠ ᠨᠠᠭᠤᠷ ᠴᠥᠭᠦᠷᠥᠮ ᠢ ᠬᠠᠮᠠᠭᠠᠯᠠᠨ ᠵᠠᠰᠠᠬᠤ ᠶᠢ ᠭᠦᠨᠵᠡᠭᠡᠢ ᠠᠬᠢᠭᠤᠯᠵᠤ᠂ ᠤᠰᠤᠨ ᠤ ᠴᠢᠳᠠᠮᠵᠢ ᠶᠢᠨ ᠣᠷᠣᠨ ᠤ ᠬᠤᠪᠢᠶᠠᠷᠢᠯᠠᠯ ᠵᠢᠴᠢ ᠬᠠᠮᠢᠶᠠᠷᠤᠯᠲᠠ ᠶᠢᠨ ᠲᠦᠷᠢᠮ ᠢ ᠰᠢᠯᠢᠳᠡᠭᠵᠢᠭᠦᠯᠦᠨ ᠲᠤᠬᠢᠷᠠᠭᠤᠯᠤᠨ᠎ᠠ᠃ ᠤᠰᠤᠨ ᠰᠤᠷᠪᠤᠯᠵᠢ ᠶᠢᠨ ᠭᠠᠵᠠᠷ ᠢ ᠵᠢᠷᠤᠮᠵᠢᠭᠤᠯᠤᠨ ᠪᠦᠲᠦᠭᠡᠨ ᠪᠠᠶᠢᠭᠤᠯᠬᠤ ᠪᠠ ᠪᠡᠯᠡᠳᠭᠡᠯ ᠤᠰᠤᠨ ᠰᠤᠷᠪᠤᠯᠵᠢ ᠶᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠭᠤᠣᠯ ᠮᠦᠷᠡᠨ ᠲᠠᠯᠠᠢ ᠲᠠᠩᠬᠢᠰ ᠤᠷᠤᠭᠤ ᠪᠣᠬᠢᠷᠲᠤᠯ ᠪᠤᠳᠠᠰ ᠭᠠᠳᠠᠭᠰᠢᠯᠠᠭᠤᠯᠬᠤ ᠬᠡᠰᠡᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠪᠣᠬᠢᠷᠲᠤᠯ ᠪᠤᠳᠠᠰ ᠭᠠᠳᠠᠭᠰᠢᠯᠠᠭᠤᠯᠬᠤ ᠬᠡᠰᠡᠭ ᠢ ᠬᠢᠨᠠᠨ ᠬᠡᠮᠵᠢᠵᠦ ᠬᠠᠮᠢᠶᠠᠷᠬᠤ ᠰᠢᠰᠲ᠋ᠧᠮ ᠢ ᠪᠦᠬᠦ ᠲᠠᠯ᠎ᠠ ᠪᠠᠷ ᠪᠠᠶᠢᠭᠤᠯᠤᠨ᠎ᠠ᠃ ᠭᠤᠤᠯᠳᠠᠯᠭ᠎ᠠ ᠲᠠᠢ ᠠᠵᠢᠯ ᠲᠥᠷᠥᠯ ᠤᠨ ᠠᠵᠤ ᠠᠬᠤᠶᠢᠯᠠᠯ ᠤᠨ ᠪᠣᠬᠢᠷ ᠤᠰᠤ ᠶᠢ ᠵᠠᠰᠠᠬᠤ ᠬᠢᠭᠡᠳ ᠭᠠᠳᠠᠭᠰᠢᠯᠠᠭᠤᠯᠬᠤ ᠲᠦᠪᠰᠢᠨ ᠤ ᠠᠮᠵᠢᠯᠲᠠ ᠪᠦᠲᠦᠮᠵᠢ ᠶᠢ ᠲᠠᠰ ᠬᠤᠪᠢᠶᠠᠬᠤ ᠶᠢ ᠬᠡᠷᠡᠭᠵᠢᠭᠦᠯᠦᠨ᠎ᠡ᠃ ᠬᠤᠲᠠ ᠪᠠᠯᠭᠠᠰᠤ ᠶᠢᠨ ᠪᠣᠬᠢᠷ ᠤᠰᠤ ᠴᠤᠭᠯᠠᠭᠤᠯᠬᠤ ᠪᠠ ᠰᠢᠢᠳᠪᠦᠷᠢᠯᠡᠬᠦ ᠲᠦᠭᠦᠭᠡᠷᠦᠮᠵᠢ ᠶᠢᠨ ᠳᠤᠲᠠᠭᠤᠳᠠᠯ ᠢ ᠲᠦᠷᠭᠡᠳᠭᠡᠨ ᠨᠥᠬᠦᠪᠥᠷᠢᠯᠡᠵᠦ᠂ ᠬᠤᠲᠠ ᠶᠢᠨ ᠪᠣᠬᠢᠷ ᠤᠰᠤᠨ ᠤ ᠬᠤᠭᠤᠯᠠᠶ ᠶᠢᠨ ᠲᠤᠤᠷ ᠢ ᠪᠦᠬᠦᠨ ᠢ ᠪᠦᠷᠬᠦᠭᠦᠯᠦᠭᠰᠡᠨ ᠥᠯᠢᠭᠡᠷ ᠳᠠᠭᠤᠷᠢᠶᠠᠯ ᠪᠦᠬᠦᠢ ᠲᠣᠭᠤᠷᠢᠭ ᠢ ᠪᠥᠲᠥᠭᠡᠨ ᠪᠠᠶᠢᠭᠤᠯᠵᠤ᠂ ᠪᠣᠬᠢᠷ ᠰᠢᠪᠠᠷ ᠢ ᠬᠤᠤᠷ ᠥᠬᠡᠶᠢᠳᠡᠭᠦᠯᠦᠨ ᠰᠢᠢᠳᠪᠦᠷᠢᠯᠡᠬᠦ ᠪᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠨ᠂ ᠪᠣᠬᠢᠷ ᠤᠰᠤ ᠶᠢ ᠰᠢᠢᠳᠪᠦᠷᠢᠯᠡᠬᠦ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠬᠡᠪ ᠳᠠᠭᠤᠷᠢᠶᠠᠯ ᠪᠦ᠋ᠬᠦᠢ ᠦᠢᠯᠡᠳᠪᠦᠷᠢ ᠶᠢ ᠪᠥᠲᠥᠭᠡᠨ ᠪᠠᠶᠢᠭᠤᠯᠤᠨ᠎ᠠ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠳᠣᠲᠣᠭᠠᠳᠤ ᠢᠷᠡᠯᠲᠡ ᠶᠢᠨ ᠪᠣᠬᠢᠷᠲᠤᠯ ᠢ ᠵᠠᠰᠠᠬᠤ ᠪᠠ ᠠᠮᠢ ᠠᠬᠤᠶ ᠶᠢ ᠰᠡᠷᠭᠦᠭᠡᠬᠦ ᠶᠢ ᠥᠷᠨᠢᠭᠦᠯᠵᠦ᠂ ᠬᠤᠲᠠ ᠬᠥᠳᠡᠭᠡ ᠶᠢᠨ ᠪᠣᠬᠢᠷ ᠦᠮᠡᠬᠡᠶ ᠤᠰᠤ ᠶᠢ ᠦᠨᠳᠦᠰᠦᠨ ᠳᠤᠨᠢ ᠠᠷᠢᠯᠭᠠᠬᠤ ᠶᠢᠨ ᠬᠠᠮᠲᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠡᠴᠡ ᠶᠢ ᠪᠠᠶᠢᠭᠤᠯᠤᠨ᠎ᠠ᠃ ᠤᠰᠤᠨ ᠤ ᠠᠮᠢ ᠠᠬᠤᠢ ᠶᠢ ᠬᠢᠨᠠᠨ ᠰᠢᠯᠭᠠᠬᠤ ᠲᠣᠭᠲᠡᠴᠡ ᠶᠢ ᠪᠠᠶᠢᠭᠤᠯᠵᠤ᠂ ᠤᠰᠤᠨ ᠤ ᠡᠬᠢ ᠰᠤᠷᠪᠤᠯᠵᠢ ᠶᠢ ᠬᠠᠳᠠᠭᠠᠯᠠᠬᠤ ᠣᠷᠣᠨ ᠪᠠ ᠠᠮᠢ ᠠᠬᠤᠢ ᠶᠢᠨ ᠨᠠᠮᠬᠠᠳᠬᠠᠬᠤ ᠪᠦᠰᠡ ᠶᠢ ᠬᠠᠮᠠᠭᠠᠯᠠᠨ ᠰᠡᠷᠭᠦᠭᠡᠬᠦ ᠶᠢ ᠴᠢᠩᠭᠠᠳᠬᠠᠵᠤ᠂ ᠤᠰᠤᠨ ᠤ ᠡᠬᠢ ᠪᠠᠶᠠᠯᠢᠭ ᠢ ᠨᠢᠭᠡᠳᠦᠯᠲᠡᠢ ᠲᠣᠬᠢᠷᠠᠭᠤᠯᠬᠤ ᠶᠢ ᠴᠢᠩᠭᠠᠳᠬᠠᠵᠤ᠂ ᠭᠤᠣᠯ ᠮᠥᠷᠡᠨ ᠨᠠᠭᠤᠷ ᠴᠥᠭᠦᠷᠥᠮ ᠤᠨ ᠠᠮᠢ ᠠᠬᠤᠢ ᠶᠢᠨ ᠤᠷᠤᠰᠬᠠᠯ ᠤᠨ ᠬᠡᠮᠵᠢᠶ᠎ᠡ ᠶᠢ ᠪᠠᠲᠤᠯᠠᠨ᠎ᠠ᠃ ᠡᠬᠡ ᠬᠠᠭᠤᠷᠠᠢ ᠳᠠᠯᠠᠢ ᠲᠠᠩᠭᠢᠰ ᠢ ᠨᠢᠭᠡᠳᠦᠯᠲᠡᠢ ᠲᠥᠯᠥᠪᠵᠢᠭᠦᠯᠬᠦ᠂ ᠭᠤᠣᠯ ᠮᠥᠷᠡᠨ ᠳᠠᠯᠠᠢ ᠲᠠᠩᠭᠢᠰ ᠬᠤᠯᠪᠣᠭᠠᠯᠠᠨ ᠬᠥᠳᠡᠯᠦᠯᠴᠡᠬᠦ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠳᠠᠯᠠᠢ ᠶᠢᠨ ᠣᠷᠣᠨ ᠢ ᠶᠡᠷᠦᠩᠬᠡᠶᠢᠯᠡᠨ ᠵᠠᠰᠠᠬᠤ ᠶᠢ ᠦᠷᠭᠦᠯᠵᠢᠯᠡᠨ ᠠᠬᠢᠭᠤᠯᠤᠨ᠎ᠠ᠃ ᠳᠠᠯᠠᠢ ᠶᠢᠨ ᠪᠤᠯᠤᠩ ᠢᠶᠠᠷ ᠦᠨᠳᠦᠰᠦᠨ ᠨᠢᠭᠡᠴᠢ ᠪᠣᠯᠭᠠᠵᠤ᠂ ︽ᠨᠢᠭᠡ ᠪᠤᠯᠤᠩ ᠳᠤ ᠨᠢᠭᠡ ᠠᠷᠭ᠎ᠠ ᠪᠤᠳᠤᠯᠭ᠎ᠠ ᠬᠡᠷᠡᠭᠵᠢᠭᠦᠯᠬᠦ︾ ᠪᠠᠷ ᠡᠷᠭᠢ ᠣᠶᠢᠷᠠᠯᠴᠠᠭ᠎ᠠ ᠳᠠᠯᠠᠢ ᠶᠢᠨ ᠣᠷᠣᠨ ᠤ ᠪᠣᠬᠢᠷᠲᠤᠯ ᠢ ᠰᠡᠷᠭᠡᠶᠢᠯᠡᠨ ᠵᠠᠰᠠᠬ᠂ ᠠᠮᠢ ᠠᠬᠤᠢ ᠶᠢ ᠬᠠᠮᠠᠭᠠᠯᠠᠨ ᠰᠡᠷᠭᠦᠭᠡᠬᠦ ᠪᠠ ᠡᠷᠭᠢ ᠳᠠᠩ ᠤᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠬᠠᠮᠵᠢᠯᠴᠠᠨ ᠠᠬᠢᠭᠤᠯᠵᠤ᠂ ᠤᠯᠠᠭᠠᠨ ᠮᠣᠳᠣᠨ ᠤᠢ ᠵᠡᠷᠭᠡ ᠳᠠᠯᠠᠢ ᠲᠠᠩᠭᠢᠰ ᠤᠨ ᠴᠢᠬᠤᠯᠠ ᠠᠮᠢ ᠠᠬᠤᠢ ᠶᠢᠨ ᠰᠢᠰᠲ᠋ᠧᠮ ᠤᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠳᠠᠯᠠᠢ ᠶᠢᠨ ᠤᠰᠤ ᠪᠠᠷ ᠲᠡᠵᠢᠭᠡᠨ ᠦᠷᠡᠵᠢᠭᠦᠯᠬᠦ ᠣᠷᠴᠢᠨ ᠲᠣᠭᠤᠷᠢᠨ ᠤ ᠴᠡᠭᠴᠡᠯᠡᠨ ᠵᠠᠰᠠᠯᠲᠠ ᠶᠢ ᠴᠢᠩᠭᠠᠳᠬᠠᠨ᠎ᠠ᠃ ᠬᠥᠬᠡ ᠵᠠᠮᠠᠭ ᠤᠨ ᠤᠰᠤᠨ ‍ᠦᠷᠦᠮᠡᠳᠦᠯ᠂ ᠤᠯᠠᠭᠠᠨ ᠲᠦᠯᠬᠢᠭᠡᠨ ᠨᠣᠭᠤᠭᠠᠨ ᠲᠦᠯᠬᠢᠭᠡᠨ ᠵᠡᠷᠭᠡ ᠠᠮᠢ ᠠᠬᠤᠢ ᠶᠢᠨ ᠭᠠᠮᠰᠢᠭ ᠢ ᠢᠳᠡᠪᠬᠢᠲᠡᠢ ᠠᠷᠭᠠᠴᠠᠭᠠᠨ᠎ᠠ᠃ ᠭᠤᠣᠯ ᠮᠥᠷᠡᠨ ᠨᠠᠭᠤᠷ ᠴᠥᠭᠦᠷᠥᠮ ᠤᠨ ᠬᠦᠪᠦᠮᠡᠯ ᠪᠤᠳᠠᠰ ᠢ ᠴᠡᠪᠡᠷᠯᠡᠬᠦ ᠪᠠ ᠳᠠᠯᠠᠢ ᠲᠠᠩᠭᠢᠰ ᠤᠨ ᠬᠤᠭ ᠨᠣᠪᠰᠢ ᠶᠢ ᠵᠠᠰᠠᠬᠤ ᠶᠢ ᠠᠬᠢᠭᠤᠯᠤᠨ᠎ᠠ᠃ 2027 ᠣᠨ ᠪᠣᠯᠬᠤ ᠳᠤ᠂ ᠪᠥᠬᠦ ᠤᠯᠤᠰ ᠤᠨ ᠭᠠᠵᠠᠷ ᠳᠡᠭᠡᠷᠡᠬᠢ ᠤᠰᠤᠨ ᠤ ᠴᠢᠨᠠᠷ᠂ ᠡᠷᠭᠢ ᠣᠶᠢᠷᠠᠯᠴᠠᠭ᠎ᠠ ᠲᠡᠯᠡᠶ ᠶᠢᠨ ᠣᠷᠣᠨ ᠤ ᠤᠰᠤᠨ ᠤ ᠴᠢᠨᠠᠷ ᠤᠨ ᠰᠢᠯᠢᠳᠡᠭ ᠤᠨ ᠬᠠᠷᠢᠴᠠᠯ ᠢ ᠲᠣᠰ ᠲᠣᠰ 90%᠂ 83% ᠣᠷᠴᠢᠮ ᠳᠤ ᠬᠦᠷᠭᠡᠵᠦ᠂ ᠦᠵᠡᠰᠭᠦᠯᠡᠩᠲᠦ ᠰᠠᠶᠢᠬᠠᠨ ᠭᠤᠤᠯ ᠮᠥᠷᠡᠨ ᠨᠠᠭᠤᠷ ᠴᠥᠭᠦᠷᠥᠮ᠂ ᠦᠵᠡᠰᠭᠦᠯᠡᠩᠲᠦ ᠰᠠᠶᠢᠬᠠᠨ ᠲᠡᠯᠡᠶ ᠶᠢᠨ ᠪᠤᠯᠤᠩ ᠢ ᠪᠠᠶᠢᠭᠤᠯᠤᠭᠰᠠᠨ ᠨᠣᠷᠮ᠎ᠠ ᠶᠢ 40% ᠣᠷᠴᠢᠮ ᠳᠤ ᠬᠦᠷᠭᠡᠨ᠎ᠡ︔ 2035 ᠣᠨ ᠪᠣᠯᠬᠤ ᠳᠤ᠂ ︽ᠬᠥᠮᠦᠨ ᠤᠰᠤ ᠡᠶ᠎ᠡ ᠵᠣᠬᠢᠴᠠᠩᠭᠤᠢ︾ ᠦᠵᠡᠰᠭᠦᠯᠡᠩᠲᠦ ᠰᠠᠶᠢᠬᠠᠨ ᠭᠤᠣᠯ ᠮᠥᠷᠡᠨ ᠨᠠᠭᠤᠷ ᠪᠦᠷᠢᠳᠦ᠂ ᠦᠵᠡᠰᠭᠦᠯᠡᠩᠲᠦ ᠰᠠᠶᠢᠬᠠᠨ ᠳᠠᠯᠠᠢ ᠶᠢᠨ ᠪᠤᠯᠤᠩ ᠢ ᠦᠨᠳᠦᠰᠦᠨ ᠳᠡᠭᠡᠨ ᠪᠠᠶᠢᠭᠤᠯᠤᠨ᠎ᠠ᠃    ︵ᠳᠣᠯᠤᠭ᠎ᠠ︶ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠦᠷᠭᠦᠯᠵᠢᠯᠡᠨ ᠭᠦᠨᠵᠡᠭᠡᠶ ᠰᠠᠶᠢᠲᠤᠷ ᠬᠢᠨ᠎ᠡ᠃ ᠬᠥᠷᠥᠰᠥ ᠰᠢᠷᠣᠶ ᠶᠢᠨ ᠪᠣᠬᠢᠷᠲᠤᠯ ᠢ ᠡᠬᠢ ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠶᠢ ᠥᠷᠨᠢᠭᠦᠯᠵᠦ᠂ ᠰᠢᠨ᠎ᠡ ᠪᠠᠷ ᠨᠡᠮᠡᠭᠳᠡᠬᠦ ᠪᠣᠬᠢᠷᠲᠤᠯ ᠢ ᠴᠢᠩᠭ᠎ᠠ ᠰᠡᠷᠭᠡᠶᠢᠯᠡᠨ᠂ ᠣᠷᠳᠣ ᠬᠤᠭᠤᠴᠠᠭ᠎ᠠ ᠪᠠᠷ ᠬᠤᠷᠠᠮᠳᠤᠭᠰᠠᠨ ᠬᠥᠷᠥᠰᠥ ᠰᠢᠷᠣᠶ ᠪᠠ ᠭᠠᠵᠠᠷ ᠳᠤᠤᠷᠠᠬᠢ ᠤᠰᠤᠨ ᠤ ᠬᠦᠨᠳᠦ ᠨᠣᠴᠢᠲᠠᠶ ᠪᠣᠬᠢᠷᠲᠤᠯ ᠤᠨ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠎ᠡ᠃ ᠤᠷᠢᠳ ᠢᠶᠠᠷ ᠬᠠᠮᠠᠭᠠᠯᠠᠬᠤ ᠲᠥᠷᠥᠯ ᠤᠨ ᠲᠠᠷᠢᠶᠠᠨ ᠭᠠᠵᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠪᠣᠬᠢᠷᠲᠤᠭᠰᠠᠨ ᠲᠠᠷᠢᠶᠠᠨ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠪᠠ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠯᠠᠪᠳᠠᠭᠤᠨ ᠪᠠᠲᠤᠲᠠᠶ ᠠᠬᠢᠭᠤᠯᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠤᠨ ᠬᠥᠷᠥᠰᠥ ᠰᠢᠷᠣᠶ ᠶᠢᠨ ᠬᠦᠨᠳᠦ ᠲᠡᠮᠦᠷᠯᠢᠭ ᠤᠨ ᠪᠣᠬᠢᠷᠲᠤᠯ ᠤᠨ ᠡᠬᠢ ᠰᠤᠷᠪᠤᠯᠵᠢ ᠶᠢ ᠮᠦᠷᠳᠡᠬᠦ ᠪᠠ ᠴᠡᠭᠴᠡᠯᠡᠨ ᠵᠠᠰᠠᠬᠤ ᠶᠢ ᠪᠦᠬᠦᠨ ᠢ ᠪᠥᠷᠬᠦᠭᠦᠯᠬᠦ ᠶᠢ ᠱᠠᠲᠤ ᠬᠤᠪᠢᠶᠠᠨ ᠠᠬᠢᠭᠤᠯᠤᠨ᠎ᠠ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠶᠢ ᠬᠤᠪᠢᠷᠠᠭᠤᠯᠬᠤ ᠪᠠ ᠪᠣᠬᠢᠷᠲᠤᠭᠰᠠᠨ ᠭᠠᠵᠠᠷ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢᠨ ᠬᠠᠮᠲᠤᠷᠠᠨ ᠬᠥᠳᠡᠯᠦᠯᠴᠡᠬᠦ ᠬᠢᠨᠠᠯᠲᠠ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠲᠣᠮᠣ ᠬᠡᠯᠪᠡᠷᠢ ᠶᠢᠨ ᠪᠣᠬᠢᠷᠲᠤᠭᠰᠠᠨ ᠲᠠᠯᠠᠪᠤᠷ ᠭᠠᠵᠠᠷ ᠤᠨ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠰᠡᠷᠭᠦᠭᠡᠬᠦ ᠶᠢ ᠠᠬᠢᠭᠤᠯᠤᠨ᠎ᠠ᠃ ᠬᠥᠷᠥᠰᠥ ᠰᠢᠷᠣᠶ ᠶᠢᠨ ᠪᠣᠬᠢᠷᠲᠤᠯ ᠤᠨ ᠭᠤᠤᠯᠳᠠᠯᠭ᠎ᠠ ᠲᠠᠢ ᠬᠢᠨᠠᠨ ᠬᠠᠮᠢᠶᠠᠷᠬᠤ ᠨᠢᠭᠡᠴᠢ ᠶᠢᠨ ᠡᠷᠬᠢᠨ ᠲᠣᠭᠤᠷᠢᠨ ᠤ ᠬᠥᠷᠥᠰᠥ ᠰᠢᠷᠣᠶ ᠪᠠ ᠭᠠᠵᠠᠷ ᠳᠤᠤᠷᠠᠬᠢ ᠤᠰᠤᠨ ᠤ ᠣᠷᠴᠢᠨ ᠲᠣᠭᠤᠷᠢᠨ ᠤ ᠬᠢᠨᠠᠨ ᠬᠡᠮᠵᠢᠯᠲᠡ ᠶᠢ ᠪᠥᠬᠦ ᠲᠠᠯ᠎ᠠ ᠪᠠᠷ ᠥᠷᠨᠢᠭᠦᠯᠵᠦ᠂ ᠬᠤᠶᠠᠳᠤᠭᠠᠷ ᠤᠳᠠᠭᠠᠨ ᠤ ᠪᠥᠬᠦ ᠤᠯᠤᠰ ᠤᠨ ᠬᠥᠷᠥᠰᠥ ᠰᠢᠷᠣᠶ ᠶᠢᠨ ᠪᠣᠬᠢᠷᠲᠤᠯ ᠤᠨ ᠪᠠᠶᠢᠳᠠᠯ ᠤᠨ ᠨᠡᠶᠢᠳᠡᠮ ᠪᠠᠶᠢᠴᠠᠭᠠᠯᠲᠠ ᠶᠢ ᠴᠠᠭ ᠲᠤᠨᠢ ᠳᠣᠭᠢᠷᠠᠭᠤᠯᠤᠨ ᠥᠷᠨᠢᠭᠦᠯᠦᠨ᠎ᠡ᠃ ᠪᠦᠬᠦ ᠤᠯᠤᠰ ᠤᠨ ᠭᠠᠵᠠᠷ ᠳᠣᠣᠷᠠᠬᠢ ᠤᠰᠤᠨ ᠤ ᠪᠣᠬᠢᠷᠲᠤᠯ ᠢ ᠪᠠᠶᠢᠴᠠᠭᠠᠨ ᠦᠨᠡᠯᠡᠬᠦ ᠠᠵᠢᠯ ᠢ ᠥᠷᠨᠢᠭᠦᠯᠵᠦ᠂ ᠭᠠᠵᠠᠷ ᠳᠣᠣᠷᠠᠬᠢ ᠤᠰᠤᠨ ᠤ ᠤᠤᠭᠤᠬᠤ ᠤᠰᠤᠨ ᠤ ᠰᠤᠷᠪᠤᠯᠵᠢ ᠶᠢᠨ ᠭᠠᠵᠠᠷ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢ ᠴᠢᠩᠭᠠᠳᠬᠠᠵᠤ᠂ ᠭᠠᠵᠠᠷ ᠳᠣᠣᠷᠠᠬᠢ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠭᠤᠣᠯᠳᠠᠯᠭ᠎ᠠ ᠲᠠᠢ ᠣᠷᠣᠨ ᠤ ᠣᠷᠴᠢᠨ ᠲᠤᠭᠤᠷᠢᠨ ᠤ ᠠᠶᠤᠯ ᠲᠦᠭᠰᠢᠭᠦᠷᠢ ᠶᠢ ᠴᠢᠩᠭ᠎ᠠ ᠡᠵᠡᠮᠳᠡᠨ᠎ᠡ᠃ ᠬᠥᠳᠡᠭᠡ ᠠᠵᠤ ᠠᠬᠤᠢ ᠬᠥᠳᠡᠭᠡ ᠲᠣᠰᠬᠤᠨ ᠤ ᠪᠣᠬᠢᠷᠲᠤᠯ ᠢ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠭᠦᠨᠵᠡᠭᠡᠢ ᠰᠠᠶᠢᠲᠤᠷ ᠬᠢᠨ᠎ᠡ᠃ 2027 ᠣᠨ ᠪᠣᠯᠬᠤ ᠳᠤ᠂ ᠪᠣᠬᠢᠷᠲᠤᠭᠰᠠᠨ ᠲᠠᠷᠢᠶᠠᠨ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠨᠣᠷᠮ᠎ᠠ ᠶᠢ 94% ᠠᠴᠠ ᠳᠡᠭᠡᠭᠰᠢ ᠳᠤ ᠬᠦᠷᠭᠡᠵᠦ᠂ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠠᠮᠤᠷ ᠲᠦᠪᠰᠢᠨ ᠢᠶᠠᠷ ᠠᠰᠢᠭᠯᠠᠬᠤ ᠶᠢ ᠪᠦᠲᠦᠮᠵᠢᠲᠡᠶ ᠪᠠᠲᠤᠯᠠᠨ᠎ᠠ︔ 2035 ᠣᠨ ᠪᠣᠯᠬᠤ ᠳᠤ᠂ ᠭᠠᠵᠠᠷ ᠳᠤᠤᠷᠠᠬᠢ ᠤᠰᠤᠨ ᠤ ᠤᠯᠤᠰ ᠠᠴᠠ ᠡᠵᠡᠮᠳᠡᠬᠦ ᠪᠠᠶᠢᠷᠢ ᠴᠡᠭ ᠤᠨ Ⅰ — Ⅳ ᠲᠥᠷᠥᠯ ᠤᠨ ᠤᠰᠤᠨ ᠤ ᠬᠠᠷᠢᠴᠠᠯ ᠢ 80% ᠠᠴᠠ ᠳᠡᠭᠡᠭᠰᠢ ᠳᠤ ᠬᠦᠷᠭᠡᠵᠦ᠂ ᠬᠥᠷᠥᠰᠥ ᠰᠢᠷᠣᠶ ᠶᠢᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠪᠥᠬᠦ ᠲᠠᠯ᠎ᠠ ᠪᠠᠷ ᠬᠠᠮᠢᠶᠠᠷᠤᠨ ᠡᠵᠡᠮᠳᠡᠨ᠎ᠡ᠃    ︵ᠨᠠᠢᠮᠠ︶ ᠬᠠᠲᠠᠭᠤ ᠪᠡᠶᠡᠲᠦ ᠬᠠᠶᠠᠭᠳᠠᠮᠠᠯ ᠪᠤᠳᠠᠰ ᠪᠣᠯᠤᠨ ᠰᠢᠨ᠎ᠡ ᠪᠣᠬᠢᠷ ᠪᠤᠳᠠᠰ ᠤᠨ ᠵᠠᠰᠠᠯᠲᠠ ᠶᠢ ᠴᠢᠩᠭᠠᠷᠠᠭᠤᠯᠤᠨ᠎ᠠ᠃ ︽ᠬᠠᠶᠠᠭᠳᠠᠮᠠᠯ ᠥᠬᠡᠶ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠭᠡᠵᠦ᠂ ᠰᠢᠨ᠎ᠡ ᠪᠣᠬᠢᠷᠲᠤᠯ ᠪᠣᠳᠠᠰ ᠢ ᠵᠠᠰᠠᠬᠤ ᠠᠵᠢᠯᠯᠠᠭ᠎ᠠ ᠶᠢ ᠦᠷᠭᠦᠯᠵᠢᠯᠡᠨ ᠠᠬᠢᠭᠤᠯᠵᠤ᠂ ᠬᠤᠲᠠ ᠬᠥᠳᠡᠭᠡ ᠳᠤ ︽ᠬᠠᠶᠠᠭᠳᠠᠮᠠᠯ ᠥᠬᠡᠶ︾᠂ ᠣᠷᠴᠢᠨ ᠲᠣᠭᠤᠷᠢᠨ ᠡᠷᠡᠭᠦᠯ ᠮᠡᠨᠳᠦ ᠪᠠᠶᠢᠬᠤ ᠶᠢ ᠪᠡᠶᠡᠯᠡᠭᠦᠯᠬᠦ ᠶᠢ ᠠᠬᠢᠭᠤᠯᠤᠨ᠎ᠠ᠃ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠲᠠᠸᠠᠷ ᠢ ᠬᠡᠳᠦᠷᠬᠡᠢ ᠪᠣᠭᠤᠳᠠᠯᠯᠠᠬᠤ ᠶᠢ ᠬᠢᠵᠠᠭᠠᠷᠯᠠᠵᠤ᠂ ᠰᠦᠯᠢᠶᠣᠣ ᠶᠢᠨ ᠪᠣᠬᠢᠷᠲᠤᠯ ᠢ ᠪᠦᠬᠦ ᠬᠡᠯᠬᠢᠶ᠎ᠡ ᠪᠠᠷ ᠵᠠᠰᠠᠨ᠎ᠠ᠃ ︽ᠬᠠᠷᠢ ᠶᠢᠨ ᠬᠤᠭ ᠨᠣᠪᠰᠢ︾ ᠶᠢᠨ ᠬᠢᠯᠢ ᠳᠤ ᠣᠷᠣᠵᠤ ᠢᠷᠡᠬᠦ ᠶᠢ ᠪᠥᠬᠦ ᠲᠠᠯ᠎ᠠ ᠪᠠᠷ ᠴᠠᠭᠠᠵᠠᠯᠠᠬᠤ ᠠᠵᠢᠯ ᠢ ᠭᠦᠨᠵᠡᠭᠡᠶᠢᠷᠡᠭᠦᠯᠵᠦ᠂ ᠡᠯ᠎ᠡ ᠵᠦᠢᠯ ᠤᠨ ᠬᠡᠯᠪᠡᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠤᠳᠠᠰ ᠢ ᠨᠢᠭᠤᠴᠠ ᠪᠠᠷ ᠠᠷᠠᠯᠵᠢᠶᠠᠯᠠᠬᠤ ᠪᠠ ᠬᠡᠯᠪᠡᠷᠢ ᠶᠢ ᠨᠢ ᠥᠭᠡᠷᠡᠲᠦᠭᠦᠯᠦᠨ ᠭᠠᠳᠠᠭᠠᠳᠤ ᠠᠴᠠ ᠣᠷᠣᠭᠤᠯᠬᠤ ᠶᠢ ᠴᠢᠩᠭ᠎ᠠ ᠰᠡᠷᠭᠡᠶᠢᠯᠡᠨ᠎ᠡ᠃ ᠠᠶᠤᠯᠲᠠᠶ ᠬᠠᠶᠠᠭᠳᠠᠮᠠᠯ ᠪᠤᠳᠠᠰ ᠢ ᠬᠢᠨᠠᠨ ᠬᠠᠮᠢᠶᠠᠷᠬᠤ ᠪᠠ ᠠᠰᠢᠭᠯᠠᠨ ᠰᠢᠢᠳᠪᠦᠷᠢᠯᠡᠬᠦ ᠴᠢᠳᠠᠪᠤᠷᠢ ᠶᠢ ᠴᠢᠩᠭᠠᠷᠠᠭᠤᠯᠵᠤ᠂ ᠬᠥᠬᠡᠮᠥ᠋ᠷᠡᠨ ᠤ ᠠᠵᠤ ᠠᠬᠤᠶ ᠶᠢᠨ ᠪᠦᠰᠡ᠂ ᠬᠠᠲᠤᠨ ᠭᠤᠤᠯ ᠤᠨ ᠰᠠᠪᠠ ᠭᠠᠵᠠᠷ ᠵᠡᠷᠭᠡ ᠪᠠᠷ ᠭᠤᠤᠯᠳᠠᠯᠭ᠎ᠠ ᠪᠣᠯᠭᠠᠨ ᠠᠭᠤᠷᠬᠠᠢ ᠶᠢᠨ ᠦᠯᠡᠳᠡᠭᠳᠡᠯ ᠤᠨ ᠪᠣᠬᠢᠷᠲᠤᠯ ᠢ ᠵᠠᠰᠠᠬᠤ ᠶᠢ ᠴᠢᠩᠭᠠᠳᠬᠠᠨ᠎ᠠ᠃ ᠬᠤᠣᠷ ᠬᠥᠨᠥᠭᠡᠯ ᠲᠠᠢ ᠬᠢᠮᠢ ᠶᠢᠨ ᠪᠣᠳᠠᠰ ᠤᠨ ᠣᠷᠴᠢᠨ ᠲᠤᠭᠤᠷᠢᠨ ᠤ ᠠᠶᠤᠯ ᠲᠦᠭᠰᠢᠭᠦᠷᠢ ᠶᠢᠨ ᠬᠠᠮᠢᠶᠠᠷᠤᠯᠲᠠ ᠶᠢᠨ ᠬᠠᠤᠯᠢ ᠲᠣᠭᠲᠠᠭᠠᠯ ᠢ ᠲᠣᠭᠲᠠᠭᠠᠨ᠎ᠠ᠃ 2027 ᠣᠨ ᠪᠣᠯᠬᠤ ᠳᠤ᠂ ︽ᠬᠠᠶᠠᠭᠳᠠᠮᠠᠯ ᠥᠬᠡᠶ ᠬᠤᠲᠠ︾ ᠶᠢ ᠪᠥᠲᠥᠭᠡᠨ ᠪᠠᠶᠢᠭᠤᠯᠬᠤ ᠬᠠᠷᠢᠴᠠᠯ ᠢ 60% ᠳᠤ ᠬᠦᠷᠭᠡᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ ᠡᠭᠦᠰᠭᠡᠬᠦ ᠬᠦᠴᠦᠯᠡᠴᠡ ᠶᠢ ᠢᠯᠡᠳᠲᠡ ᠪᠠᠭᠤᠷᠠᠭᠤᠯᠤᠨ᠎ᠠ︔ 2035 ᠣᠨ ᠪᠣᠯᠬᠤ ᠳᠤ᠂ ︽ᠬᠠᠶᠠᠭᠳᠠᠮᠠᠯ ᠥᠬᠡᠶ ᠬᠤᠲᠠ︾ ᠶᠢᠨ ᠪᠥᠲᠥᠭᠡᠨ ᠪᠠᠶᠢᠭᠤᠯᠤᠯᠲᠠ ᠶᠢ ᠪᠦᠬᠦᠨ ᠢ ᠪᠥᠷᠬᠦᠭᠦᠯᠬᠦ ᠶᠢ ᠪᠡᠶᠡᠯᠡᠭᠦᠯᠵᠦ᠂ ᠵᠡᠭᠦᠨ ᠬᠡᠰᠡᠭ ᠤᠨ ᠮᠤᠵᠢ ᠣᠷᠣᠨ ᠬᠠᠮᠤᠭ ᠤᠨ ᠤᠷᠢᠳ ᠢᠶᠠᠷ ᠪᠥᠬᠦ ᠬᠡᠪᠴᠢᠶᠡᠨ ᠳᠤ ︽ᠬᠠᠶᠠᠭᠳᠠᠮᠠᠯ ᠥᠬᠡᠶ ᠬᠤᠲᠠ︾ ᠶᠢ ᠪᠥᠲᠥᠭᠡᠨ ᠪᠠᠶᠢᠭᠤᠯᠵᠤ᠂ ᠰᠢᠨ᠎ᠡ ᠪᠣᠬᠢᠷᠲᠤᠯ ᠪᠣᠳᠠᠰ ᠤᠨ ᠣᠷᠴᠢᠨ ᠲᠤᠭᠤᠷᠢᠨ ᠤ ᠠᠶᠤᠯ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠨ᠎ᠡ᠃   ᠲᠠᠪᠤ᠂ ᠠᠮᠢ ᠠᠬᠤᠶ ᠶᠢᠨ ᠰᠢᠰᠲ᠋ᠧᠮ ᠤᠨ ᠣᠯᠠᠨ ᠶᠠᠩᠵᠤᠲᠤ ᠴᠢᠨᠠᠷ ᠲᠣᠭᠲᠠᠭᠤᠨ ᠴᠢᠨᠠᠷ ᠦᠷᠭᠦᠯᠵᠢᠯᠡᠬᠦ ᠴᠢᠨᠠᠷ ᠢ ᠳᠡᠭᠡᠭᠰᠢᠯᠡᠭᠦᠯᠦᠨ᠎ᠡ   ︵ᠵᠢᠰᠦ︶ ᠪᠠᠶᠢᠭᠠᠯᠢ ᠶᠢᠨ ᠠᠮᠢ ᠠᠬᠤᠶ ᠶᠢᠨ ᠬᠠᠯᠬᠠᠪᠴᠢ ᠶᠢ ᠪᠠᠬᠢᠵᠢᠭᠦᠯᠦᠨ᠎ᠡ᠃ ᠤᠯᠤᠰ ᠤᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠲᠣᠭᠲᠠᠪᠤᠷᠢᠵᠢᠭᠤᠯᠵᠤ᠂ ᠤᠯᠤᠰ ᠤᠨ ᠭᠤᠤᠯᠳᠠᠯᠭ᠎ᠠ ᠲᠠᠢ ᠠᠮᠢ ᠠᠬᠤᠶ ᠶᠢᠨ ᠴᠢᠳᠠᠮᠵᠢᠳᠤ ᠣᠷᠣᠨ᠂ ᠴᠢᠬᠤᠯᠠ ᠠᠮᠢ ᠠᠬᠤᠶ ᠶᠢᠨ ᠬᠤᠩᠭᠢᠯ ᠤᠨ ᠬᠠᠮᠠᠭᠠᠯᠠᠯᠲᠠ ᠪᠠ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠤᠯᠤᠰ ᠤᠨ ᠴᠡᠴᠡᠷᠯᠢᠭ ᠢᠶᠠᠷ ᠭᠤᠤᠯ ᠴᠣᠭᠴᠠ ᠪᠣᠯᠭᠠᠭᠰᠠᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠰᠢᠰᠲ᠋ᠧᠮ ᠤᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠪᠥᠬᠦ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠨᠡᠶᠢᠳᠭᠡᠨ ᠰᠢᠯᠢᠳᠡᠭᠵᠢᠭᠦᠯᠬᠦ ᠶᠢ ᠪᠡᠶᠡᠯᠡᠭᠦᠯᠦᠨ᠎ᠡ᠃ ᠪᠦᠬᠦ ᠤᠯᠤᠰ ᠤᠨ ᠪᠠᠶᠢᠭᠠᠯᠢ ᠶᠢᠨ ᠠᠮᠢ ᠠᠬᠤᠢ ᠶᠢᠨ ᠡᠬᠢ ᠪᠠᠶᠠᠯᠢᠭ ᠢ ᠬᠢᠨᠠᠨ ᠬᠡᠮᠵᠢᠵᠦ ᠦᠨᠡᠯᠡᠬᠦ ᠤᠷᠢᠳᠴᠢᠯᠠᠨ ᠰᠡᠷᠡᠮᠵᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠠᠮᠢ ᠠᠬᠤᠢ ᠶᠢ ᠬᠠᠮᠠᠭᠠᠯᠠᠨ ᠰᠡᠷᠭᠦᠭᠡᠬᠦ ᠬᠢᠨᠠᠯᠲᠠ ᠬᠠᠮᠢᠶᠠᠷᠤᠯᠲᠠ ᠶᠢᠨ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠢᠭᠡᠳᠦᠯᠲᠡᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠥᠮᠴᠢᠯᠡᠭᠴᠢ᠂ ᠨᠡᠭᠡᠭᠡᠨ ᠠᠰᠢᠭᠯᠠᠭᠴᠢ ᠴᠢᠨᠠᠭᠰᠢᠯᠠᠪᠠᠯ ᠬᠢᠨᠠᠨ ᠬᠠᠮᠢᠶᠠᠷᠤᠭᠴᠢ ᠳᠠᠬᠢ ᠬᠢᠨᠠᠨ ᠬᠠᠮᠢᠶᠠᠷᠤᠯᠲᠠ ᠶᠢ ᠴᠢᠩᠳᠠᠯᠠᠵᠤ᠂ ᠡᠯ᠎ᠡ ᠲᠥᠷᠥᠯ ᠤᠨ ᠠᠮᠢ ᠠᠬᠤᠶ ᠶᠢ ᠡᠪᠳᠡᠭᠰᠡᠨ ᠬᠡᠷᠡᠭ ᠢ ᠴᠠᠭ ᠲᠤᠬᠠᠶ ᠳᠤᠨᠢ ᠢᠯᠡᠷᠡᠭᠦᠯᠬᠦ ᠪᠠ ᠪᠠᠶᠢᠴᠠᠭᠠᠨ ᠰᠢᠢᠳᠪᠦᠷᠢᠯᠡᠵᠦ᠂ ᠠᠮᠢ ᠠᠬᠤᠶ ᠶᠢ ᠰᠡᠷᠭᠦᠭᠡᠬᠦ ᠳᠤᠮᠳᠠᠬᠢ ᠬᠡᠯᠪᠡᠷᠢᠴᠢ ᠦᠵᠡᠯ ᠢ ᠡᠷᠡᠰ ᠬᠤᠷᠢᠭᠯᠠᠨ᠎ᠠ᠃ ᠠᠮᠢ ᠠᠬᠤᠢ ᠶᠢᠨ ᠪᠠᠶᠢᠳᠠᠯ ᠢ ᠬᠢᠨᠠᠨ ᠬᠡᠮᠵᠢᠵᠦ ᠦᠨᠡᠯᠡᠨ ᠵᠢᠱᠢᠬᠦ ᠶᠢ ᠴᠢᠩᠭᠠᠳᠬᠠᠵᠤ᠂ ᠠᠮᠢ ᠠᠬᠤᠢ ᠶᠢ ᠬᠠᠮᠠᠭᠠᠯᠠᠨ ᠰᠡᠷᠭᠦᠭᠡᠭᠰᠡᠨ ᠦᠷ᠎ᠡ ᠪᠦᠲᠦᠮᠵᠢ ᠶᠢ ᠦᠨᠡᠯᠡᠨ ᠵᠢᠱᠢᠬᠦ ᠠᠵᠢᠯ ᠢ ᠥᠷᠨᠢᠭᠦᠯᠦᠨ᠎ᠡ᠃ ︽ᠨᠣᠭᠤᠭᠠᠨ ᠪᠠᠮᠪᠠᠶ︾ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠲᠠᠬᠢ ᠬᠢᠨᠠᠯᠲᠠ ᠪᠠᠨ ᠴᠢᠩᠭᠠᠳᠬᠠᠬᠤ ᠶᠢ ᠦᠷᠭᠦᠯᠵᠢᠯᠡᠨ ᠠᠬᠢᠭᠤᠯᠵᠤ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠠᠮᠢ ᠠᠬᠤᠶ ᠶᠢ ᠡᠪᠳᠡᠬᠦ ᠠᠰᠠᠭᠤᠳᠠᠯ ᠳᠤ ᠬᠢᠨᠠᠯᠲᠠ ᠲᠠᠯᠪᠢᠬᠤ ᠲᠣᠭᠲᠡᠴᠡ ᠶᠢ ᠪᠠᠶᠢᠭᠤᠯᠤᠨ᠎ᠠ᠃ 2035 ᠣᠨ ᠪᠣᠯᠬᠤ ᠳᠤ᠂ ᠤᠯᠤᠰ ᠤᠨ ᠴᠡᠴᠡᠷᠯᠢᠭ ᠤᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠠᠮᠢ ᠠᠬᠤᠶ ᠶᠢᠨ ᠰᠢᠰᠲ᠋ᠧᠮ ᠤᠨ ᠪᠠᠶᠢᠷᠢᠰᠢᠯ ᠢ ᠨᠠᠩ ᠲᠣᠭᠲᠠᠭᠤᠨ ᠪᠣᠯᠭᠠᠵᠤ᠂ ᠦᠵᠡᠰᠭᠦᠯᠡᠩᠲᠦ ᠰᠠᠶᠢᠬᠠᠨ ᠠᠭᠤᠯᠠ ᠤᠰᠤᠨ ᠤ ᠦᠷᠨᠢᠬᠦᠨ ᠪᠠᠳᠠᠷᠠᠩᠭᠤᠢ ᠠᠮᠢᠵᠢᠷᠠᠯ ᠤᠨ ᠬᠦᠴᠦᠨ ᠢ ᠢᠯᠡᠷᠡᠭᠦᠯᠦᠨ᠎ᠡ     ︵ᠠᠷᠪᠠ︶ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠬᠡᠷᠡᠭᠵᠢᠭᠦᠯᠦᠨ᠎ᠡ᠃ ᠭᠤᠤᠯᠳᠠᠯᠭ᠎ᠠ ᠲᠠᠢ ᠠᠮᠢ ᠠᠬᠤᠢ ᠶᠢᠨ ᠰᠢᠰᠲ᠋ᠧᠮ ᠢ ᠬᠠᠮᠠᠭᠠᠯᠠᠬᠤ ᠪᠠ ᠵᠠᠰᠠᠨ ᠰᠡᠷᠭᠦᠭᠡᠬᠦ ᠴᠢᠬᠤᠯᠠ ᠶᠡᠭᠡ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠨᠤᠲᠤᠭ ᠪᠡᠯᠴᠢᠭᠡᠷ ᠣᠢ ᠰᠢᠭᠤᠢ ᠭᠤᠣᠯ ᠮᠥᠷᠡᠨ ᠨᠠᠭᠤᠷ ᠴᠥᠭᠦᠷᠥᠮ ᠨᠤᠭᠤ ᠭᠠᠵᠠᠷ ᠢ ᠰᠡᠷᠭᠦᠭᠡᠨ ᠰᠠᠶᠢᠵᠢᠷᠠᠭᠤᠯᠬᠤ ᠶᠢ ᠬᠡᠷᠡᠭᠵᠢᠭᠦᠯᠦᠨ᠎ᠡ᠃ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠨᠢᠭᠡ ᠴᠤᠬᠴᠠᠵᠢᠭᠤᠯᠤᠨ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ ᠢ ᠦᠷᠭᠦᠯᠵᠢᠯᠡᠨ ᠬᠡᠷᠡᠭᠵᠢᠭᠦᠯᠦᠨ᠎ᠡ᠃ ᠤᠯᠤᠰ ᠤᠨ ᠨᠤᠲᠤᠭ ᠲᠠᠪᠢᠰᠭᠡᠷ ᠢ ᠶᠡᠭᠡ ᠬᠡᠪᠴᠢᠶ᠎ᠡ ᠪᠠᠷ ᠨᠣᠭᠤᠭᠠᠷᠠᠭᠤᠯᠬᠤ ᠠᠵᠢᠯᠯᠠᠭ᠎ᠠ ᠶᠢ ᠰᠢᠨᠵᠢᠯᠡᠬᠦ ᠤᠬᠠᠭᠠᠨᠴᠢ ᠪᠠᠷ ᠥᠷᠨᠢᠭᠦᠯᠵᠦ᠂ ᠨᠤᠲᠤᠭ ᠪᠡᠯᠴᠢᠭᠡᠷ ᠪᠠ ᠨᠤᠭᠤ ᠭᠠᠵᠠᠷ ᠢ ᠬᠠᠮᠠᠭᠠᠯᠠᠨ ᠰᠡᠷᠭᠦᠭᠡᠬᠦ ᠡᠷᠴᠢᠮ ᠢᠶᠠᠨ ᠴᠢᠩᠭᠠᠷᠠᠭᠤᠯᠤᠨ᠂ ᠴᠦᠯᠯᠡᠷᠭᠡᠭᠵᠢᠯ᠂ ᠬᠠᠶᠢᠷ ᠴᠢᠯᠠᠭᠤᠵᠢᠬᠤ ᠪᠠ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠵᠤ᠂ ᠣᠶ ᠰᠢᠭᠤᠶ ᠶᠢᠨ ᠦᠷᠭᠦᠯᠵᠢᠯᠡᠬᠦ ᠡᠵᠡᠩᠨᠡᠯᠲᠡ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠵᠦ ᠲᠦᠢᠮᠡᠷ ᠤᠨᠲᠠᠷᠠᠭᠠᠬᠤ ᠶᠢ ᠴᠢᠩᠭᠠᠳᠬᠠᠨ᠎ᠠ᠃ ᠪᠡᠭᠡᠵᠢᠩ ᠵᠡᠷᠭᠡ ᠭᠤᠤᠯᠳᠠᠯᠭ᠎ᠠ ᠲᠠᠢ ᠭᠠᠵᠠᠷ ᠣᠷᠣᠨ ᠢ ᠨᠥᠯᠥᠭᠡᠯᠡᠵᠦ ᠪᠠᠶᠢᠭ᠎ᠠ ᠡᠯᠡᠰᠦᠨ ᠤ ᠡᠬᠢ ᠶᠢᠨ ᠭᠠᠵᠠᠷ ᠵᠢᠴᠢ ᠬᠦᠷᠬᠡᠬᠦ ᠠᠷᠭ᠎ᠠ ᠵᠠᠮ ᠳᠤ ᠠᠩᠬᠠᠷᠤᠯ ᠢᠶᠠᠨ ᠲᠥᠪᠯᠡᠷᠡᠭᠦᠯᠵᠦ᠂ ︽ᠤᠮᠠᠷᠠᠲᠤ ᠶᠢᠨ ᠭᠤᠷᠪᠠᠨ ᠤᠷᠤᠨ︾ ᠤ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠪᠣᠯᠤᠨ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢᠨ ᠵᠠᠰᠠᠯᠲᠠ ᠶᠢ ᠦᠷᠭᠦᠯᠵᠢᠯᠡᠨ ᠠᠬᠢᠭᠤᠯᠵᠤ᠂ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠶ ᠳᠠᠶᠢᠯᠠᠯᠳᠤᠭᠠᠨ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃ ᠠᠮᠢ ᠠᠬᠤᠶ ᠶᠢᠨ ᠰᠢᠰᠲ᠋ᠧᠮ ᠤᠨ ᠨᠡᠭᠦᠷᠡᠰᠦᠲᠥ᠋ᠷᠥᠭᠴᠢ ᠬᠤᠷᠠᠮᠳᠤᠭᠤᠯᠬᠤ ᠴᠢᠳᠠᠪᠤᠷᠢ ᠶᠢ ᠪᠠᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢ ᠠᠬᠢᠭᠤᠯᠤᠨ᠎ᠠ᠃ 2035 ᠣᠨ ᠪᠣᠯᠬᠤ ᠳᠤ᠂ ᠪᠥᠬᠦ ᠤᠯᠤᠰ ᠤᠨ ᠣᠶ ᠰᠢᠭᠤᠶ ᠶᠢᠨ ᠪᠦᠷᠬᠦᠴᠡ ᠶᠢ 26% ᠪᠣᠯᠲᠠᠯ᠎ᠠ ᠳᠡᠭᠡᠭᠰᠢᠯᠡᠭᠦᠯᠵᠦ᠂ ᠬᠥᠷᠥᠰᠥ ᠰᠢᠷᠣᠶ ᠶᠢ ᠬᠠᠮᠠᠭᠠᠯᠠᠬᠤ ᠨᠣᠷᠮ᠎ᠠ ᠶᠢ 75% ᠪᠣᠯᠲᠠᠯ᠎ᠠ ᠳᠡᠭᠡᠭᠰᠢᠯᠡᠭᠦᠯᠵᠦ᠂ ᠠᠮᠢ ᠠᠬᠤᠶ ᠶᠢᠨ ᠰᠢᠰᠲ᠋ᠧᠮ ᠤᠨ ᠰᠠᠶᠢᠨ ᠰᠠᠶᠢᠬᠠᠨ ᠣᠷᠴᠢᠯ ᠢ ᠦᠨᠳᠦᠰᠦᠨ ᠳᠡᠭᠡᠨ ᠪᠡᠶᠡᠯᠡᠭᠦᠯᠦᠨ᠎ᠡ᠃    ︵ᠠᠷᠪᠠᠨ ᠨᠢᠭᠡ︶ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠨ᠎ᠠ᠃ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠠᠵᠢᠯ ᠤᠨ ᠵᠣᠬᠢᠴᠠᠭᠤᠯᠬᠤ ᠲᠣᠭᠲᠡᠴᠡ ᠶᠢᠨ ᠨᠢᠭᠡᠳᠦᠯᠲᠡᠶ ᠲᠥᠯᠥᠪᠵᠢᠬᠦᠯᠦᠨ ᠵᠣᠬᠢᠴᠠᠭᠤᠯᠬᠤ ᠦᠢᠯᠡᠳᠦᠯ ᠢ ᠴᠢᠩᠭᠠᠷᠠᠭᠤᠯᠵᠤ᠂ ︽ᠺᠦᠨᠮᠢᠩ — ᠮᠤᠨᠲᠷᠤᠶᠠᠯ ᠤᠨ ᠪᠥᠬᠦ ᠪᠥᠮᠪᠥᠷᠴᠡᠭ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠪᠦᠲᠦᠭᠦᠪᠴᠢ ᠲᠦᠰᠦᠪ︾ ᠢ ᠨᠠᠶᠢᠳᠠᠪᠤᠷᠢᠵᠢᠭᠤᠯᠤᠨ᠂ ᠳᠤᠮᠳᠠᠳᠤ ᠤᠯᠤᠰ ᠤᠨ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠪᠠᠶᠢᠯᠳᠤᠬᠤ ᠪᠣᠳᠣᠯᠭ᠎ᠠ ᠬᠢᠭᠡᠳ ᠠᠵᠢᠯᠯᠠᠭᠠᠨ ᠤ ᠲᠥᠯᠥᠪᠯᠡᠭᠡ ᠶᠢ ᠰᠢᠨᠡᠳᠭᠡᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠪᠦᠬᠦ ᠤᠯᠤᠰ ᠤᠨ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ ᠲᠣᠣᠷ ᠢ ᠲᠡᠭᠦᠯᠳᠡᠷᠵᠢᠭᠦᠯᠵᠦ᠂ ᠬᠡᠭᠡᠷ᠎ᠡ ᠶᠢᠨ ᠠᠮᠢᠲᠠᠨ ᠤᠷᠭᠤᠮᠠᠯ ᠢ ᠪᠦᠬᠦ ᠲᠠᠯ᠎ᠠ ᠪᠠᠷ ᠬᠠᠮᠠᠭᠠᠯᠠᠵᠤ᠂ ᠤᠯᠤᠰ ᠤᠨ ᠤᠷᠭᠤᠮᠠᠯ ᠤᠨ ᠬᠦᠷᠢᠶᠡᠯᠡᠩ ᠤᠨ ᠰᠢᠰᠲ᠋ᠧᠮ ᠢ ᠠᠯᠬᠤᠮ ᠠᠯᠬᠤᠮ ᠢᠶᠠᠷ ᠪᠠᠶᠢᠭᠤᠯᠤᠨ᠎ᠠ᠃ ᠬᠥᠬᠡᠮᠥ᠋ᠷᠡᠨ ᠤ ᠬᠤᠪᠣᠷ ᠴᠤᠬᠠᠭ ᠤᠰᠠᠳᠬᠤ ᠰᠢᠬᠠᠭᠰᠠᠨ ᠠᠮᠢᠳᠤ ᠪᠤᠳᠠᠰ ᠤᠨ ᠳᠦᠷᠰᠦ ᠶᠢ ᠠᠪᠤᠷᠠᠬᠤ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠬᠥᠬᠡᠮᠥ᠋ᠷᠡᠨ ᠤ ᠵᠢᠭᠠᠰᠤ ᠠᠩᠨᠠᠬᠤ ᠶᠢ ᠴᠠᠭᠠᠵᠠᠯᠠᠬᠤ ᠠᠷᠪᠠᠨ ᠵᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠨ᠎ᠠ᠃ ᠳᠠᠯᠠᠶ ᠲᠠᠩᠭᠢᠰ ᠲᠤ ᠹᠦ᠋ ᠶᠢᠨ ᠤᠯᠠᠷᠢᠯ ᠳᠤ ᠵᠢᠭᠠᠰᠤ ᠠᠩᠨᠠᠬᠤ ᠶᠢ ᠴᠠᠭᠠᠵᠠᠯᠠᠬᠤ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ ᠂ ᠣᠳᠣ ᠦᠶ᠎ᠡ ᠶᠢᠨ ᠳᠠᠯᠠᠶ ᠲᠠᠩᠭᠢᠰ ᠤᠨ ᠮᠠᠯᠵᠢᠯ ᠤᠨ ᠲᠠᠯᠠᠪᠠᠶ ᠶᠢ ᠪᠥᠲᠥᠭᠡᠨ ᠪᠠᠶᠢᠭᠤᠯᠤᠨ᠎ᠠ᠃ 2035 ᠣᠨ ᠪᠣᠯᠬᠤ ᠳᠤ᠂ ᠪᠥᠬᠦ ᠤᠯᠤᠰ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠡᠬᠡ ᠬᠠᠭᠤᠷᠠᠶ ᠶᠢᠨ ᠲᠠᠯᠠᠪᠠᠶ ᠶᠢᠨ ᠡᠬᠡ ᠬᠠᠭᠤᠷᠠᠶ ᠶᠢᠨ ᠨᠤᠲᠤᠭ ᠳᠡᠪᠢᠰᠭᠡᠷ ᠤᠨ ᠲᠠᠯᠠᠪᠠᠶ ᠳᠠᠬᠢ ᠡᠵᠡᠯᠡᠬᠦ ᠬᠠᠷᠢᠴᠠᠯ ᠢ 18% ᠠᠴᠠ ᠳᠤᠤᠷ᠎ᠠ ᠪᠠᠶᠢᠯᠭᠠᠬᠤ ᠥᠬᠡᠶ᠂ ᠨᠡᠶᠢᠲᠡᠯᠢᠭ ᠠᠮᠢ ᠠᠬᠤᠶ ᠶᠢᠨ ᠰᠢᠰᠲ᠋ᠧᠮ᠂ ᠤᠯᠤᠰ ᠤᠨ ᠭᠤᠤᠯᠳᠠᠯᠭ᠎ᠠ ᠲᠠᠢ ᠬᠠᠮᠠᠭᠠᠯᠠᠬᠤ ᠬᠡᠭᠡᠷ᠎ᠡ ᠶᠢᠨ ᠠᠮᠢᠲᠠᠨ ᠤᠷᠭᠤᠮᠠᠯ ᠵᠢᠴᠢ ᠲᠡᠭᠦᠨ ᠤ ᠣᠷᠣᠰᠢᠨ ᠠᠮᠢᠳᠤᠷᠠᠬᠤ ᠭᠠᠵᠠᠷ ᠢ ᠪᠥᠬᠦ ᠲᠠᠯ᠎ᠠ ᠪᠠᠷ ᠬᠠᠮᠠᠭᠠᠯᠠᠨ᠎ᠠ     ᠵᠢᠷᠭᠤᠭ᠎ᠠ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠎ᠠ    ︵ᠠᠷᠪᠠᠨ ᠬᠤᠶᠠᠷ︶ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠰᠢᠰᠲ᠋ᠧᠮ ᠢ ᠪᠦᠷᠢᠨᠰᠢᠬᠦᠯᠦᠨ᠎ᠠ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠲᠤᠭᠤᠰᠢᠯᠠᠭᠤᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠠᠵᠢᠯ ᠤᠨ ᠵᠣᠬᠢᠴᠠᠭᠤᠯᠬᠤ ᠲᠣᠭᠲᠡᠴᠡ ᠶᠢ ᠲᠡᠭᠦᠯᠳᠡᠷᠵᠢᠭᠦᠯᠵᠦ᠂ ᠠᠵᠤ ᠠᠬᠤᠢ ᠶᠢᠨ ᠠᠮᠤᠷ ᠲᠦᠪᠰᠢᠨ᠂ ᠡᠬᠢ ᠪᠠᠶᠠᠯᠢᠭ ᠤᠨ ᠠᠮᠤᠷ ᠲᠦᠪᠰᠢᠨ ᠵᠡᠷᠭᠡ ᠬᠦᠷᠢᠶᠡᠨ ᠳᠠᠬᠢ ᠬᠠᠮᠵᠢᠯᠴᠠᠭ᠎ᠠ ᠪᠠᠨ ᠴᠢᠩᠭᠠᠳᠬᠠᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠤᠯᠢᠵᠢᠯ ᠤᠨ ᠰᠢᠰᠲ᠋ᠧᠮ᠂ ᠪᠠᠶᠢᠯᠳᠤᠬᠤ ᠪᠤᠳᠤᠯᠭ᠎ᠠ ᠶᠢᠨ ᠰᠢᠰᠲ᠋ᠧᠮ᠂ ᠲᠦᠷᠦ ᠶᠢᠨ ᠪᠤᠳᠤᠯᠭ᠎ᠠ ᠶᠢᠨ ᠰᠢᠰᠲ᠋ᠧᠮ᠂ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠬᠦᠯᠵᠤ᠂ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠤᠳᠤᠯᠤᠨ ᠮᠠᠭᠠᠳᠯᠠᠵᠤ ᠦᠨᠡᠯᠡᠨ ᠵᠢᠱᠢᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠠᠴᠢᠮ ᠪᠠᠶᠢᠳᠠᠯ ᠢ ᠠᠷᠭᠠᠴᠠᠭᠠᠬᠤ ᠪᠠ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠪᠦᠬᠦ ᠣᠷᠣᠨ ᠪᠦᠰᠡ ᠬᠤᠯᠪᠣᠭᠠᠯᠠᠨ ᠬᠥᠳᠡᠯᠦᠯᠴᠡᠭᠰᠡᠨ᠂ ᠪᠣᠰᠤᠭ᠎ᠠ ᠴᠣᠭᠴᠠᠲᠤ ᠥᠨᠳᠥᠷ ᠪᠦᠲᠦᠮᠵᠢᠲᠡᠢ ᠤᠯᠤᠰ ᠤᠨ ᠠᠮᠢ ᠠᠬᠤᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠰᠢᠰᠲ᠋ᠧᠮ ᠢ ᠪᠦᠷᠢᠯᠳᠦᠭᠦᠯᠦᠨ᠎ᠡ᠃    ︵ᠠᠷᠪᠠᠨ ᠭᠤᠷᠪᠠ︶ ᠴᠥᠮ᠎ᠡ ᠪᠣᠯᠤᠨ ᠰᠠᠴᠤᠷᠠᠭ ᠤᠨ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ ᠤᠯᠤᠰ ᠤᠨ ᠴᠥᠮ᠎ᠡ ᠶᠢᠨ ᠠᠮᠤᠷ ᠲᠦᠪᠰᠢᠨ ᠤ ᠠᠵᠢᠯ ᠤᠨ ᠵᠣᠬᠢᠴᠠᠭᠤᠯᠬᠤ ᠲᠣᠭᠲᠡᠴᠡ ᠶᠢᠨ ᠨᠢᠭᠡᠳᠦᠯᠲᠡᠶ ᠲᠥᠯᠥᠪᠵᠢᠭᠦᠯᠬᠦ ᠦᠢᠯᠡᠳᠦᠯ ᠢ ᠴᠢᠩᠭᠠᠳᠬᠠᠵᠤ᠂ ᠨᠢᠭᠲᠠ ᠴᠢᠩᠭ᠎ᠠ ᠴᠥᠮ᠎ᠡ ᠶᠢᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠵᠤ᠂ ᠴᠥᠮ᠎ᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠮᠠᠨ ᠤ ᠤᠯᠤᠰ ᠤᠨ ᠴᠥᠮ᠎ᠡ ᠶᠢᠨ ᠦᠢᠯᠡᠰ ᠤᠨ ᠬᠥᠭᠵᠢᠯᠲᠡ ᠲᠠᠢ ᠵᠣᠬᠢᠴᠠᠭᠰᠠᠨ ᠣᠳᠣᠬᠢᠴᠢᠯᠠᠭᠰᠠᠨ ᠴᠥᠮ᠎ᠡ ᠶᠢᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠴᠥᠮ᠎ᠡ ᠶᠢᠨ ᠠᠮᠤᠷ ᠲᠦᠪᠰᠢᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ᠠᠩᠬᠠᠨ ᠤ ᠴᠦ᠋ᠮ᠎ᠡ ᠶᠢᠨ ᠤᠷᠪᠠᠯ ᠤᠨ ᠵᠤᠤᠬ᠎ᠠ ᠰᠢᠨ᠎ᠡ ᠴᠦᠮ᠎ᠡ ᠶᠢᠨ ᠤᠷᠪᠠᠯ ᠤᠨ ᠵᠤᠤᠬ᠎ᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠷᠠᠭᠤᠯᠤᠨ᠂ ᠠᠵᠢᠯᠯᠠᠭ᠎ᠠ ᠲᠦᠬᠦᠭᠡᠷᠦᠮᠵᠢ ᠶᠢᠨ ᠠᠮᠤᠷ ᠲᠦᠪᠰᠢᠨ ᠤ ᠦᠨᠡᠯᠡᠯᠲᠡ ᠢᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠶᠢᠨ ᠬᠠᠮᠲᠤ ᠦᠷᠭᠦᠯᠵᠢᠯᠡᠨ ᠰᠠᠶᠢᠵᠢᠷᠠᠭᠤᠯᠵᠤ᠂ ᠬᠠᠭᠤᠴᠢᠨ ᠲᠦᠬᠦᠭᠡᠷᠦᠮᠵᠢ ᠶᠢᠨ ᠬᠡᠷᠡᠭᠴᠡᠭᠡᠨ ᠠᠴᠠ ᠭᠠᠷᠤᠭᠰᠠᠨ ᠢ ᠵᠠᠰᠠᠬᠤ ᠪᠠ ᠲᠡᠦᠬᠡᠨ ᠠᠴᠠ ᠦᠯᠡᠳᠡᠭᠳᠡᠵᠦ ᠢᠷᠡᠭᠰᠡᠨ ᠰᠠᠴᠤᠷᠠᠭ ᠴᠢᠨᠠᠷᠲᠠᠢ ᠬᠠᠶᠠᠭᠳᠠᠮᠠᠯ ᠪᠣᠳᠠᠰ ᠢ ᠰᠢᠢᠳᠪᠦᠷᠢᠯᠡᠬᠦ ᠶᠢ ᠲᠦᠷᠭᠡᠳᠭᠡᠨ᠂ ᠴᠥᠮ᠎ᠡ ᠶᠢᠨ ᠮᠡᠷᠭᠡᠵᠢᠯ ᠢ ᠠᠰᠢᠭᠯᠠᠯᠲᠠ ᠶᠢᠨ ᠠᠮᠤᠷ ᠲᠦᠪᠰᠢᠨ ᠤ ᠬᠠᠮᠢᠶᠠᠷᠤᠯᠲᠠ ᠪᠣᠯᠤᠨ ᠴᠠᠬᠢᠯᠭᠠᠨ ᠰᠣᠷᠢᠨᠵᠢᠨ ᠰᠠᠴᠤᠷᠠᠭ ᠤᠨ ᠣᠷᠴᠢᠨ ᠲᠣᠭᠤᠷᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠮᠠᠨ ᠤ ᠤᠯᠤᠰ ᠤᠨ ᠬᠠᠷᠢᠶ᠎ᠠ ᠲᠡᠯᠡᠶ ᠶᠢᠨ ᠣᠷᠣᠨ ᠤ ᠲᠡᠯᠡᠶ ᠲᠠᠩᠭᠢᠰ ᠤᠨ ᠰᠠᠴᠤᠷᠠᠭ ᠤᠨ ᠣᠷᠴᠢᠨ ᠲᠣᠭᠤᠷᠢᠨ ᠢ ᠬᠢᠨᠠᠨ ᠬᠡᠮᠵᠢᠬᠦ ᠪᠠ ᠰᠤᠳᠤᠯᠬᠤ ᠶᠢ ᠴᠢᠩᠭᠠᠳᠬᠠᠵᠤ᠂ ᠲᠦᠭᠰᠢᠭᠦᠷᠢ ᠶᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠪᠠ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠠᠮᠤᠷ ᠲᠦᠪᠰᠢᠨ ᠬᠥᠭᠵᠢᠯᠲᠡ ᠶᠢ ᠪᠠᠷᠢᠮᠲᠠᠯᠠᠵᠤ᠂ ᠴᠥᠮ᠎ᠡ ᠶᠢᠨ ᠠᠮᠤᠷ ᠲᠦᠪᠰᠢᠨ ᠤ ᠬᠦᠷᠢᠶᠡᠨ ᠤ ᠵᠠᠩᠭᠢᠯᠠᠭ᠎ᠠ ᠶᠢᠨ ᠴᠢᠨᠠᠷ᠂ ᠰᠠᠭᠤᠷᠢ ᠴᠢᠨᠠᠷᠲᠠᠢ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠤᠳᠤᠯᠤᠨ ᠨᠡᠭᠡᠭᠡᠯᠲᠡ ᠪᠠ ᠤᠶᠤᠨᠴᠢᠯᠠᠭᠰᠠᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃    ︵ᠠᠷᠪᠠᠨ ᠳᠥᠷᠪᠡ︶ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠨ᠎ᠠ᠃ ᠠᠮᠢᠳᠤ ᠪᠣᠳᠠᠰ ᠤᠨ ᠮᠡᠷᠭᠡᠵᠢᠯ ᠵᠢᠴᠢ ᠦᠢᠯᠡᠳᠬᠦᠨ ᠤ ᠣᠷᠴᠢᠨ ᠲᠣᠭᠤᠷᠢᠨ ᠤ ᠲᠦᠭᠰᠢᠭᠦᠷᠢ ᠶᠢ ᠪᠠᠶᠢᠴᠠᠭᠠᠨ ᠬᠡᠮᠵᠢᠬᠦ᠂ ᠢᠯᠭᠠᠨ ᠲᠠᠨᠢᠬᠤ᠂ ᠦᠨᠡᠯᠡᠬᠦ ᠪᠠ ᠬᠢᠨᠠᠨ ᠬᠡᠮᠵᠢᠬᠦ ᠶᠢ ᠴᠢᠩᠭᠠᠳᠬᠠᠨ᠎ᠠ᠃ ᠪᠦᠬᠦ ᠬᠡᠯᠬᠢᠶ᠎ᠡ ᠪᠠᠷ ᠰᠡᠷᠭᠡᠶᠢᠯᠡᠨ ᠡᠵᠡᠮᠳᠡᠬᠦ ᠪᠠ ᠰᠢᠰᠲ᠋ᠧᠮ ᠲᠠᠢ ᠵᠠᠰᠠᠯᠲᠠ ᠶᠢ ᠴᠢᠩᠭᠠᠳᠬᠠᠵᠤ᠂ ᠠᠮᠢᠳᠤ ᠪᠣᠳᠠᠰ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠤᠷᠢᠳᠴᠢᠯᠠᠨ ᠰᠡᠷᠡᠮᠵᠢᠯᠡᠭᠦᠯᠵᠦ ᠰᠡᠷᠭᠡᠶᠢᠯᠡᠨ ᠡᠵᠡᠮᠳᠡᠬᠦ ᠰᠢᠰᠲ᠋ᠧᠮ ᠢ ᠪᠦᠷᠢᠨᠰᠢᠬᠦᠯᠤᠨ᠎ᠡ᠃ ᠬᠥᠨᠥᠭᠡᠯᠲᠡᠶ ᠠᠮᠢᠳᠤ ᠪᠣᠳᠠᠰ ᠢ ᠰᠡᠷᠭᠡᠶᠢᠯᠡᠨ ᠵᠠᠰᠠᠬᠤ ᠶᠢ ᠴᠢᠩᠭᠠᠳᠬᠠᠨ᠎ᠠ᠃ ᠭᠠᠳᠠᠨ᠎ᠠ ᠠᠴᠠ ᠣᠷᠣᠵᠤ ᠢᠷᠡᠭᠰᠡᠨ ᠳᠦᠷᠰᠦ ᠶᠢ ᠨᠡᠶᠢᠳᠡᠮ ᠪᠠᠶᠢᠴᠠᠭᠠᠬᠤ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠨᠥᠯᠥᠭᠡ ᠶᠢᠨ ᠦᠨᠡᠯᠡᠨ ᠵᠢᠱᠢᠯᠲᠡ ᠬᠢᠬᠦ ᠶᠢ ᠥᠷᠨᠢᠭᠦᠯᠵᠦ᠂ ᠬᠢᠯᠢ ᠪᠠᠷ ᠣᠷᠣᠭᠤᠯᠬᠤ ᠠᠮᠢᠲᠠᠨ ᠤᠷᠭᠤᠮᠠᠯ ᠤᠨ ᠬᠢᠵᠢᠭ ᠢ ᠪᠠᠶᠢᠴᠠᠭᠠᠬᠤ ᠪᠠ ᠭᠠᠳᠠᠨ᠎ᠠ ᠠᠴᠠ ᠣᠷᠣᠵᠤ ᠢᠷᠡᠭᠰᠡᠨ ᠳᠦᠷᠰᠦ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠨ᠎ᠠ᠃ ᠦᠷ᠎ᠡ ᠡᠳ᠋ ᠤᠨ ᠡᠬᠢ ᠪᠠᠶᠠᠯᠢᠭ ᠤᠨ ᠬᠠᠮᠠᠭᠠᠯᠠᠯᠲᠠ ᠪᠠ ᠠᠰᠢᠭᠯᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠠᠮᠢᠳᠤ ᠪᠣᠳᠠᠰ ᠤᠨ ᠤᠳᠤᠮᠯᠠᠯ ᠤᠨ ᠡᠬᠢ ᠪᠠᠶᠠᠯᠢᠭ ᠤᠨ ᠬᠠᠮᠠᠭᠠᠯᠠᠯᠲᠠ ᠪᠠ ᠬᠠᠮᠢᠶᠠᠷᠤᠯᠲᠠ ᠶᠢ ᠴᠢᠩᠭᠠᠳᠬᠠᠨ᠎ᠠ᠃    ︵ᠠᠷᠪᠠᠨ ᠲᠠᠪᠤ︶ ᠠᠭᠤᠷ ᠠᠮᠢᠰᠬᠤᠯ ᠤᠨ ᠬᠤᠪᠢᠷᠠᠯᠲᠠ ᠶᠢᠨ ᠠᠰᠢᠭ ᠦᠭᠡᠢ ᠨᠥᠯᠥᠭᠡ ᠪᠠ ᠠᠶᠤᠯ ᠲᠦᠭᠰᠢᠭᠦᠷᠢ ᠶᠢ ᠪᠦᠲᠦᠮᠵᠢᠲᠡᠢ ᠠᠷᠭᠠᠴᠠᠭᠠᠨ᠎ᠠ᠃ ᠨᠠᠮᠳᠠᠭᠤᠯᠬᠤ ᠪᠠ ᠵᠣᠬᠢᠴᠠᠬᠤ ᠶᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠵᠤ᠂ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠴᠢᠳᠠᠪᠤᠷᠢ ᠶᠢ ᠶᠡᠭᠡ ᠪᠠᠷ ᠳᠡᠭᠡᠭᠰᠢᠯᠡᠭᠦᠯᠦᠨ᠎ᠡ᠃ ᠠᠭᠤᠷ ᠠᠮᠢᠰᠬᠤᠯ ᠤᠨ ᠬᠤᠪᠢᠷᠠᠯᠲᠠ ᠶᠢ ᠠᠵᠢᠭᠯᠠᠨ ᠬᠡᠮᠵᠢᠬᠦ ᠰᠦᠯᠵᠢᠶᠡᠨ ᠤ ᠪᠠᠶᠢᠭᠤᠯᠤᠯᠲᠠ ᠶᠢ ᠴᠢᠩᠭᠠᠳᠬᠠᠵᠤ᠂ ᠬᠢᠨᠠᠨ ᠬᠡᠮᠵᠢᠵᠦ ᠤᠷᠢᠳᠴᠢᠯᠠᠨ ᠵᠢᠱᠢᠵᠦ ᠤᠷᠢᠳᠴᠢᠯᠠᠨ ᠰᠡᠷᠡᠮᠵᠢᠯᠡᠭᠦᠯᠬᠦ ᠪᠠ ᠨᠥᠯᠥᠭᠡᠯᠡᠬᠦ ᠠᠶᠤᠯ ᠲᠦᠭᠰᠢᠭᠦᠷᠢ ᠶᠢ ᠦᠨᠡᠯᠡᠨ ᠵᠢᠱᠢᠬᠦ ᠶᠢ ᠴᠢᠩᠭᠠᠳᠬᠠᠨ᠎ᠠ᠃ ᠲᠠᠷᠢᠶᠠᠯᠠᠩ᠂ ᠡᠷᠡᠭᠦᠯ ᠮᠡᠨᠳᠦ ᠪᠠ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠵᠡᠷᠭᠡ ᠬᠦᠷᠢᠶ᠎ᠡ ᠶᠢᠨ ᠠᠭᠤᠷ ᠠᠮᠢᠰᠬᠤᠯ ᠤᠨ ᠤᠶᠠᠨ ᠬᠠᠲᠠᠨ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠰᠠᠭᠤᠷᠢ ᠲᠦᠬᠦᠭᠡᠷᠦᠮᠵᠢ ᠬᠢᠭᠡᠳ ᠴᠢᠬᠤᠯᠠ ᠶᠡᠭᠡ ᠢᠨᠵᠧᠨᠧᠷᠢᠩ ᠤᠨ ᠠᠭᠤᠷ ᠠᠮᠢᠰᠬᠤᠯ ᠤᠨ ᠲᠦᠭᠰᠢᠭᠦᠷᠢ ᠶᠢᠨ ᠬᠠᠮᠢᠶᠠᠷᠤᠯᠲᠠ ᠶᠢ ᠴᠢᠩᠭᠠᠳᠬᠠᠨ᠎ᠠ᠃ ᠠᠭᠤᠷ ᠠᠮᠢᠰᠬᠤᠯ ᠳᠤ ᠵᠣᠬᠢᠴᠠᠬᠤ ᠬᠡᠯᠪᠡᠷᠢ ᠶᠢᠨ ᠬᠤᠳᠠ ᠶᠢᠨ ᠪᠦᠳᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠠᠶᠢᠮᠢᠶᠠᠨ ᠬᠤᠳᠠ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠵᠤ᠂ ᠣᠷᠣᠨ ᠪᠦᠰᠡ ᠶᠢᠨ ᠠᠭᠤᠷ ᠠᠮᠢᠰᠬᠤᠯ ᠤᠨ ᠬᠤᠪᠢᠷᠠᠯᠲᠠ ᠳᠤ ᠵᠣᠬᠢᠴᠠᠬᠤ ᠠᠵᠢᠯᠯᠠᠭ᠎ᠠ ᠶᠢ ᠴᠢᠩᠭᠠᠳᠬᠠᠨ᠎ᠠ᠃ 2035 ᠣᠨ ᠪᠣᠯᠬᠤ ᠳᠤ᠂ ᠠᠭᠤᠷ ᠠᠮᠢᠰᠬᠤᠯ ᠳᠤ ᠵᠣᠬᠢᠴᠠᠬᠤ ᠬᠡᠯᠪᠡᠷᠢ ᠶᠢᠨ ᠨᠡᠶᠢᠭᠡᠮ ᠢ ᠦᠨᠳᠦᠰᠦᠨ ᠳᠡᠭᠡᠨ ᠪᠠᠶᠢᠭᠤᠯᠤᠨ᠎ᠠ᠃    ︵ᠠᠷᠪᠠᠨ ᠵᠢᠷᠭᠤᠭ᠎ᠠ︶ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠡᠵᠡᠮᠳᠡᠨ᠎ᠡ᠃ ᠤᠷᠢᠳᠴᠢᠯᠠᠨ ᠰᠡᠷᠭᠡᠶᠢᠯᠡᠬᠦ ᠪᠠᠷ ᠭᠤᠣᠯ ᠪᠣᠯᠭᠠᠬᠤ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢ ᠪᠠᠶᠢᠩᠭᠤᠵᠢᠭᠤᠯᠤᠨ ᠬᠠᠮᠢᠶᠠᠷᠬᠤ ᠶᠢ ᠴᠢᠩᠭᠠᠳᠬᠠᠨ᠎ᠠ᠃ ᠤᠯᠤᠰ ᠤᠨ ᠣᠷᠴᠢᠨ ᠲᠤᠭᠤᠷᠢᠨ ᠤ ᠪᠠᠴᠢᠮ ᠪᠠᠶᠢᠳᠠᠯ ᠢ ᠠᠷᠭᠠᠴᠠᠭᠠᠬᠤ ᠪᠠᠶᠢᠭᠤᠯᠤᠮᠵᠢ ᠲᠣᠭᠲᠡᠴᠡ ᠶᠢ ᠲᠡᠭᠦᠯᠳᠡᠷᠵᠢᠭᠦᠯᠵᠦ᠂ ᠱᠠᠳᠤ ᠬᠤᠪᠢᠶᠠᠨ ᠬᠠᠷᠢᠭᠤᠴᠠᠬᠤ᠂ ᠬᠠᠷᠢᠶ᠎ᠠ ᠣᠷᠣᠨ ᠢᠶᠠᠷ ᠭᠤᠣᠯ ᠪᠣᠯᠭᠠᠬᠤ᠂ ᠰᠠᠯᠠᠭ᠎ᠠ ᠮᠥᠴᠢᠷ ᠬᠠᠮᠵᠢᠯᠴᠠᠭᠰᠠᠨ ᠣᠷᠴᠢᠨ ᠲᠤᠭᠤᠷᠢᠨ ᠤ ᠪᠠᠴᠢᠮ ᠪᠠᠶᠢᠳᠠᠯ ᠢ ᠠᠷᠭᠠᠴᠠᠭᠠᠬᠤ ᠬᠠᠷᠢᠭᠤᠴᠠᠯᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠡᠬᠢᠨ ᠤ ᠪᠠ ᠡᠴᠦᠰ ᠤᠨ ᠬᠡᠯᠬᠢᠶ᠎ᠡ ᠪᠤᠯᠤᠨ ᠣᠷᠣᠨ ᠪᠦᠰᠡ ᠠᠯᠤᠰᠯᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠬᠤᠯᠪᠣᠯᠳᠤᠭᠰᠠᠨ ᠲᠣᠭᠲᠡᠴᠡ ᠶᠢ ᠲᠡᠭᠦᠯᠳᠡᠷᠵᠢᠭᠦᠯᠦᠨ᠎ᠡ᠃ ᠠᠶᠤᠯᠲᠠᠶ ᠬᠠᠶᠠᠭᠳᠠᠮᠠᠯ ᠡᠳ᠋᠂ ᠦᠯᠡᠳᠡᠭᠳᠡᠯ ᠬᠦᠳᠡᠷ ᠤᠨ ᠬᠥᠮᠥᠷᠭᠡ᠂ ᠬᠦᠨᠳᠦ ᠲᠡᠮᠦᠷᠯᠢᠭ ᠵᠡᠷᠭᠡ ᠭᠤᠤᠯᠳᠠᠯᠭ᠎ᠠ ᠲᠠᠢ ᠬᠦᠷᠢᠶ᠎ᠡ ᠵᠢᠴᠢ ᠬᠠᠷᠢᠶ᠎ᠠ ᠲᠡᠯᠡᠶ ᠶᠢᠨ ᠣᠷᠣᠨ᠂ ᠬᠢᠯᠢ ᠬᠢᠵᠠᠭᠠᠷ ᠣᠷᠣᠨ ᠵᠡᠷᠭᠡ ᠶᠢᠨ ᠣᠷᠴᠢᠨ ᠲᠣᠭᠤᠷᠢᠨ ᠤ ᠬᠡᠮ ᠰᠣᠭᠤᠭ ᠢ ᠵᠢᠭᠰᠠᠭᠠᠨ ᠪᠠᠶᠢᠴᠠᠭᠠᠬᠤ ᠪᠠ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠷᠠᠭᠤᠯᠤᠨ᠎ᠠ᠃ ᠨᠢᠭᠡ ᠪᠦᠯᠦᠭ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠭᠠᠬᠤ ᠰᠠᠭᠤᠷᠢ ᠴᠢᠳᠠᠪᠤᠷᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠰᠢᠰᠲᠤᠮ ᠪᠠ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠠᠷᠠᠭ᠎ᠠ ᠨᠥᠭᠡᠴᠡᠯᠡᠬᠦ ᠰᠢᠰᠲᠤᠮ ᠢ ᠪᠠᠶᠢᠭᠤᠯᠤᠨ ᠪᠦᠷᠢᠨᠰᠢᠬᠦᠯᠵᠦ᠂ ᠣᠷᠴᠢᠨ ᠲᠣᠭᠤᠷᠢᠨ ᠤ ᠪᠠᠴᠢᠮ ᠪᠠᠶᠢᠳᠠᠯ ᠢ ᠠᠷᠭᠠᠴᠠᠭᠠᠬᠤ ᠶᠢᠨ ᠵᠢᠯᠣᠭᠤᠳᠬᠤ ᠮᠡᠳᠡᠭᠡ ᠵᠠᠩᠭᠢᠵᠢᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠡᠯ᠎ᠡ ᠲᠥᠷᠥᠯ ᠤᠨ ᠭᠡᠨᠡᠳᠲᠡ ᠡᠬᠦᠰᠦᠭᠰᠡᠨ ᠣᠷᠴᠢᠨ ᠲᠣᠭᠤᠷᠢᠨ ᠤ ᠬᠡᠷᠡᠭ ᠢ ᠴᠠᠭ ᠲᠤᠬᠠᠶ ᠳᠤᠨᠢ ᠰᠢᠨᠵᠢᠯᠡᠬᠦ ᠤᠬᠠᠭᠠᠨᠴᠢ ᠪᠠᠷ ᠰᠢᠢᠳᠪᠦᠷᠢᠯᠡᠨ᠎ᠡ᠃ ᠣᠷᠴᠢᠨ ᠲᠤᠭᠤᠷᠢᠨ ᠤ ᠡᠷᠡᠭᠦᠯ ᠮᠡᠨᠳᠤ ᠶᠢ ᠬᠢᠨᠠᠨ ᠬᠡᠮᠵᠢᠬᠦ᠂ ᠪᠠᠶᠢᠴᠠᠭᠠᠬᠤ ᠪᠠ ᠠᠶᠤᠯ ᠲᠦᠭᠰᠢᠭᠦᠷᠢ ᠶᠢ ᠦᠨᠡᠯᠡᠨ ᠵᠢᠱᠢᠬᠦ ᠲᠦᠷᠢᠮ ᠢ ᠲᠡᠭᠦᠯᠳᠡᠷᠵᠢᠭᠦᠯᠦᠨ᠎ᠡ᠃ᠳᠣᠯᠤᠭ᠎ᠠ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠥᠯᠢᠭᠡᠷ ᠳᠠᠭᠤᠷᠢᠶᠠᠯ ᠢ ᠪᠣᠶ ᠪᠣᠯᠭᠠᠨ᠎ᠠ    ︵ᠠᠷᠪᠠᠨ ᠳᠣᠯᠤᠭ᠎ᠠ︶ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠬᠤᠰᠢᠭᠤᠴᠢ ᠣᠷᠣᠨ ᠢ ᠪᠦᠲᠦᠭᠡᠨ ᠪᠠᠶᠢᠭᠤᠯᠤᠨ᠎ᠠ᠃ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠪᠠ ᠣᠷᠣᠨ ᠪᠦᠰᠡ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠬᠢᠷᠲᠤᠯ ᠥᠬᠡᠶ ᠬᠥᠭᠵᠢᠯᠲᠡ ᠶᠢᠨ ᠬᠠᠮᠵᠢᠯᠴᠠᠭ᠎ᠠ ᠶᠢ ᠴᠢᠩᠭᠠᠳᠬᠠᠵᠤ᠂ ᠪᠣᠬᠢᠷᠲᠤᠯ ᠥᠬᠡᠶ ᠬᠥᠭᠵᠢᠯᠲᠡ ᠶᠢᠨ ᠥᠨᠳᠦᠷᠯᠢᠭ ᠭᠠᠵᠠᠷ ᠢ ᠴᠣᠭᠴᠠᠯᠠᠨ᠎ᠠ᠃ ᠪᠡᠭᠡᠵᠢᠩ ᠲᠢᠶᠠᠨᠵᠢᠨ ᠾᠧᠪᠧᠶ ᠶᠢᠨ ᠭᠠᠵᠠᠷ ᠣᠷᠣᠨ ᠤ ᠠᠮᠢ ᠠᠬᠤᠶ ᠣᠷᠴᠢᠨ ᠲᠣᠭᠤᠷᠢᠨ ᠢ ᠬᠠᠮᠵᠢᠯᠴᠠᠨ ᠬᠠᠮᠠᠭᠠᠯᠠᠬᠤ ᠲᠣᠭᠲᠡᠴᠡ ᠶᠢ ᠲᠡᠭᠦᠯᠳᠡᠷᠵᠢᠭᠦᠯᠵᠦ᠂ ᠠᠮᠢ ᠠᠬᠤᠶ ᠣᠷᠴᠢᠨ ᠲᠣᠭᠤᠷᠢᠨ ᠢ ᠰᠡᠷᠭᠦᠭᠡᠨ ᠰᠠᠶᠢᠵᠢᠷᠠᠭᠤᠯᠬᠤ ᠵᠢᠱᠢᠶ᠎ᠡ ᠦᠵᠡᠭᠦᠯᠬᠦ ᠣᠷᠣᠨ ᠢ ᠲᠦᠷᠭᠡᠳᠭᠡᠨ ᠪᠠᠶᠢᠭᠤᠯᠵᠤ᠂ ᠰᠢᠶᠦ᠋ᠩ ᠠᠨ ᠰᠢᠨ᠎ᠡ ᠲᠣᠭᠤᠷᠢᠭ ᠤᠨ ᠪᠣᠬᠢᠷᠲᠤᠯ ᠥᠬᠡᠶ ᠬᠥᠭᠵᠢᠯᠲᠡ ᠶᠢᠨ ᠬᠤᠲᠠ ᠶᠢᠨ ᠨᠡᠶᠢᠲᠡᠯᠢᠭ ᠵᠢᠱᠢᠶ᠎ᠡ ᠶᠢ ᠪᠥᠲᠥᠭᠡᠨ ᠪᠠᠶᠢᠭᠤᠯᠬᠤ ᠠᠬᠢᠭᠤᠯᠤᠨ᠎ᠠ᠃ ᠬᠥᠬᠡᠮᠥ᠋ᠷᠡᠨ ᠤ ᠠᠵᠤ ᠠᠬᠤᠢ ᠶᠢᠨ ᠪᠦᠰᠡ ᠶᠢᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠬᠦ ᠳᠤᠮᠳᠠ ᠶᠡᠭᠡ ᠬᠠᠮᠠᠭᠠᠯᠠᠯᠲᠠ ᠶᠢ ᠬᠠᠮᠲᠤ ᠪᠠᠷ ᠠᠳᠬᠤᠬᠤ ᠶᠢ ᠪᠠᠷᠢᠮᠲᠠᠯᠠᠵᠤ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠩᠭᠤᠢ ᠬᠠᠮᠲᠤ ᠣᠷᠣᠰᠢᠬᠤ ᠪᠣᠬᠢᠷᠲᠤᠯ ᠦᠭᠡᠢ ᠬᠥᠭᠵᠢᠯᠲᠡ ᠶᠢᠨ ᠵᠢᠱᠢᠶ᠎ᠡ ᠦᠵᠡᠭᠦᠯᠬᠦ ᠪᠦᠰᠡ ᠶᠢ ᠪᠠᠶᠢᠭᠤᠯᠤᠨ᠎ᠠ᠃ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ ᠣᠷᠣᠨ ᠤ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠲᠦᠷᠢᠮ ᠤᠨ ᠵᠣᠯᠭᠠᠯᠴᠠᠭ᠎ᠠ᠂ ᠲᠣᠭᠲᠡᠴᠡ ᠶᠢᠨ ᠵᠣᠯᠭᠠᠯᠴᠠᠭ᠎ᠠ ᠶᠢ ᠭᠦᠨᠵᠡᠭᠡᠶᠢᠷᠡᠭᠦᠯᠵᠦ᠂ ᠳᠡᠯᠡᠬᠡᠶ ᠶᠢᠨ ᠲᠡᠷᠢᠭᠦᠨ ᠵᠡᠷᠭᠡ ᠶᠢᠨ ᠦᠵᠡᠰᠭᠦᠯᠡᠩᠲᠦ ᠰᠠᠶᠢᠬᠠᠨ ᠪᠤᠯᠤᠩ ᠤᠨ ᠣᠷᠣᠨ ᠢ ᠬᠠᠮᠲᠤ ᠪᠠᠷ ᠪᠥᠲᠥᠭᠡᠨ ᠪᠠᠶᠢᠭᠤᠯᠤᠨ᠎ᠠ᠃ ᠬᠥᠬᠡᠮᠥ᠋ᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ ᠤ ᠬᠠᠮᠲᠤ ᠪᠠᠷ ᠬᠠᠮᠠᠭᠠᠯᠠᠵᠤ ᠬᠤᠯᠪᠣᠭᠠᠯᠠᠨ ᠵᠠᠰᠠᠬᠤ ᠪᠠ ᠨᠢᠭᠡ ᠴᠤᠭᠴᠠᠵᠢᠭᠤᠯᠤᠭᠰᠠᠨ ᠲᠦᠷᠢᠮ ᠤᠨ ᠰᠢᠨ᠎ᠡ ᠡᠭᠦᠳᠦᠯᠲᠡ ᠶᠢ ᠭᠦᠨᠵᠡᠭᠡᠶᠢᠷᠡᠭᠦᠯᠵᠦ᠂ ᠦᠵᠡᠰᠭᠦᠯᠡᠩᠲᠦ ᠰᠠᠶᠢᠬᠠᠨ ᠬᠥᠬᠡᠮᠥ᠋ᠷᠡᠨ ᠤ ᠭᠤᠷᠪᠠᠯᠵᠢᠨ ᠬᠤᠶᠢᠭ ᠢ ᠥᠨᠳᠥᠷ ᠲᠦᠪᠰᠢᠨ ᠢᠶᠠᠷ ᠪᠥᠲᠥᠭᠡᠨ ᠪᠠᠶᠢᠭᠤᠯᠤᠨ᠎ᠠ᠃ ᠤᠰᠤᠨ ᠤ ᠬᠡᠮᠵᠢᠶ᠎ᠠ ᠪᠠᠷ ᠬᠤᠲᠠ ᠶᠢᠨ ᠪᠦᠳᠦᠬᠡᠨ ᠪᠠᠶᠢᠢᠭᠤᠯᠤᠯᠳᠠ ᠪᠠᠨ ᠲᠤᠭᠲᠠᠭᠠᠬᠤ᠂ ᠤᠰᠤᠨ ᠤ ᠬᠡᠮᠵᠢᠶ᠎ᠠ ᠪᠠᠷ ᠭᠠᠵᠠᠷ ᠲᠠᠷᠢᠶ᠎ᠠ ᠪᠠᠨ ᠲᠤᠭᠲᠠᠭᠠᠬᠤ᠂ ᠤᠰᠤᠨ ᠤ ᠬᠡᠮᠵᠢᠶ᠎ᠠ ᠪᠠᠷ ᠬᠤᠳᠠ ᠶᠢᠨ ᠬᠦᠮᠦᠨ ᠠᠮᠠ ᠶᠢᠨ ᠲᠠᠭᠠᠭᠠᠴᠠ ᠶᠢ ᠲᠤᠭᠲᠠᠭᠠᠬᠤ᠂ ᠤᠰᠤᠨ ᠤ ᠬᠡᠮᠵᠢᠶ᠎ᠠ ᠪᠠᠷ ᠦᠢᠯᠡᠳᠪᠤᠷᠢᠯᠡᠯ ᠢᠶᠠᠨ ᠲᠤᠭᠲᠠᠭᠠᠬᠤ ᠶᠢ ᠪᠠᠷᠢᠮᠲᠠᠯᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠬᠤᠰᠢᠭᠤᠴᠢ ᠣᠷᠣᠨ ᠢ ᠪᠥᠲᠥᠭᠡᠨ ᠪᠠᠶᠢᠭᠤᠯᠤᠨ᠎ᠠ᠃ ᠤᠯᠤᠰ ᠤᠨ ᠠᠮᠢ ᠠᠬᠤᠢ ᠶᠢᠨ ᠪᠣᠯᠪᠠᠰᠤᠨ ᠤ ᠲᠤᠷᠰᠢᠯᠲᠠ ᠶᠢᠨ ᠣᠷᠣᠨ ᠤ ᠪᠦᠲᠦᠭᠡᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠡᠯ᠎ᠡ ᠭᠠᠵᠠᠷ ᠣᠷᠣᠨ ᠣᠷᠣᠨ ᠪᠦᠰᠡ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠲᠣᠰ ᠪᠡᠶ᠎ᠡ ᠶᠢᠨ ᠣᠨᠴᠠᠯᠢᠭ ᠢᠶᠠᠨ ᠪᠠᠳᠠᠷᠠᠭᠤᠯᠵᠤ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠮᠤᠵᠢ ᠪᠦᠰᠡ ᠶᠢᠨ ᠬᠠᠭᠤᠳᠠᠰᠤ ᠶᠢ ᠪᠢᠴᠢᠭᠯᠡᠨ᠎ᠡ᠃    ︵ᠠᠷᠪᠠᠨ ᠨᠠᠢᠮᠠ︶ ᠦᠵᠡᠰᠭᠦᠯᠡᠩᠲᠦ ᠰᠠᠶᠢᠬᠠᠨ ᠬᠤᠲᠠ ᠶᠢ ᠪᠥᠲᠥᠭᠡᠨ ᠪᠠᠶᠢᠭᠤᠯᠤᠨ᠎ᠠ᠃ ᠠᠷᠠᠳ ᠤᠨ ᠬᠤᠲᠠ ᠶᠢ ᠠᠷᠠᠳ ᠲᠦᠮᠡᠨ ᠪᠠᠶᠢᠭᠤᠯᠬᠤ᠂ ᠠᠷᠠᠳ ᠤᠨ ᠬᠤᠲᠠ ᠶᠢ ᠠᠷᠠᠳ ᠲᠦᠮᠡᠨ ᠤ ᠲᠥᠯᠥᠭᠡ ᠪᠠᠶᠢᠭᠤᠯᠬᠤ ᠶᠢ ᠪᠠᠷᠢᠮᠲᠠᠯᠠᠵᠤ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ᠂ ᠣᠷᠴᠢᠨ ᠲᠣᠭᠤᠷᠢᠨ ᠭᠤᠶᠣ ᠰᠠᠶᠢᠬᠠᠨ᠂ ᠠᠮᠢ ᠠᠬᠤᠶ ᠣᠷᠣᠰᠢᠨ ᠰᠠᠭᠤᠬᠤ ᠳᠤ ᠲᠠᠭᠠᠯᠠᠮᠵᠢᠲᠠᠢ᠂ ᠠᠮᠤᠷ ᠲᠦᠪᠰᠢᠨ ᠡᠷᠡᠭᠦᠯ ᠮᠡᠨᠳᠦ᠂ ᠣᠶᠤᠨᠴᠢ ᠥᠨᠳᠥᠷ ᠪᠦᠲᠦᠮᠵᠢᠲᠡᠶ ᠪᠠᠶᠢᠬᠤ ᠪᠠᠷ ᠤᠳᠤᠷᠢᠳᠤᠮᠵᠢ ᠪᠣᠯᠭᠠᠭᠰᠠᠨ ᠦᠵᠡᠰᠭᠦᠯᠡᠩᠲᠦ ᠰᠠᠶᠢᠬᠠᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠬᠤᠳᠠ ᠶᠢᠨ ᠲᠥᠯᠥᠪᠵᠢᠭᠦᠯᠭᠡ᠂ ᠪᠦᠳᠦᠭᠡᠨ ᠪᠠᠶᠢᠭᠤᠯᠤᠯᠲᠠ᠂ ᠵᠠᠰᠠᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠤᠳᠠ ᠶᠢᠨ ᠰᠢᠨᠡᠴᠢᠯᠡᠯᠲᠡ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠬᠤᠳᠠ ᠶᠢᠨ ᠬᠤᠭᠤᠷᠣᠨᠳᠣᠬᠢ ᠪᠠ ᠬᠤᠳᠠ ᠬᠥᠳᠡᠭᠡ ᠶᠢᠨ ᠠᠮᠢ ᠠᠬᠤᠢ ᠶᠢ ᠬᠠᠮᠲᠤ ᠪᠠᠷ ᠬᠠᠮᠠᠭᠠᠯᠠᠵᠤ ᠬᠠᠮᠲᠤ ᠪᠠᠷ ᠵᠠᠰᠠᠬᠤ ᠶᠢ ᠴᠢᠩᠭᠠᠳᠬᠠᠨ᠎ᠠ᠃ ᠬᠡᠲᠦ ᠲᠣᠮᠣ ᠣᠨᠴᠠ ᠲᠣᠮᠣ ᠬᠤᠲᠠ ᠶᠢᠨ ᠬᠥᠭᠵᠢᠯᠲᠡ ᠶᠢᠨ ᠠᠷᠭ᠎ᠠ ᠬᠡᠯᠪᠡᠷᠢ ᠶᠢ ᠲᠦᠷᠭᠡᠳᠭᠡᠨ ᠬᠤᠪᠢᠷᠠᠭᠤᠯᠵᠤ᠂ ᠲᠣᠮᠣ ᠳᠤᠮᠳᠠ ᠬᠤᠲᠠ ᠶᠢᠨ ᠠᠮᠢ ᠠᠬᠤᠢ ᠣᠷᠴᠢᠨ ᠲᠣᠭᠤᠷᠢᠨ ᠢ ᠵᠠᠰᠠᠬᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠳᠤᠮᠳᠠ ᠪᠠᠭ᠎ᠠ ᠬᠤᠲᠠ ᠪᠠ ᠰᠢᠶᠠᠨ ᠤ ᠬᠤᠲᠠ ᠶᠢᠨ ᠣᠷᠴᠢᠨ ᠲᠣᠭᠤᠷᠢᠨ ᠤ ᠰᠠᠭᠤᠷᠢ ᠲᠦᠬᠦᠭᠡᠷᠦᠮᠵᠢ ᠢ ᠳᠡᠰ ᠳᠡᠪᠰᠢᠭᠦᠯᠦᠨ ᠴᠢᠳᠠᠪᠤᠷᠢ ᠶᠢ ᠨᠢ ᠥᠷᠭᠡᠳᠭᠡᠬᠦ ᠶᠢ ᠠᠬᠢᠭᠤᠯᠵᠤ᠂ ᠣᠷᠴᠢᠨ ᠲᠣᠭᠤᠷᠢᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠴᠢᠳᠠᠪᠤᠷᠢ ᠶᠢ ᠬᠥᠮᠦᠨ ᠠᠮᠠ᠂ ᠠᠵᠤ ᠠᠬᠤᠢ ᠶᠢᠨ ᠬᠡᠪᠴᠢᠶ᠎ᠡ ᠯᠦᠭᠡ ᠬᠠᠷᠢᠯᠴᠠᠨ ᠲᠣᠬᠢᠷᠠᠯᠴᠠᠭᠤᠯᠬᠤ ᠶᠢ ᠠᠬᠢᠭᠤᠯᠤᠨ᠎ᠠ᠃ ᠬᠤᠲᠠ ᠶᠢᠨ ᠠᠮᠢ ᠠᠬᠤᠶ ‍ᠣᠷᠴᠢᠨ ᠲᠣᠭᠤᠷᠢᠨ ᠤ ᠵᠠᠰᠠᠯᠲᠠ ᠶᠢᠨ ᠦᠨᠡᠯᠡᠨ ᠵᠢᠱᠢᠯᠲᠡ ᠶᠢ ᠥᠷᠨᠢᠭᠦᠯᠦᠨ᠎ᠡ᠃    ︵ᠠᠷᠪᠠ ᠵᠢᠰᠦ︶ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠤᠨ᠎ᠠ᠃ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ ᠵᠧᠵᠢᠶᠠᠩ ᠤᠨ ︽ᠮᠢᠩᠭᠠᠨ ᠲᠤᠰᠬᠤᠨ ᠢᠶᠠᠷ ᠵᠢᠱᠢᠶ᠎ᠡ ᠦᠵᠡᠭᠦᠯᠵᠦ ᠲᠦᠮᠡᠨ ᠲᠤᠰᠬᠤᠨ ᠢ ᠵᠠᠰᠠᠬᠤ ᠢᠨᠵᠧᠨᠧᠷᠢᠩ︾ ᠤᠨ ᠲᠤᠷᠰᠢᠯᠭ᠎ᠠ ᠶᠢ ᠳᠡᠯᠭᠡᠷᠡᠭᠦᠯᠵᠦ᠂ ᠬᠥᠳᠡᠭᠡ ᠲᠣᠰᠬᠤᠨ ᠤ ᠠᠮᠢ ᠠᠬᠤᠢ ᠶᠢ ᠬᠥᠭᠵᠢᠭᠦᠯᠦᠨ ᠮᠠᠨᠳᠤᠭᠤᠯᠬᠤ ᠪᠠ ᠬᠥᠳᠡᠭᠡ ᠲᠣᠰᠬᠤᠨ ᠤ ᠣᠷᠣᠰᠢᠨ ᠰᠠᠭᠤᠷᠢᠰᠢᠬᠤ ᠣᠷᠴᠢᠨ ᠨᠦᠬᠦᠴᠡᠯ ᠢ ᠴᠡᠭᠴᠡᠯᠡᠨ ᠵᠠᠰᠠᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠤᠨ᠎ᠠ᠃ ᠲᠠᠷᠢᠶᠠᠯᠠᠩ ᠤᠨ ᠣᠷᠣᠭᠤᠯᠤᠯᠲᠠ ᠡᠳ᠋ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠮᠡᠷᠭᠡᠵᠢᠯ ᠢ ᠲᠥᠪᠯᠡᠷᠡᠭᠦᠯᠦᠨ ᠰᠢᠨ᠎ᠡ ᠶᠢ ᠡᠭᠦᠳᠬᠦ ᠪᠠ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠭᠡᠵᠦ᠂ ᠲᠠᠷᠢᠶᠠᠯᠠᠩ ᠤᠨ ᠬᠠᠶᠠᠭᠳᠠᠮᠠᠯ ᠪᠣᠳᠠᠰ ᠢ ᠡᠬᠢ ᠪᠠᠶᠠᠯᠢᠭᠵᠢᠭᠤᠯᠤᠨ ᠠᠰᠢᠭᠯᠠᠬᠤ ᠪᠠ ᠬᠠᠶᠠᠭᠳᠠᠮᠠᠯ ᠬᠠᠭᠤᠴᠢᠨ ᠲᠠᠷᠢᠶᠠᠯᠠᠩ ᠤᠨ ᠰᠦᠯᠢᠶᠣᠣ ᠪᠦᠷᠬᠦᠪᠴᠢ ᠶᠢ ᠲᠥᠷᠥᠯ ᠬᠤᠪᠢᠶᠠᠨ ᠰᠢᠢᠳᠪᠦᠷᠢᠯᠡᠬᠦ ᠶᠢ ᠴᠢᠩᠭᠠᠳᠬᠠᠵᠤ᠂ ᠲᠠᠷᠢᠶᠠᠯᠠᠩ ᠤᠨ ᠣᠯᠠᠨ ᠡᠬᠢᠲᠦ ᠪᠣᠬᠢᠷᠲᠤᠯ ᠲᠣᠪᠤᠶᠢᠮ᠎ᠠ ᠣᠷᠣᠨ ᠪᠦᠰᠡ ᠳᠤ ᠠᠩᠬᠠᠷᠤᠯ ᠢᠶᠠᠨ ᠲᠥᠪᠯᠡᠷᠡᠭᠦᠯᠵᠦ ᠰᠢᠰᠲ᠋ᠧᠮ ᠲᠠᠢ ᠵᠠᠰᠠᠬᠤ ᠶᠢ ᠴᠢᠩᠭᠠᠳᠬᠠᠨ᠎ᠠ᠃ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠯᠠᠪᠳᠠᠭᠤᠨ ᠪᠠᠲᠤᠲᠠᠶ ᠠᠬᠢᠭᠤᠯᠵᠤ᠂ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ᠂ ᠬᠤᠭ ᠨᠣᠪᠰᠢ ᠪᠠ ᠪᠣᠬᠢᠷ ᠦᠮᠡᠬᠡᠶ ᠤᠰᠤᠨ ᠴᠣᠭᠴᠠ ᠶᠢ ᠪᠦᠲᠦᠮᠵᠢᠲᠡᠶ ᠵᠠᠰᠠᠨ᠎ᠠ᠃ ᠬᠥᠳᠡᠭᠡ ᠲᠣᠰᠬᠤᠨ ᠤ ᠠᠮᠢ ᠠᠬᠤᠢ ᠣᠷᠴᠢᠨ ᠲᠤᠭᠤᠷᠢᠨ ᠢ ᠬᠢᠨᠠᠨ ᠬᠡᠮᠵᠢᠵᠦ ᠦᠨᠡᠯᠡᠬᠦ ᠳᠦᠷᠢᠮ ᠢ ᠪᠠᠶᠢᠭᠤᠯᠤᠨ᠎ᠠ᠃ ᠬᠥᠳᠡᠭᠡ ᠲᠣᠰᠬᠤᠨ ᠤ ᠨᠣᠭᠤᠭᠠᠷᠠᠭᠤᠯᠤᠯᠲᠠ ᠭᠤᠶᠤᠵᠢᠭᠤᠯᠤᠯᠲᠠ ᠶᠢ ᠰᠢᠨᠵᠢᠯᠡᠬᠦ ᠤᠬᠠᠭᠠᠨᠴᠢ ᠪᠠᠷ ᠠᠬᠢᠭᠤᠯᠵᠤ᠂ ᠤᠯᠠᠮᠵᠢᠯᠠᠯᠲᠤ ᠲᠣᠰᠬᠤᠨ ᠢ ᠬᠠᠮᠠᠭᠠᠯᠠᠨ ᠠᠰᠢᠭᠯᠠᠬᠤ ᠪᠠ ᠬᠥᠳᠡᠭᠡ ᠲᠣᠰᠬᠤᠨ ᠤ ᠳᠦᠷᠰᠦ ᠪᠠᠶᠢᠳᠠᠯ ᠢ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ 2027 ᠣᠨ ᠪᠣᠯᠬᠤ ᠳᠤ᠂ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠬᠦ ᠰᠢᠶᠠᠨ ᠢᠶᠠᠷ ᠢᠶᠠᠨ ᠪᠦᠲᠦᠭᠡᠨ ᠪᠠᠶᠢᠭᠤᠯᠬᠤ ᠬᠠᠷᠢᠴᠠᠯ ᠢ 40% ᠳᠤ ᠬᠦᠷᠭᠡᠨ᠎ᠡ︔ 2035 ᠣᠨ ᠪᠣᠯᠬᠤ ᠳᠤ᠂ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠢ ᠦᠨᠳᠦᠰᠦᠨ ᠳᠡᠭᠡᠨ ᠪᠠᠶᠢᠭᠤᠯᠤᠨ᠎ᠠ᠃    ︵ᠬᠤᠷᠢ︶ ᠰᠢᠨ᠎ᠡ ᠶᠢ ᠡᠭᠦᠳᠴᠦ ᠵᠢᠱᠢᠶ᠎ᠡ ᠦᠵᠡᠭᠦᠯᠬᠦ ᠠᠵᠢᠯ ᠢ ᠥᠷᠨᠢᠭᠦᠯᠦᠨ᠎ᠡ᠃ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠪᠠᠶᠢᠭᠠᠳ ᠦᠵᠡᠰᠭᠦᠯᠡᠩᠲᠦ ᠰᠠᠶᠢᠬᠠᠨ ᠬᠤᠲᠠ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠦᠵᠡᠰᠭᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠱᠢᠶ᠎ᠡ ᠦᠵᠡᠭᠦᠯᠬᠦ ᠰᠢᠶᠠᠨ ᠢ ᠪᠥᠲᠥᠭᠡᠨ ᠪᠠᠶᠢᠭᠤᠯᠬᠤ ᠠᠵᠢᠯᠯᠠᠭ᠎ᠠ ᠶᠢ ᠬᠡᠷᠡᠭᠵᠢᠭᠦᠯᠦᠨ᠂ ᠦᠵᠡᠰᠭᠦᠯᠡᠩᠲᠦ ᠰᠠᠶᠢᠬᠠᠨ ᠭᠤᠤᠯ ᠮᠥᠷᠡᠨ ᠨᠠᠭᠤᠷ ᠪᠦᠷᠢᠳᠦ᠂ ᠦᠵᠡᠰᠭᠦᠯᠡᠩᠲᠦ ᠰᠠᠶᠢᠬᠠᠨ ᠲᠡᠯᠡᠶ ᠶᠢᠨ ᠪᠤᠯᠤᠩ ᠤᠨ ᠰᠢᠯᠢᠳᠡᠭ ᠵᠢᠱᠢᠶ᠎ᠡ ᠶᠢ ᠦᠷᠭᠦᠯᠵᠢᠯᠡᠨ ᠳᠡᠯᠭᠡᠷᠡᠭᠦᠯᠦᠨ᠎ᠡ᠃ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠶᠢ ᠡᠭᠦᠳᠬᠦ ᠳᠤ ᠠᠭᠤᠰᠤᠯᠴᠠᠭᠤᠯᠬᠤ ᠶᠢ ᠠᠬᠢᠭᠤᠯᠤᠨ᠎ᠠ᠃ ᠠᠮᠢ ᠠᠬᠤᠢ ᠶᠢᠨ ᠪᠣᠯᠪᠠᠰᠤᠨ ᠤ ᠵᠢᠱᠢᠶ᠎ᠡ ᠦᠵᠡᠭᠦᠯᠬᠦ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠦᠨ︾ ᠭᠡᠬᠦ ᠦᠢᠯᠡᠳᠦᠯᠭᠡ ᠶᠢᠨ ᠰᠢᠨ᠎ᠡ ᠶᠢ ᠡᠭᠦᠳᠬᠦ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠤ ᠪᠣᠬᠢᠷᠲᠤᠯ ᠦᠭᠡᠢ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠲᠦᠷᠦ ᠶᠢᠨ ᠪᠤᠳᠤᠯᠭ᠎ᠠ ᠵᠡᠷᠭᠡ ᠦᠢᠯᠡᠳᠦᠯᠭᠡ ᠶᠢᠨ ᠰᠢᠨ᠎ᠡ ᠡᠭᠦᠳᠦᠯᠲᠡ ᠶᠢ ᠳᠡᠮᠵᠢᠨ᠎ᠠ᠃    ᠨᠠᠢᠮᠠ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠢ ᠪᠥᠲᠥᠭᠡᠨ ᠪᠠᠶᠢᠭᠤᠯᠬᠤ ᠪᠥᠬᠦ ᠠᠷᠠᠳ ᠤᠨ ᠠᠵᠢᠯᠯᠠᠭ᠎ᠠ ᠶᠢ ᠥᠷᠨᠢᠭᠦᠯᠦᠨ᠎ᠡ    ︵ᠬᠤᠷᠢᠨ ᠨᠢᠭᠡ︶ ᠠᠮᠢ ᠠᠬᠤᠶ ᠶᠢᠨ ᠰᠣᠶᠣᠯ ᠢ ᠪᠤᠶᠢᠵᠢᠭᠤᠯᠤᠨ ᠪᠠᠳᠠᠷᠠᠭᠤᠯᠤᠨ᠎ᠠ᠃ ᠠᠮᠢ ᠠᠬᠤᠢ ᠶᠢᠨ ᠦᠷᠳᠡᠭ ᠤᠨ ᠦᠵᠡᠯᠲᠡ ᠪᠠᠷ ᠪᠠᠷᠢᠮᠵᠢᠶ᠎ᠠ ᠪᠣᠯᠭᠠᠭᠰᠠᠨ ᠠᠮᠢ ᠠᠬᠤᠢ ᠰᠣᠶᠣᠯ ᠤᠨ ᠰᠢᠰᠲ᠋ᠧᠮ ᠢ ᠪᠦᠷᠢᠨᠰᠢᠬᠦᠯᠵᠤ᠂ ᠠᠮᠢ ᠠᠬᠤᠢ ᠶᠢᠨ ᠪᠣᠯᠪᠠᠰᠤᠨ ᠤ ᠭᠤᠣᠯ ᠤᠷᠤᠰᠬᠠᠯ ᠤᠨ ᠦᠷᠳᠡᠭ ᠤᠨ ᠦᠵᠡᠯᠲᠡ ᠶᠢ ᠪᠤᠶᠢᠵᠢᠭᠤᠯᠵᠤ᠂ ᠪᠦᠬᠦ ᠠᠷᠠᠳ ᠤᠨ ᠠᠮᠢ ᠠᠬᠤᠢ ᠶᠢᠨ ᠤᠬᠠᠮᠰᠠᠷ ᠢ ᠲᠦᠷᠭᠡᠨ ᠪᠦᠷᠢᠯᠳᠦᠭᠦᠯᠦᠨ᠎ᠡ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠠᠮᠢ ᠠᠬᠤᠢ ᠶᠢᠨ ᠰᠣᠶᠣᠯ ᠤᠨ ᠦᠵᠡᠯ ᠰᠠᠨᠠᠭ᠎ᠠ ᠪᠠ ᠡᠬᠢ ᠪᠠᠶᠠᠯᠢᠭ ᠢ ᠠᠭᠤᠳᠠᠯᠵᠤ᠂ ᠨᠢᠭᠡ ᠪᠦᠯᠦᠭ ᠠᠮᠢ ᠠᠬᠤᠢ ᠶᠢᠨ ᠤᠳᠭ᠎ᠠ ᠵᠣᠬᠢᠶᠠᠯ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠵᠦ᠂ ᠠᠮᠢ ᠠᠬᠤᠢ ᠶᠢᠨ ᠰᠣᠶᠣᠯ ᠤᠨ ᠴᠡᠴᠡᠭᠯᠡᠯ ᠬᠥᠭᠵᠢᠯ ᠢ ᠠᠬᠢᠭᠤᠯᠤᠨ᠎ᠠ᠃ ᠮᠦᠽᠧᠶ᠂ ᠦᠵᠡᠰᠭᠦᠯᠡᠩ ᠤᠨ ᠣᠷᠳᠣᠨ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠣᠷᠳᠣᠨ ᠵᠡᠷᠭᠡ ᠶᠢ ᠭᠦᠢᠴᠡᠳ ᠠᠰᠢᠭᠯᠠᠨ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠠᠮᠢᠳᠤᠯᠢᠭ ᠦᠢᠯᠡᠳᠦᠯᠭᠡ ᠶᠢ ᠤᠬᠠᠭᠤᠯᠤᠨ᠎ᠠ᠃    ︵ᠬᠤᠷᠢᠨ ᠬᠤᠶᠠᠷ︶ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ ᠬᠡᠯᠪᠡᠷᠢ ᠶᠢ ᠦᠢᠯᠡᠳᠦᠯᠭᠡᠵᠢᠭᠦᠯᠦᠨ᠎ᠡ᠃ ᠠᠷᠪᠢᠲᠠᠶ ᠲᠣᠬᠢᠷᠠᠮᠵᠢᠲᠠᠶ᠂ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ᠂ ᠪᠣᠯᠪᠠᠰᠤᠨ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠪᠠ ᠬᠡᠷᠡᠭᠯᠡᠭᠡᠨ ᠤ ᠵᠠᠭᠪᠤᠷ ᠢ ᠰᠠᠨᠠᠭᠠᠴᠢᠯᠠᠨ᠎ᠠ᠃ ᠪᠣᠬᠢᠷᠲᠤᠯ ᠦᠭᠡᠢ ᠵᠢᠭᠤᠯᠴᠢᠯᠠᠯ ᠢ ᠬᠥᠭᠵᠢᠭᠦᠯᠦᠨ᠎ᠡ᠃ ︽ᠫᠢᠯᠠ ᠬᠤᠭᠤᠰᠤᠯᠠᠬᠤ ᠠᠵᠢᠯᠯᠠᠭ᠎ᠠ︾ ᠢᠢ ᠦᠷᠭᠦᠯᠵᠢᠯᠡᠨ ᠠᠬᠢᠭᠤᠯᠵᠤ᠂ ᠢᠳᠡᠭᠡᠨ ᠤᠮᠳᠠᠭᠠᠨ ᠢ ᠪᠦᠷᠢᠯᠭᠡᠨ ᠰᠦᠢᠳᠭᠡᠬᠦ ᠶᠢ ᠡᠷᠡᠰ ᠬᠤᠷᠢᠭᠯᠠᠨ᠎ᠠ᠃ ᠪᠣᠬᠢᠷᠲᠤᠯ ᠦᠭᠡᠶ ᠶᠠᠪᠤᠵᠤ ᠰᠠᠭᠤᠬᠤ ᠶᠢ ᠵᠣᠷᠢᠭᠵᠢᠭᠤᠯᠵᠤ᠂ ᠬᠤᠲᠠ ᠶᠢᠨ ᠨᠣᠭᠤᠭᠠᠷᠠᠭᠤᠯᠤᠯᠳᠠ ᠶᠢᠨ ᠵᠠᠮ ᠤᠨ ᠲᠣᠣᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠎ᠡ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠭᠦᠨᠵᠡᠭᠡᠶ ᠥᠷᠨᠢᠭᠦᠯᠦᠨ᠎ᠡ᠃ ᠬᠤᠭ ᠨᠣᠪᠰᠢ ᠶᠢ ᠠᠩᠬᠢᠯᠠᠨ ᠬᠠᠮᠢᠶᠠᠷᠬᠤ ᠲᠦᠪᠰᠢᠨ ᠢ ᠳᠡᠭᠡᠭᠰᠢᠯᠡᠭᠦᠯᠵᠦ᠂ ᠲᠤᠰᠬᠠᠶ ᠣᠷᠣᠨ ᠤ ᠲᠠᠰ ᠵᠢᠴᠢ ᠲᠡᠭᠦᠨ ᠠᠴᠠ ᠳᠡᠭᠡᠭᠰᠢᠬᠢ ᠬᠤᠲᠠ ᠶᠢᠨ ᠰᠠᠭᠤᠭᠠᠯᠢ ᠠᠷᠠᠳ ᠤᠨ ᠲᠣᠭᠤᠷᠢᠭ ᠤᠨ ᠬᠤᠭ ᠨᠣᠪᠰᠢ ᠶᠢ ᠠᠩᠬᠢᠯᠠᠬᠤ ᠶᠢᠨ ᠪᠦᠬᠦᠨ ᠢ ᠬᠠᠮᠤᠷᠬᠤ ᠶᠢ ᠠᠬᠢᠭᠤᠯᠤᠨ᠎ᠠ᠃ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠦᠢᠯᠡᠳᠬᠦᠨ ᠤ ᠪᠠᠷᠢᠮᠵᠢᠶ᠎ᠠ᠂ ᠭᠡᠷᠡᠴᠢᠯᠡᠯ᠂ ᠢᠯᠭᠠᠬᠤ ᠲᠡᠮᠳᠡᠭ ᠤᠨ ᠰᠢᠰᠲᠤᠮ ᠢ ᠪᠠᠶᠢᠭᠤᠯᠵᠤ᠂ ︽ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠲᠦᠭᠡᠮᠡᠯ ᠬᠦᠷᠲᠡᠭᠡᠮᠵᠢᠲᠦ︾ ᠵᠡᠷᠭᠡ ᠣᠯᠠᠨ ᠨᠡᠶᠢᠲᠡ ᠶᠢᠨ ᠣᠷᠣᠯᠴᠠᠬᠤ ᠲᠣᠭᠲᠡᠴᠡ ᠶᠢ ᠰᠦᠪᠡᠭᠴᠢᠯᠡᠨ ᠪᠠᠶᠢᠭᠤᠯᠤᠨ᠎ᠠ᠃    ︵ᠬᠤᠷᠢᠨ ᠭᠤᠷᠪᠠ︶ ᠣᠯᠠᠨ ᠡᠰᠢᠲᠦ ᠣᠷᠣᠯᠴᠠᠬᠤ ᠠᠵᠢᠯᠯᠠᠭᠠᠨ ᠤ ᠰᠢᠰᠲ᠋ᠧᠮ ᠢ ᠪᠠᠶᠢᠭᠤᠯᠤᠨ᠎ᠠ᠃ ︽ᠦᠵᠡᠰᠭᠦᠯᠡᠩᠲᠦ ᠰᠠᠶᠢᠬᠠᠨ ᠳᠤᠮᠳᠠᠳᠤ ᠤᠯᠤᠰ᠂ ᠪᠢ ᠪᠣᠯ ᠦᠢᠯᠡᠳᠦᠯᠭᠡᠵᠢᠬᠦᠯᠦᠭᠴᠢ︾ ᠭᠡᠬᠦ ᠰᠢᠷᠢᠰ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠦᠨ᠎ᠡ᠃ ᠠᠵᠢᠯ ᠲᠥᠷᠥᠯ ᠤᠨ ᠨᠡᠶᠢᠭᠡᠮᠯᠢᠭ ᠬᠤᠳᠠᠯᠳᠤᠭᠠᠴᠢᠳ ᠤᠨ ᠡᠪᠯᠡᠯ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠪᠠ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠥᠷᠭᠡᠨ ᠢᠶᠠᠷ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠨᠡᠶᠢᠲᠡ ᠶᠢᠨ ᠠᠮᠢ ᠠᠬᠤᠶ ‍ᠣᠷᠴᠢᠨ ᠲᠣᠭᠤᠷᠢᠨ ᠳᠤ ᠬᠢᠨᠠᠯᠲᠠ ᠲᠠᠯᠪᠢᠬᠤ ᠪᠠ ᠢᠯᠡᠴᠢᠯᠡᠨ ᠮᠡᠳᠡᠭᠦᠯᠵᠦ ᠬᠠᠷᠢᠭᠤ ᠲᠤᠰᠬᠠᠬᠤ ᠲᠣᠭᠲᠡᠴᠡ ᠶᠢ ᠲᠡᠭᠦᠯᠳᠡᠷᠵᠢᠭᠦᠯᠦᠨ᠂ ᠠᠮᠢ ᠠᠬᠤᠶ ‍ᠣᠷᠴᠢᠨ ᠲᠣᠭᠤᠷᠢᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠰᠢᠰᠲᠤᠮ ᠤᠨ ᠪᠠᠶᠢᠭᠤᠯᠤᠯᠲᠠ ᠶᠢ ᠠᠬᠢᠭᠤᠯᠤᠨ᠎ᠠ᠃ ᠣᠷᠴᠢᠨ ᠲᠤᠭᠤᠷᠢᠨ ᠤ ᠬᠠᠮᠠᠭᠠᠯᠠᠯᠲᠠ ᠶᠢᠨ ᠲᠥᠬᠦᠭᠡᠷᠦᠮᠵᠢ ᠶᠢᠨ ᠨᠡᠭᠡᠭᠡᠯᠲᠡ ᠶᠢ ᠭᠦᠨᠵᠡᠭᠡᠶᠢᠷᠡᠭᠦᠯᠵᠦ᠂ ᠤᠯᠠᠨ ᠨᠡᠶᠢᠲᠡ ᠳᠤ ᠠᠮᠢ ᠠᠬᠤᠢ ᠶᠢᠨ ᠪᠣᠯᠪᠠᠰᠤᠨ ᠤ ᠤᠬᠠᠭᠤᠯᠭ᠎ᠠ ᠬᠥᠮᠦᠵᠢᠯ ᠤᠨ ᠦᠢᠯᠡᠴᠢᠯᠡᠭᠡ ᠬᠠᠩᠭᠠᠨ᠎ᠠ᠃     ᠶᠢᠰᠦ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠲᠤᠯᠠᠭ᠎ᠠ ᠶᠢᠨ ᠰᠢᠰᠲ᠋ᠧᠮ ᠢ ᠪᠦᠷᠢᠨᠰᠢᠭᠦᠯᠦᠨ᠎ᠡ     ︵ᠬᠤᠷᠢᠨ ᠳᠥᠷᠪᠡ︶ ᠪᠠᠶᠢᠭᠤᠯᠤᠮᠵᠢ ᠲᠣᠭᠲᠡᠴᠡ ᠶᠢ ᠥᠭᠡᠷᠡᠴᠢᠯᠡᠨ ᠲᠡᠭᠦᠯᠳᠡᠷᠵᠢᠭᠦᠯᠦᠨ᠎ᠡ᠃ ᠠᠮᠢ ᠠᠬᠤᠶ ᠶᠢᠨ ᠪᠣᠯᠪᠠᠰᠤᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠦᠷᠢᠮ ᠤᠨ ᠬᠤᠷᠠᠮᠠᠯ᠂ ᠲᠣᠭᠲᠡᠴᠡ ᠶᠢᠨ ᠰᠢᠨ᠎ᠡ ᠶᠢ ᠡᠭᠦᠳᠬᠦ ᠶᠢ ᠨᠢᠭᠡ ᠴᠤᠭᠴᠠᠵᠢᠭᠤᠯᠤᠨ ᠠᠬᠢᠭᠤᠯᠤᠨ᠎ᠠ᠃ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠬᠠᠤᠯᠢᠵᠢᠯ ᠤᠨ ᠪᠠᠲᠤᠯᠠᠭ᠎ᠠ ᠶᠢ ᠴᠢᠩᠭᠠᠳᠬᠠᠵᠤ᠂ ᠠᠮᠢ ᠠᠬᠤᠶ ᠣᠷᠴᠢᠨ ᠲᠣᠭᠤᠷᠢᠨ᠂ ᠡᠬᠢ ᠪᠠᠶᠠᠯᠢᠭ ᠡᠨᠧᠷᠭᠢ ᠵᠡᠷᠭᠡ ᠬᠦᠷᠢᠶᠡᠨ ᠳᠠᠬᠢ ᠬᠠᠮᠢᠶ᠎ᠠ ᠪᠥᠬᠦᠶ ᠬᠠᠤᠯᠢ ᠴᠠᠭᠠᠵᠠ ᠶᠢ ᠲᠣᠭᠲᠠᠭᠠᠨ ᠵᠠᠰᠠᠪᠤᠷᠢ ᠣᠷᠣᠭᠤᠯᠬᠤ ᠶᠢ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ ᠤ ᠬᠠᠤᠯᠢ ᠶᠢᠨ ᠪᠢᠴᠢᠭ ᠢ ᠨᠠᠶᠢᠷᠠᠭᠤᠯᠤᠨ ᠲᠤᠭᠤᠷᠪᠢᠬᠤ ᠶᠢ ᠠᠬᠢᠭᠤᠯᠵᠤ᠂ ᠨᠡᠶᠢᠲᠡ ᠶᠢᠨ ᠠᠰᠠᠷᠠᠮᠵᠢ ᠶᠢᠨ ᠵᠠᠷᠭᠤ ᠶᠢ ᠲᠡᠭᠦᠯᠳᠡᠷᠵᠢᠭᠦᠯᠵᠦ᠂ ᠠᠮᠢ ᠠᠬᠤᠶ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠴᠠᠭᠠᠵᠠ ᠶᠢᠨ ᠬᠠᠮᠠᠭᠠᠯᠠᠯᠲᠠ ᠶᠢ ᠴᠢᠩᠭᠠᠳᠬᠠᠵᠤ᠂ ᠠᠮᠢ ᠠᠬᠤᠶ ᠣᠷᠴᠢᠨ ᠲᠣᠭᠤᠷᠢᠨ ᠤ ᠬᠤᠬᠢᠷᠠᠯ ᠢ ᠳᠥᠯᠥᠬᠦ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠨ᠎ᠠ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠪᠠ ᠬᠠᠤᠯᠢ ᠴᠠᠭᠠᠵᠠ ᠶᠢᠨ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠵᠤ᠂ ᠮᠡᠳᠡᠭᠡ ᠵᠠᠩᠭᠢ ᠶᠢ ᠵᠠᠷᠯᠠᠬᠤ᠂ ᠪᠠᠶᠢᠳᠠᠯ ᠢ ᠵᠥᠪᠳᠡᠯᠴᠡᠬᠦ᠂ ᠭᠡᠷᠡᠴᠢ ᠪᠠᠷᠢᠮᠲᠠ ᠰᠢᠯᠵᠢᠭᠦᠯᠦᠨ ᠠᠪᠬᠤ᠂ ᠵᠢᠭᠤᠷᠠᠯᠳᠤᠭᠠᠨ ᠢ ᠨᠠᠮᠳᠠᠭᠤᠯᠬᠤ᠂ ᠠᠮᠢ ᠠᠬᠤᠶ ᠶᠢ ᠵᠠᠰᠠᠨ ᠰᠡᠷᠭᠦᠭᠡᠬᠦ ᠵᠡᠷᠭᠡ ᠲᠠᠯ᠎ᠠ ᠪᠠᠷ ᠵᠣᠯᠭᠠᠭᠤᠯᠤᠨ ᠬᠠᠮᠵᠢᠯᠴᠠᠬᠤ ᠶᠢ ᠴᠢᠩᠭᠠᠳᠬᠠᠨ᠎ᠠ᠃ ᠠᠭᠤᠯᠠᠨ ᠤᠷᠤᠢ ᠠᠴᠠ ᠲᠠᠯᠠᠢ ᠲᠠᠩᠭᠢᠰ ᠬᠦᠷᠲᠡᠯᠡᠬᠢ ᠬᠠᠮᠠᠭᠠᠯᠠᠯᠲᠠ ᠵᠠᠰᠠᠯᠲᠠ ᠶᠢᠨ ᠶᠡᠭᠡ ᠪᠠᠶᠢᠷᠢᠰᠢᠯ ᠢ ᠪᠠᠶᠢᠭᠤᠯᠵᠤ᠂ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠶᠢᠨ ᠬᠠᠮᠤᠭ ᠤᠨ ᠴᠢᠩᠭ᠎ᠠ ᠲᠦᠷᠢᠮ ᠢ ᠬᠡᠷᠡᠭᠵᠢᠭᠦᠯᠦᠨ᠎ᠡ᠃ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ ᠶᠢᠨ ᠡᠬᠢ ᠡᠭᠦᠰᠦᠯ ᠠᠴᠠ ᠨᠢ ᠤᠷᠢᠳᠴᠢᠯᠠᠨ ᠰᠡᠷᠭᠡᠶᠢᠯᠡᠬᠦ ᠬᠠᠮᠢᠶᠠᠷᠤᠯᠲᠠ ᠶᠢᠨ ᠰᠢᠰᠲᠤᠮ ᠢ ᠲᠡᠭᠦᠯᠳᠡᠷᠵᠢᠭᠦᠯᠵᠦ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ ᠤᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠶᠢᠨ ᠰᠢᠰᠲᠤᠮ ᠢ ᠲᠦᠷᠭᠡᠳᠭᠡᠨ ᠪᠠᠶᠢᠭᠤᠯᠤᠨ᠎ᠠ᠃ ᠣᠷᠴᠢᠨ ᠲᠣᠭᠤᠷᠢᠨ ᠤ ᠮᠡᠳᠡᠭᠡ ᠵᠠᠩᠭᠢ ᠶᠢ ᠬᠠᠤᠯᠢ ᠶᠣᠰᠣᠭᠠᠷ ᠨᠡᠶᠢᠲᠡᠯᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠣᠷᠴᠢᠨ ᠲᠣᠭᠤᠷᠢᠨ᠂ ᠨᠡᠶᠢᠭᠡᠮ ᠪᠠ ᠺᠣᠮᠫᠠᠨᠢ ᠶᠢᠨ ᠵᠠᠰᠠᠯᠲᠠ ᠶᠢᠨ ᠦᠨᠡᠯᠡᠯᠲᠡ ᠶᠢ ᠰᠦᠪᠡᠭᠴᠢᠯᠡᠨ ᠥᠷᠨᠢᠭᠦᠯᠦᠨ᠎ᠡ᠃ ᠪᠠᠶᠢᠭᠠᠯᠢ ᠶᠢᠨ ᠡᠬᠢ ᠪᠠᠶᠠᠯᠢᠭ ᠤᠨ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠲᠦᠷᠢᠮ ᠤᠨ ᠰᠢᠰᠲ᠋ᠧᠮ ᠢ ᠲᠡᠭᠦᠯᠳᠡᠷᠵᠢᠭᠦᠯᠵᠦ᠂ ᠤᠯᠤᠰ ᠤᠨ ᠨᠤᠲᠤᠭ ᠳᠡᠪᠢᠰᠭᠡᠷ ᠤᠨ ᠣᠷᠣᠨ ᠵᠠᠶ ᠶᠢᠨ ᠬᠡᠷᠡᠭᠯᠡᠭᠡᠨ ᠤ ᠵᠠᠬᠢᠷᠤᠯᠳᠠ ᠶᠢᠨ ᠬᠠᠮᠢᠶᠠᠷᠬᠤ ᠲᠦᠷᠢᠮ ᠢ ᠪᠦᠷᠢᠨᠰᠢᠭᠦᠯᠦᠨ᠎ᠡ᠃ ᠭᠤᠣᠯ ᠮᠥᠷᠡᠨ ᠨᠠᠭᠤᠷ ᠪᠦᠷᠢᠳᠦ ᠶᠢᠨ ᠳᠠᠷᠤᠭ᠎ᠠ ᠶᠢᠨ ᠲᠦᠷᠢᠮ᠂ ᠤᠢ ᠰᠢᠭᠤᠢ ᠶᠢᠨ ᠳᠠᠷᠤᠭ᠎ᠠ ᠶᠢᠨ ᠲᠦᠷᠢᠮ ᠢ ᠴᠢᠩᠭᠠᠳᠬᠠᠨ᠎ᠠ᠃ ᠤᠳᠤᠷᠢᠳᠬᠤ ᠺᠠᠳ᠋ᠷ ᠤᠨ ᠲᠤᠰᠢᠶᠠᠯ ᠠᠴᠠ ᠪᠠᠨ ᠰᠠᠯᠬᠤ ᠦᠶ᠎ᠡ ᠶᠢᠨ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠬᠢᠨᠠᠨ ᠪᠤᠳᠤᠯᠲᠠ ᠶᠢ ᠭᠦᠨᠵᠡᠭᠡᠶ ᠠᠬᠢᠭᠤᠯᠵᠤ᠂ ᠠᠮᠢ ᠠᠬᠤᠶ ᠣᠷᠴᠢᠨ ᠲᠣᠭᠤᠷᠢᠨ ᠢ ᠬᠠᠶᠢᠬᠤᠷᠬᠤ ᠥᠬᠡᠶ ᠪᠠᠷ ᠰᠣᠬᠤᠷ ᠪᠠᠯᠠᠶ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠵᠤ᠂ ᠬᠦᠨᠳᠦ ᠨᠣᠴᠢᠲᠠᠶ ᠦᠷ᠎ᠡ ᠳ᠋ᠦᠩ ᠭᠠᠷᠠᠭᠠᠭᠰᠠᠨ ᠪᠠᠶᠢᠪᠠᠯ᠂ ᠲᠦᠷᠢᠮ ᠲᠣᠭᠲᠠᠭᠠᠯ ᠰᠠᠬᠢᠯᠭ᠎ᠠ ᠪᠠᠲᠤ ᠬᠠᠤᠯᠢ ᠴᠠᠭᠠᠵᠠ ᠶᠣᠰᠣᠭᠠᠷ ᠴᠢᠩᠭ᠎ᠠ ᠬᠠᠷᠢᠭᠤᠴᠠᠯᠭ᠎ᠠ ᠲᠤᠯᠭᠠᠵᠤ᠂ ᠨᠠᠰᠤᠨ ᠲᠤᠷᠰᠢᠳᠠ ᠬᠠᠷᠢᠭᠤᠴᠠᠯᠭ᠎ᠠ ᠨᠡᠬᠡᠮᠵᠢᠯᠡᠨ᠎ᠡ᠃ ᠤᠯᠤᠰ ᠤᠨ ᠪᠠᠶᠢᠭᠠᠯᠢ ᠶᠢᠨ ᠡᠬᠢ ᠪᠠᠶᠠᠯᠢᠭ ᠤᠨ ᠱᠠᠯᠠᠪᠳᠠᠭᠤᠯᠤᠨ ᠪᠠᠶᠢᠴᠠᠭᠠᠯᠲᠠ ᠶᠢ ᠴᠢᠩᠭᠠᠳᠬᠠᠨ᠎ᠠ᠃ ᠠᠮᠢ ᠠᠬᠤᠶ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠢ ᠠᠬᠤᠶ ᠪᠠ ᠣᠷᠴᠢᠨ ᠲᠣᠭᠤᠷᠢᠨ ᠢ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ ᠪᠠ ᠬᠢᠨᠠᠨ ᠬᠠᠮᠢᠶᠠᠷᠬᠤ ᠶᠢ ᠴᠢᠩᠭᠠᠳᠬᠠᠨ᠎ᠠ᠃ ᠮᠤᠵᠢ ᠶᠢᠨ ᠱᠠᠳᠤᠨ ᠠᠴᠠ ᠳᠣᠷᠣᠭᠰᠢᠬᠢ ᠠᠮᠢ ᠠᠬᠤᠢ ᠣᠷᠴᠢᠨ ᠲᠣᠭᠤᠷᠢᠨ ᠤ ᠪᠠᠶᠢᠭᠤᠯᠤᠮᠵᠢ ᠶᠢᠨ ᠬᠢᠨᠠᠨ ᠬᠡᠮᠵᠢᠬᠦ ᠬᠢᠨᠠᠨ ᠪᠠᠶᠢᠴᠠᠭᠠᠬᠤ ᠬᠠᠤᠯᠢ ᠬᠡᠷᠡᠭᠵᠢᠭᠦᠯᠬᠦ ᠰᠢᠭᠤᠳ ᠬᠠᠮᠢᠶᠠᠷᠤᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ᠬᠤᠲᠠ ᠰᠢᠶᠠᠨ ᠤ ᠠᠮᠢ ᠠᠬᠤᠶ ᠣᠷᠴᠢᠨ ᠲᠣᠭᠤᠷᠢᠨ ᠤ ᠡᠩᠨᠡᠭᠡᠨ ᠤ ᠲᠤᠰᠬᠠᠶ ᠮᠡᠷᠭᠡᠵᠢᠯ ᠤᠨ ᠪᠣᠯᠪᠠᠰᠤᠷᠠᠯ ᠤᠨ ᠢᠨᠵᠧᠨᠧᠷᠢᠩ ᠢ ᠬᠡᠷᠡᠭᠵᠢᠭᠦᠯᠦᠨ᠎ᠡ᠃ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠢ ᠪᠥᠲᠥᠭᠡᠨ ᠪᠠᠶᠢᠭᠤᠯᠬᠤ ᠭᠤᠤᠯᠳᠠᠯᠭ᠎ᠠ ᠲᠠᠢ ᠬᠦᠷᠢᠶᠡᠨ ᠤ ᠪᠠᠷᠢᠮᠵᠢᠶ᠎ᠠ ᠵᠢᠷᠤᠮᠵᠢᠯ ᠢ ᠲᠣᠭᠲᠠᠭᠠᠵᠤ ᠵᠠᠰᠠᠪᠤᠷᠢ ᠣᠷᠣᠭᠤᠯᠬᠤ ᠶᠢ ᠲᠦᠷᠭᠡᠳᠭᠡᠨ ᠠᠬᠢᠭᠤᠯᠵᠤ᠂ ᠣᠷᠴᠢᠨ ᠲᠣᠭᠤᠷᠢᠨ ᠤ ᠰᠠᠭᠤᠷᠢ ᠪᠠᠷᠢᠮᠵᠢᠶ᠎ᠠ ᠶᠢᠨ ᠰᠤᠳᠤᠯᠭᠠᠨ ᠢ ᠥᠷᠨᠢᠭᠦᠯᠦᠨ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠵᠡᠷᠭᠡ ᠪᠠᠷᠢᠮᠵᠢᠶ᠎ᠠ ᠶᠢ ᠴᠠᠭ ᠲᠤᠨᠢ ᠳᠣᠭᠢᠷᠠᠭᠤᠯᠤᠨ ᠵᠠᠰᠠᠪᠤᠷᠢ ᠣᠷᠣᠭᠤᠯᠵᠤ᠂ ᠣᠷᠣᠨ ᠨᠤᠲᠤᠭ ᠤᠨ ᠴᠢᠨᠠᠷᠲᠠᠶ ᠬᠠᠤᠯᠢ ᠲᠣᠭᠲᠠᠭᠠᠯ ᠤᠨ ᠪᠠᠷᠢᠮᠵᠢᠶ᠎ᠠ ᠶᠢ ᠨᠡᠶᠢᠲᠡᠯᠡᠬᠦ ᠶᠢ ᠵᠣᠷᠢᠭᠵᠢᠭᠤᠯᠤᠨ᠎ᠠ᠃    ︵ᠬᠤᠷᠢᠨ ᠲᠠᠪᠤ︶ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠴᠢᠩᠭᠠᠷᠠᠭᠤᠯᠤᠨ᠎ᠠ᠃ ᠡᠬᠢ ᠪᠠᠶᠠᠯᠢᠭ ᠣᠷᠴᠢᠨ ᠲᠤᠭᠤᠷᠢᠨ ᠤ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠰᠢᠰᠲ᠋ᠧᠮ ᠢ ᠪᠦᠷᠢᠨᠰᠢᠬᠦᠯᠵᠤ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ᠂ ᠡᠨᠧᠷᠭᠢ ᠬᠡᠷᠡᠭᠯᠡᠬᠦ ᠡᠷᠬᠡ᠂ ᠤᠰᠤ ᠬᠡᠷᠡᠭᠯᠡᠬᠦ ᠡᠷᠬᠡ᠂ ᠪᠣᠬᠢᠷᠲᠤᠯ ᠭᠠᠳᠠᠭᠰᠢᠯᠠᠭᠤᠯᠬᠤ ᠡᠷᠬᠡ ᠵᠡᠷᠭᠡ ᠶᠢ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠥᠭᠡᠷᠡᠴᠢᠯᠡᠯᠲᠡ ᠶᠢᠨ ᠶᠡᠷᠦᠩᠬᠡᠢ ᠬᠡᠪᠴᠢᠶᠡᠨ ᠳᠤ ᠣᠷᠣᠭᠤᠯᠤᠨ᠎ᠠ᠃ ᠭᠠᠶᠢᠯᠢ ᠲᠠᠲᠠᠪᠤᠷᠢ ᠶᠢᠨ ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠴᠢᠩᠭᠠᠳᠬᠠᠨ᠂ ᠣᠷᠴᠢᠨ ᠲᠤᠭᠤᠷᠢᠨ ᠤ ᠬᠠᠮᠠᠭᠠᠯᠠᠯᠲᠠ ᠶᠢᠨ ᠭᠠᠶᠢᠯᠢ ᠶᠢᠨ ᠬᠠᠤᠯᠢ ᠶᠢ ᠴᠢᠩᠭ᠎ᠠ ᠬᠡᠷᠡᠭᠵᠢᠭᠦᠯᠵᠦ᠂ ᠲᠠᠲᠠᠪᠤᠷᠢᠯᠠᠬᠤ ᠰᠢᠰᠲ᠋ᠧᠮ ᠢ ᠲᠡᠭᠦᠯᠳᠡᠷᠵᠢᠭᠦᠯᠦᠨ᠂ ᠠᠭᠤᠷᠠᠰᠢᠬᠤ ᠴᠢᠨᠠᠷᠲᠠᠢ ᠣᠷᠭᠠᠨᠢᠭ ᠪᠣᠳᠠᠰ ᠢ ᠲᠠᠲᠠᠪᠤᠷᠢᠯᠠᠬᠤ ᠬᠡᠪᠴᠢᠶᠡᠨ ᠳᠤ ᠲᠦᠷᠭᠡᠪᠴᠢᠯᠡᠨ ᠣᠷᠣᠭᠤᠯᠤᠨ᠎ᠠ᠃ ᠠᠷᠢᠭᠤᠨ ᠴᠡᠪᠡᠷ ᠦᠢᠯᠡᠳᠪᠦᠷᠢᠯᠡᠯ ᠢ ᠬᠢᠨᠠᠨ ᠬᠠᠷᠭᠤᠭᠤᠯᠬᠤ ᠪᠠ ᠦᠨᠡᠯᠡᠨ ᠭᠡᠷᠡᠴᠢᠯᠡᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠳᠬᠠᠨ᠎ᠠ᠃ ᠠᠵᠤ ᠠᠬᠤᠶᠢᠯᠠᠯ ᠤᠨ ᠡᠨᠧᠷᠭᠢ ᠶᠢᠨ ᠬᠤᠷᠣᠭᠳᠠᠭᠤᠯᠭ᠎ᠠ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠵᠢᠯᠲᠠ ᠪᠦᠲᠦᠮᠵᠢ ᠶᠢᠨ ᠲᠦᠪᠰᠢᠨ ᠢ ᠶᠡᠷᠦᠩᠬᠡᠶᠢᠯᠡᠨ ᠪᠣᠳᠣᠯᠬᠢᠯᠠᠵᠤ᠂ ᠡᠨᠧᠷᠭᠢ ᠶᠢᠨ ᠬᠤᠷᠣᠭᠳᠠᠭᠤᠯᠭ᠎ᠠ ᠶᠡᠬᠡᠲᠡᠶ ᠠᠵᠢᠯ ᠲᠥᠷᠥᠯ ᠤᠨ ᠱᠠᠲᠤᠯᠢᠭ ᠴᠠᠬᠢᠯᠭᠠᠨ ᠤ ᠦᠨ᠎ᠡ ᠶᠢᠨ ᠳᠦᠷᠢᠮ ᠢ ᠲᠡᠭᠦᠯᠳᠡᠷᠵᠢᠭᠦᠯᠦᠨ᠎ᠡ᠃ ᠪᠣᠬᠢᠷ ᠤᠰᠤ ᠰᠢᠢᠳᠪᠦᠷᠢᠯᠡᠬᠦ ᠰᠦᠢᠳᠭᠡᠯ ᠬᠤᠷᠢᠶᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠪᠣᠬᠢᠷ ᠤᠰᠤ ᠰᠢᠢᠳᠪᠦᠷᠢᠯᠡᠬᠦ ᠪᠠ ᠪᠣᠬᠢᠷ ᠰᠢᠪᠠᠷ ᠰᠢᠢᠳᠪᠦᠷᠢᠯᠡᠬᠦ ᠥᠪᠡᠷ ᠤᠨ ᠥᠷᠲᠡᠭ ᠢ ᠬᠠᠮᠤᠷᠬᠤ ᠶᠢᠨ ᠬᠠᠮᠲᠤ ᠵᠦᠶ ᠵᠣᠬᠢᠰᠲᠠᠶ ᠠᠰᠢᠭ ᠣᠯᠵᠠᠪᠤᠷᠢ ᠲᠠᠢ ᠰᠦᠢᠳᠭᠡᠯ ᠬᠤᠷᠢᠶᠠᠬᠤ ᠲᠣᠭᠲᠡᠴᠡ ᠶᠢ ᠪᠠᠶᠢᠭᠤᠯᠤᠨ᠎ᠠ᠃ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠠᠵᠤ ᠠᠬᠤᠢ ᠶᠢᠨ ᠤᠷᠮᠠᠰᠢᠭᠤᠯᠬᠤ ᠲᠥᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠬᠢᠮᠢ ᠶᠢᠨ ᠪᠣᠷᠳᠣᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠵᠤ ᠦᠷ᠎ᠡ ᠠᠰᠢᠭ ᠢ ᠨᠡᠮᠡᠭᠳᠡᠭᠦᠯᠬᠦ ᠪᠠ ᠮᠠᠯ ᠵᠢᠭᠦᠷᠲᠡᠨ ᠤ ᠪᠠᠭᠠᠰᠤ ᠰᠢᠭᠡᠰᠦ ᠶᠢ ᠬᠤᠷᠢᠶᠠᠨ ᠴᠤᠭᠯᠠᠭᠤᠯᠵᠤ ᠰᠶᠢᠳᠪᠤᠷᠢᠯᠡᠨ ᠠᠰᠢᠭᠯᠠᠬᠤ ᠶᠢ ᠪᠦᠬᠦ ᠰᠢᠶᠠᠨ ᠢᠶᠠᠷ ᠠᠬᠢᠭᠤᠯᠬᠤ ᠶᠢ ᠳᠠᠮᠵᠢᠨ᠎ᠠ᠃ ᠠᠵᠤ ᠠᠬᠤᠶᠢᠯᠠᠯ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠵᠠᠷᠤᠳᠠᠯ ᠢ ᠭᠠᠷᠭᠠᠨ ᠠᠪᠴᠤ ᠬᠡᠷᠡᠭᠯᠡᠬᠦ ᠲᠦᠷᠢᠮ ᠢ ᠪᠠᠶᠢᠭᠤᠯᠤᠨ᠎ᠠ᠃ ᠠᠮᠢ ᠠᠬᠤᠶ ᠶᠢᠨ ᠦᠢᠯᠡᠳᠬᠦᠨ ᠤ ᠥᠷᠲᠡᠭ ᠢ ᠪᠡᠶᠡᠯᠡᠭᠦᠯᠬᠦ ᠲᠣᠭᠲᠡᠴᠡ ᠶᠢ ᠪᠦᠷᠢᠨᠰᠢᠭᠦᠯᠵᠦ᠂ ᠠᠮᠢ ᠠᠬᠤᠶ ᠣᠷᠴᠢᠨ ᠲᠣᠭᠤᠷᠢᠨ ᠢᠶᠠᠷ ᠤᠳᠤᠷᠢᠳᠤᠮᠵᠢ ᠪᠣᠯᠭᠠᠭᠰᠠᠨ ᠨᠡᠭᠡᠭᠡᠨ ᠬᠥᠭᠵᠢᠭᠦᠯᠬᠦ ᠵᠠᠭᠪᠤᠷ ᠪᠠ ᠪᠡᠯᠡ ᠣᠷᠣᠭᠤᠯᠵᠤ ᠪᠡᠯᠡ ᠲᠣᠬᠢᠷᠠᠭᠤᠯᠬᠤ ᠵᠠᠭᠪᠤᠷ ᠤᠨ ᠰᠢᠨ᠎ᠡ ᠶᠢ ᠡᠭᠦᠳᠬᠦ ᠶᠢ ᠠᠬᠢᠭᠤᠯᠤᠨ᠎ᠠ᠃ ᠠᠮᠢ ᠠᠬᠤᠢ ᠶᠢᠨ ᠶᠡᠷᠦᠩᠬᠡᠶᠢᠯᠡᠭᠰᠡᠨ ᠨᠥᠬᠦᠪᠥᠷᠢ ᠶᠢ ᠠᠬᠢᠭᠤᠯᠵᠤ᠂ ᠠᠮᠢ ᠠᠬᠤᠢ ᠶᠢᠨ ᠬᠥᠨᠳᠡᠯᠡᠨ ᠴᠢᠭᠯᠡᠯ ᠤᠨ ᠬᠠᠮᠠᠭᠠᠯᠠᠯᠲᠠ ᠶᠢᠨ ᠨᠥᠬᠦᠪᠥᠷᠢ ᠶᠢᠨ ᠲᠣᠭᠲᠡᠴᠡ ᠶᠢᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢ ᠡᠳ᠋ ᠤᠨ ᠵᠠᠰᠠᠭ ᠠᠴᠠ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠬᠦᠷᠢᠶᠡᠨ ᠳᠠᠬᠢ ᠡᠳ᠋ ᠤᠨ ᠵᠠᠰᠠᠭ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠣᠷᠣᠭᠤᠯᠤᠯᠲᠠ ᠶᠢᠨ ᠬᠡᠪᠴᠢᠶ᠎ᠡ ᠶᠢ ᠪᠥᠲᠥᠭᠡᠨ ᠪᠠᠶᠢᠭᠤᠯᠤᠯᠲᠠ ᠶᠢᠨ ᠡᠭᠦᠷᠭᠡ ᠲᠠᠢ ᠲᠣᠬᠢᠷᠠᠯᠴᠠᠭᠤᠯᠬᠤ ᠶᠢ ᠦᠨᠡᠨ ᠬᠦ ᠪᠠᠲᠤᠯᠠᠨ᠎ᠠ᠃ ᠪᠤᠬᠢᠷᠳᠤᠯ ᠦᠭᠡᠢ ᠮᠥᠩᠭᠦᠨ ᠭᠦᠢᠯᠭᠡᠭᠡᠨ ᠢ ᠶᠡᠭᠡ ᠪᠠᠷ ᠬᠥᠭᠵᠢᠭᠦᠯᠵᠦ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠨ ᠵᠦᠢ ᠶᠣᠰᠣᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠶᠢ ᠳᠠᠮᠵᠢᠵᠤ᠂ ᠡᠯ᠎ᠡ ᠲᠥᠷᠥᠯ ᠤᠨ ᠮᠥᠩᠭᠦᠨ ᠭᠦᠢᠯᠭᠡᠭᠡᠨ ᠤ ᠪᠠᠶᠢᠭᠤᠯᠤᠮᠵᠢ ᠪᠠ ᠨᠡᠶᠢᠭᠡᠮ ᠤᠨ ᠬᠥᠷᠥᠩᠭᠡ ᠶᠢᠨ ᠣᠷᠣᠭᠤᠯᠤᠯᠲᠠ ᠪᠠᠨ ᠨᠡᠮᠡᠭᠳᠡᠭᠦᠯᠬᠦ ᠶᠢ ᠬᠥᠲᠥᠯᠥᠨ ᠵᠢᠯᠣᠭᠤᠳᠴᠤ᠂ ᠣᠷᠣᠨ ᠪᠦᠰᠡ ᠶᠢᠨ ᠴᠢᠨᠠᠷᠲᠠᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠮᠥᠩᠭᠦᠨ ᠭᠦᠢᠯᠭᠡᠭᠡᠨ ᠤ ᠳᠡᠮᠵᠢᠯᠭᠡ ᠶᠢᠨ ᠵᠠᠭᠪᠤᠷ ᠢ ᠰᠦᠪᠡᠭᠴᠢᠯᠡᠨ᠂ ᠠᠭᠤᠷ ᠠᠮᠢᠰᠬᠤᠯ ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠶᠢᠨ ᠰᠢᠨ᠎ᠡ ᠶᠢ ᠡᠭᠦᠳᠬᠦ ᠶᠢ ᠯᠠᠪᠳᠠᠭᠤᠨ ᠢᠶᠠᠷ ᠠᠬᠢᠭᠤᠯᠵᠤ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠤ ᠪᠡᠯᠡ ᠲᠣᠬᠢᠷᠠᠭᠤᠯᠭ᠎ᠠ ᠶᠢᠨ ᠳᠡᠮᠵᠢᠯᠭᠡ ᠬᠠᠩᠭᠠᠨ᠎ᠠ᠃    ︵ᠬᠤᠷᠢᠨ ᠵᠢᠷᠭᠤᠭ᠎ᠠ︶ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠪᠣᠬᠢᠷᠲᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠡᠶ᠎ᠡ ᠪᠠᠨ ᠳᠠᠭᠠᠭᠠᠨ ᠬᠦᠴᠦᠷᠬᠡᠭᠵᠢᠬᠦ ᠶᠢ ᠠᠬᠢᠭᠤᠯᠵᠤ᠂ ᠠᠮᠢ ᠠᠬᠤᠢ ᠣᠷᠴᠢᠨ ᠲᠤᠭᠤᠷᠢᠨ ᠤ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠪᠠᠶᠢᠭᠤᠯᠤᠮᠵᠢ ᠲᠤᠭᠲᠠᠴᠠ ᠶᠢᠨ ᠰᠢᠨ᠎ᠡ ᠶᠢ ᠡᠭᠦᠳᠴᠦ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ ᠪᠣᠬᠢᠷᠲᠤᠯ ᠦᠭᠡᠢ ᠮᠡᠷᠭᠡᠵᠢᠯ ᠤᠨ ᠰᠢᠨ᠎ᠡ ᠶᠢ ᠡᠭᠦᠳᠬᠦ ᠰᠢᠰᠲ᠋ᠧᠮ ᠢ ᠪᠠᠶᠢᠭᠤᠯᠤᠨ᠎ᠠ᠃ ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ᠂ ᠤᠯᠠᠨ ᠪᠣᠬᠢᠷᠲᠤᠯ ᠪᠣᠳᠠᠰ ᠤᠨ ᠭᠠᠳᠠᠭᠰᠢᠯᠠᠭᠤᠯᠲᠠ ᠶᠢ ᠬᠠᠮᠵᠢᠯᠴᠠᠨ ᠪᠠᠭᠠᠰᠬᠠᠬᠤ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ᠂ ᠰᠢᠨ᠎ᠡ ᠪᠣᠬᠢᠷᠲᠤᠯ ᠪᠣᠳᠠᠰ ᠢ ᠵᠠᠰᠠᠬᠤ᠂ ᠴᠥᠮ᠎ᠡ ᠶᠢᠨ ᠠᠮᠤᠷ ᠲᠦᠪᠰᠢᠨ ᠵᠡᠷᠭᠡ ᠶᠢ ᠤᠯᠤᠰ ᠤᠨ ᠰᠠᠭᠤᠷᠢ ᠰᠤᠳᠤᠯᠭᠠᠨ ᠪᠣᠯᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠭᠤᠣᠯᠳᠠᠯᠭ᠎ᠠ ᠲᠠᠢ ᠬᠦᠷᠢᠶ᠎ᠡ ᠪᠣᠯᠭᠠᠵᠤ᠂ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠴᠢᠩᠭᠠᠳᠬᠠᠨ᠎ᠠ᠃ ᠠᠵᠤ ᠠᠬᠤᠶᠢᠯᠠᠯ ᠢᠶᠠᠷ ᠭᠤᠤᠯ ᠤᠳᠤᠷᠢᠳᠤᠮᠵᠢ ᠪᠣᠯᠭᠠᠭᠰᠠᠨ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠶᠢ ᠭᠦᠨᠵᠡᠭᠡᠶ ᠠᠭᠤᠰᠤᠯᠴᠠᠭᠤᠯᠬᠤ ᠶᠢ ᠴᠢᠩᠭᠠᠳᠬᠠᠵᠤ᠂ ᠠᠵᠤ ᠠᠬᠤᠶᠢᠯᠠᠯ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠶᠢ ᠬᠥᠲᠥᠯᠦᠨ ᠵᠢᠯᠣᠭᠤᠳᠴᠤ ᠪᠠᠶᠢᠭᠠᠳ ᠨᠢᠭᠡ ᠪᠦᠯᠦᠭ ᠪᠣᠬᠢᠷᠲᠤᠯ ᠥᠬᠡᠶ ᠪᠠᠭ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠤᠨ ᠰᠢᠨ᠎ᠡ ᠶᠢ ᠡᠭᠦᠳᠬᠦ ᠲᠥᠪ ᠢ ᠬᠠᠮᠲᠤ ᠪᠠᠷ ᠪᠠᠶᠢᠭᠤᠯᠵᠤ᠂ ᠦᠨᠳᠦᠷ ᠪᠦᠲᠦᠮᠵᠢᠲᠡᠢ ᠪᠣᠬᠢᠷᠲᠤᠯ ᠥᠬᠡᠶ ᠣᠷᠴᠢᠨ ᠲᠣᠭᠤᠷᠢᠨ ᠢ ᠬᠠᠮᠠᠭᠠᠯᠠᠬᠤ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠦᠢᠯᠡᠳᠬᠦᠨ ᠤ ᠬᠠᠩᠭᠠᠯᠭ᠎ᠠ ᠶᠢ ᠨᠡᠮᠡᠭᠳᠡᠬᠦᠯᠦᠨ᠎ᠡ᠃ ᠠᠮᠢ ᠠᠬᠤᠢ ᠣᠷᠴᠢᠨ ᠲᠤᠭᠤᠷᠢᠨ ᠤ ᠰᠢᠨᠵᠢᠯᠡᠬᠦ ᠤᠬᠠᠭᠠᠨ  ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠴᠢᠬᠤᠯᠠ ᠶᠡᠭᠡ ᠠᠵᠢᠯᠯᠠᠭ᠎ᠠ ᠶᠢ ᠬᠡᠷᠡᠭᠵᠢᠭᠦᠯᠵᠦ᠂ ︽ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ 2030 — ᠪᠡᠭᠡᠵᠢᠩ ᠲᠢᠶᠠᠨᠵᠢᠨ ᠾᠧᠪᠸᠢ ᠶᠢᠨ ᠣᠷᠴᠢᠨ ᠲᠤᠭᠤᠷᠢᠨ ᠢ ᠶᠡᠷᠦᠩᠬᠡᠶᠢᠯᠡᠨ ᠵᠠᠰᠠᠬᠤ︾ ᠴᠢᠬᠤᠯᠠ ᠶᠡᠭᠡ ᠲᠦᠷᠦᠯ ᠵᠦᠢᠯ ᠢ ᠠᠬᠢᠭᠤᠯᠵᠤ᠂ ᠠᠮᠢ ᠠᠬᠤᠢ ᠣᠷᠴᠢᠨ ᠲᠤᠭᠤᠷᠢᠨ ᠤ ᠬᠦᠷᠢᠶᠡᠨ ᠳᠠᠬᠢ ᠲᠤᠮᠤ ᠰᠢᠨᠵᠢᠯᠡᠬᠦ ᠤᠬᠠᠭᠠᠨ ᠤ ᠲᠣᠨᠣᠭᠯᠠᠯ ᠪᠠ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ ᠢᠨᠵᠧᠨᠧᠷᠢᠩ ᠤᠨ ᠮᠡᠷᠭᠡᠵᠢᠯ ᠤᠨ ᠲᠥᠪ᠂ ᠰᠢᠨᠵᠢᠯᠡᠬᠦ ᠤᠬᠠᠭᠠᠨ ᠤ ᠠᠵᠢᠭᠯᠠᠯᠲᠠ ᠰᠤᠳᠤᠯᠭᠠᠨ ᠤ ᠦᠷᠳᠡᠭᠡ ᠵᠡᠷᠭᠡ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠤᠨ᠎ᠠ᠃ ᠠᠮᠢ ᠠᠬᠤᠢ ᠶᠢᠨ ᠪᠣᠯᠪᠠᠰᠤᠨ ᠤ ᠬᠦᠷᠢᠶᠡᠨ ᠳᠠᠬᠢ ᠤᠶᠤᠨ ᠤ ᠬᠥᠮᠥᠷᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠶᠡᠭᠡ ᠳᠡᠭᠡᠳᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠴᠢ ᠶᠢᠨ ᠣᠷᠴᠢᠨ ᠲᠣᠭᠤᠷᠢᠨ ᠤ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠡᠮᠵᠢᠨ᠎ᠡ᠃ ᠳᠡᠭᠡᠳᠦ ᠳᠡᠰ ᠳᠠᠪᠬᠤᠷᠭ᠎ᠠ ᠶᠢᠨ ᠠᠮᠢ ᠠᠬᠤᠢ ‍ᠣᠷᠴᠢᠨ ᠲᠤᠭᠤᠷᠢᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠢᠨᠵᠧᠨᠧᠷᠢᠩ ᠢ ᠬᠡᠷᠡᠭᠵᠢᠭᠦᠯᠵᠦ᠂ ᠨᠢᠭᠡᠨ ᠰᠠᠯᠠᠭ᠎ᠠ ᠥᠨᠳᠥᠷ ᠲᠦᠪᠰᠢᠨ ᠪᠦᠬᠦᠢ ᠠᠮᠢ ᠠᠬᠤᠢ ᠣᠷᠴᠢᠨ ᠲᠤᠭᠤᠷᠢᠨ ᠤ ᠴᠢᠳᠠᠪᠤᠷᠢᠲᠠᠨ ᠤ ᠡᠩᠨᠡᠭᠡ ᠶᠢ ᠬᠥᠮᠦᠵᠢᠭᠦᠯᠦᠨ ᠪᠤᠢ ᠪᠣᠯᠭᠠᠨ᠎ᠠ᠃    ︵ᠬᠤᠷᠢᠨ ᠳᠣᠯᠤᠭ᠎ᠠ︶ ᠳ᠋ᠠᠶᠢᠲ᠋ᠠ ᠪᠠᠷ ᠡᠨᠧᠷᠭᠢ ᠣᠯᠭᠤᠬᠤ ᠶᠢ ᠲᠦᠷᠭᠡᠳᠭᠡᠨ᠎ᠡ᠃ ᠵᠣᠬᠢᠶᠠᠮᠠᠯ ᠣᠶᠤᠨ ᠴᠢᠳᠠᠪᠤᠷᠢ ᠵᠡᠷᠭᠡ ᠲᠣᠭᠠᠴᠢᠯᠠᠭᠰᠠᠨ ᠮᠡᠷᠭᠡᠵᠢᠯ ᠤᠨ ᠬᠡᠷᠡᠭᠯᠡᠭᠡ ᠶᠢ ᠭᠦᠨᠵᠡᠭᠡᠶᠢᠷᠡᠭᠦᠯᠵᠦ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠲᠣᠭᠠᠴᠢᠯᠠᠭᠰᠠᠨ ᠵᠠᠰᠠᠯᠲᠠ ᠶᠢᠨ ᠰᠢᠰᠲ᠋ᠧᠮ ᠢ ᠪᠠᠶᠢᠭᠤᠯᠵᠤ᠂ ᠪᠣᠬᠢᠷᠲᠤᠯ ᠥᠬᠡᠶ ᠣᠶᠤᠨᠴᠢ ᠲᠣᠭᠠᠴᠢᠯᠠᠭᠰᠠᠨ ᠠᠮᠢ ᠠᠬᠤᠶ ᠶᠢᠨ ᠪᠣᠯᠪᠠᠰᠤᠨ ᠢ ᠪᠠᠶᠢᠭᠤᠯᠤᠨ᠎ᠠ᠃ ᠠᠮᠢ ᠠᠬᠤᠢ ᠣᠷᠴᠢᠨ ᠲᠣᠭᠤᠷᠢᠨ ᠤ ᠮᠡᠳᠡᠭᠡ ᠵᠠᠩᠭᠢᠵᠢᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠳ᠋ᠠᠶᠢᠲ᠋ᠠ ᠶᠢᠨ ᠡᠬᠢ ᠪᠠᠶᠠᠯᠢᠭ ᠢ ᠲᠥᠪᠯᠡᠷᠡᠭᠦᠯᠦᠨ ᠬᠠᠮᠲᠤ ᠪᠠᠷ ᠡᠳ᠋ᠯᠡᠬᠦ ᠪᠠ ᠶᠡᠷᠦᠩᠬᠡᠶᠢᠯᠡᠨ ᠨᠡᠭᠡᠭᠡᠨ ᠠᠰᠢᠭᠯᠠᠬᠤ ᠶᠢ ᠴᠢᠩᠭᠠᠳᠬᠠᠨ᠎ᠠ᠃ ᠣᠳᠣᠬᠢᠴᠢᠯᠠᠭᠰᠠᠨ ᠠᠮᠢ ᠠᠬᠤᠶ ᠣᠷᠴᠢᠨ ᠲᠣᠭᠤᠷᠢᠨ ᠢ ᠬᠢᠨᠠᠨ ᠬᠡᠮᠵᠢᠬᠦ ᠰᠢᠰᠲᠤᠮ ᠢ ᠲᠦᠷᠭᠡᠳᠭᠡᠨ ᠪᠠᠶᠢᠭᠤᠯᠵᠤ᠂ ᠣᠭᠲᠠᠷᠭᠤᠶ ᠭᠠᠵᠠᠷ ᠳᠠᠯᠠᠶ ᠶᠢ ᠨᠢᠭᠡ ᠴᠣᠭᠴᠠᠵᠢᠭᠤᠯᠤᠨ ᠬᠢᠨᠠᠨ ᠬᠡᠮᠵᠢᠬᠦ ᠲᠣᠣᠷ ᠢ ᠪᠦᠷᠢᠨᠰᠢᠭᠦᠯᠦᠨ᠂ ᠠᠮᠢ ᠠᠬᠤᠶ ᠶᠢᠨ ᠶᠠᠰᠤ ᠴᠢᠨᠠᠷ ᠲᠤ ᠬᠢᠨᠠᠯᠲᠠ ᠲᠠᠯᠪᠢᠵᠤ ᠬᠢᠨᠠᠨ ᠬᠡᠮᠵᠢᠬᠦ ᠢᠢ ᠴᠢᠩᠭᠠᠳᠬᠠᠵᠤ᠂ ᠠᠮᠢ ᠠᠬᠤᠶ ᠣᠷᠴᠢᠨ ᠲᠣᠭᠤᠷᠢᠨ ᠤ ᠳᠠᠭᠠᠭᠤᠯᠢ ᠣᠳᠣᠨ ᠤ ᠳᠠᠭᠠᠭᠠᠴᠠ ᠶᠢ ᠰᠤᠳᠤᠯᠤᠨ ᠨᠡᠭᠡᠭᠡᠬᠦ ᠶᠢ ᠠᠬᠢᠭᠤᠯᠤᠨ᠎ᠠ᠃ ᠬᠦᠯᠡᠮᠵᠢ ᠶᠢᠨ ᠬᠡᠢ ᠪᠡᠶᠡᠲᠦ᠂ ᠭᠠᠵᠠᠷ ᠳᠣᠣᠷᠠᠬᠢ ᠤᠰᠤ᠂ ᠰᠢᠨ᠎ᠡ ᠪᠣᠬᠢᠷᠲᠤᠯ ᠪᠣᠳᠠᠰ᠂ ᠱᠤᠤᠭᠢᠶᠠᠨ᠂ ᠳᠠᠯᠠᠢ ᠲᠠᠩᠭᠢᠰ᠂ ᠰᠠᠴᠤᠷᠠᠭ᠂ ᠬᠥᠳᠡᠭᠡ ᠲᠣᠰᠬᠤᠨ ᠤ ᠣᠷᠴᠢᠨ ᠲᠤᠭᠤᠷᠢᠨ ᠵᠡᠷᠭᠡ ᠶᠢ ᠬᠢᠨᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ᠂ ᠪᠣᠬᠢᠷᠲᠤᠯ ᠢ ᠪᠠᠭᠠᠰᠬᠠᠬᠤ᠂ ᠨᠣᠭᠤᠭᠠᠷᠠᠭᠤᠯᠤᠯᠲᠠ ᠶᠢ ᠥᠷᠭᠡᠳᠭᠡᠬᠦ ᠶᠢ ᠬᠠᠮᠵᠢᠯᠴᠠᠨ ᠬᠢᠨᠠᠨ ᠬᠡᠮᠵᠢᠬᠦ ᠶᠢ ᠨᠡᠶᠢᠳᠡᠮ ᠪᠦᠷᠬᠦᠬᠦᠯᠬᠦ ᠶᠢ ᠪᠡᠶᠡᠯᠡᠭᠦᠯᠦᠨ᠎ᠡ᠃ ᠠᠮᠢ ᠠᠬᠤᠶ ᠣᠷᠴᠢᠨ ᠲᠣᠭᠤᠷᠢᠨ ᠤ ᠶᠠᠰᠤ ᠴᠢᠨᠠᠷ ᠢ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠲᠦᠪᠰᠢᠨ ᠢ ᠳᠡᠭᠡᠭᠰᠢᠯᠡᠭᠦᠯᠦᠨ᠎ᠡ᠃ ᠤᠯᠤᠰ ᠤᠨ ᠣᠷᠴᠢᠨ ᠲᠤᠭᠤᠷᠢᠨ ᠤ ᠬᠠᠤᠯᠢ ᠶᠢ ᠰᠠᠬᠢᠬᠤ ᠠᠵᠢᠯᠯᠠᠭ᠎ᠠ ᠶᠢ ᠬᠡᠷᠡᠭᠵᠢᠭᠦᠯᠦᠨ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠶᠢᠨ ᠲᠦᠷᠦᠯ ᠬᠤᠪᠢᠶᠠᠭᠰᠠᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠵᠦ᠂ ᠲᠤᠬᠠᠢ ᠶᠢᠨ ᠲᠠᠯᠠᠪᠤᠷ ᠤᠨ ᠪᠤᠰᠤ ᠬᠠᠤᠯᠢ ᠬᠡᠷᠡᠭᠵᠢᠭᠦᠯᠦᠯᠲᠡ ᠶᠢ ᠶᠡᠭᠡ ᠪᠠᠷ ᠬᠡᠷᠡᠭᠵᠢᠭᠦᠯᠦᠨ᠂ ᠣᠶᠤᠨᠴᠢ ᠬᠠᠤᠯᠢ ᠬᠡᠷᠡᠭᠵᠢᠭᠦᠯᠬᠦ ᠰᠢᠰᠲ᠋ᠧᠮ ᠢ ᠲᠦᠷᠭᠡᠳᠭᠡᠨ ᠪᠤᠢ ᠪᠣᠯᠭᠠᠨ᠎ᠠ᠃    ︵ᠬᠤᠷᠢᠨ ᠨᠠᠢᠮᠠ︶ ᠴᠢᠬᠤᠯᠠ ᠶᠡᠭᠡ ᠢᠨᠵᠧᠨᠧᠷᠢᠩ ᠢ ᠬᠡᠷᠡᠭᠵᠢᠭᠦᠯᠦᠨ᠎ᠡ᠃ ᠪᠣᠬᠢᠷᠲᠤᠯ ᠢ ᠪᠠᠭᠠᠰᠬᠠᠵᠤ ᠨᠡᠭᠦᠷᠡᠰᠦᠳᠦᠷᠦ᠋ᠭᠴᠢ ᠶᠢ ᠪᠠᠭᠤᠷᠠᠭᠤᠯᠬᠤ ᠬᠠᠮᠵᠢᠯᠴᠠᠭᠠᠨ ᠤ ᠢᠨᠵᠧᠨᠧᠷᠢᠩ ᠢ ᠲᠦᠷᠭᠡᠳᠭᠡᠨ ᠬᠡᠷᠡᠭᠵᠢᠭᠦᠯᠵᠦ᠂ ᠡᠨᠧᠷᠭᠢ ᠶᠢᠨ ᠪᠦᠲᠦᠴᠡ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠰᠢᠯᠵᠢᠮᠡᠯ ᠢᠷᠡᠯᠲᠡ ᠶᠢ ᠴᠡᠪᠡᠷᠰᠢᠭᠦᠯᠬᠦ᠂ ᠭᠤᠣᠯᠳᠠᠯᠭ᠎ᠠ ᠲᠠᠢ ᠠᠵᠢᠯ ᠲᠥᠷᠥᠯ ᠢ ᠪᠣᠬᠢᠷᠲᠤᠯ ᠦᠭᠡᠶᠢᠵᠢᠭᠦᠯᠬᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠡᠷᠭᠢᠯᠳᠦᠭᠦᠯᠦᠨ ᠬᠡᠯᠪᠡᠷᠢ ᠪᠠᠨ ᠬᠤᠪᠢᠷᠠᠭᠤᠯᠬᠤ ᠵᠡᠷᠭᠡ ᠶᠢ ᠳᠡᠮᠵᠢᠨ᠎ᠡ᠃ ᠣᠷᠴᠢᠨ ᠲᠤᠭᠤᠷᠢᠨ ᠤ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠢᠨᠵᠧᠨᠧᠷᠢᠩ ᠢ ᠲᠦᠷᠭᠡᠳᠭᠡᠨ ᠬᠡᠷᠡᠭᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠴᠢᠬᠤᠯᠠ ᠭᠤᠣᠯ ᠮᠥᠷᠡᠨ ᠨᠠᠭᠤᠷ ᠲᠠᠩᠭᠢᠰ ᠪᠤᠯᠤᠩ ᠢ ᠶᠡᠷᠦᠩᠬᠡᠶᠢᠯᠡᠨ ᠵᠠᠰᠠᠬᠤ᠂ ᠬᠥᠷᠥᠰᠥ ᠰᠢᠷᠣᠢ ᠶᠢᠨ ᠪᠣᠬᠢᠷᠲᠤᠯ ᠤᠨ ᠡᠬᠢ ᠰᠤᠷᠪᠤᠯᠵᠢ ᠶᠢ ᠰᠡᠷᠭᠡᠶᠢᠯᠡᠨ ᠡᠵᠡᠮᠳᠡᠬᠦ᠂ ᠠᠶᠤᠯᠲᠠᠢ ᠬᠠᠶᠠᠭᠳᠠᠮᠠᠯ ᠪᠣᠳᠠᠰ ᠤᠨ ᠣᠷᠴᠢᠨ ᠲᠤᠭᠤᠷᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠰᠢᠨ᠎ᠡ ᠪᠣᠬᠢᠷᠲᠤᠯ ᠪᠣᠳᠠᠰ ᠢ ᠵᠠᠰᠠᠬᠤ ᠵᠡᠷᠭᠡ ᠶᠢ ᠲᠡᠮᠵᠢᠨ᠎ᠠ᠃ ᠠᠮᠢ ᠠᠬᠤᠶ ᠶᠢ ᠬᠠᠮᠠᠭᠠᠯᠠᠨ ᠰᠡᠷᠭᠦᠭᠡᠬᠦ ᠢᠨᠵᠧᠨᠧᠷᠢᠩ ᠢ ᠲᠦᠷᠭᠡᠳᠭᠡᠨ ᠬᠡᠷᠡᠭᠵᠢᠭᠦᠯᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠢ ᠬᠠᠮᠠᠭᠠᠯᠠᠬᠤ᠂ ᠭᠤᠤᠯᠳᠠᠯᠭ᠎ᠠ ᠲᠠᠢ ᠭᠠᠵᠠᠷ ᠣᠷᠣᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ᠂ ᠬᠥᠷᠥᠰᠥ ᠰᠢᠷᠣᠶ ᠶᠢᠨ ᠢᠳᠡᠭᠳᠡᠯ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ ᠵᠡᠷᠭᠡ ᠶᠢ ᠳᠡᠮᠵᠢᠨ᠎ᠡ᠃ ᠣᠳᠣᠬᠢᠴᠢᠯᠠᠭᠰᠠᠨ ᠠᠮᠢ ᠠᠬᠤᠢ ‍ᠣᠷᠴᠢᠨ ᠲᠣᠭᠤᠷᠢᠨ ᠤ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠲᠦᠷᠭᠡᠳᠭᠡᠨ ᠬᠡᠷᠡᠭᠵᠢᠭᠦᠯᠵᠦ᠂ ᠬᠤᠲᠠ ᠬᠥᠳᠡᠭᠡ ᠪᠠ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ ᠲᠦᠬᠦᠭᠡᠷᠦᠮᠵᠢ᠂ ᠠᠮᠢ ᠠᠬᠤᠢ ᠣᠷᠴᠢᠨ ᠲᠣᠭᠤᠷᠢᠨ ᠤ ᠣᠶᠤᠨᠴᠢ ᠮᠡᠳᠡᠷᠡᠮᠵᠢ ᠪᠠ ᠬᠢᠨᠠᠨ ᠬᠡᠮᠵᠢᠵᠦ ᠬᠠᠤᠯᠢ ᠬᠡᠷᠡᠭᠵᠢᠭᠦᠯᠵᠦ ᠪᠠᠴᠢᠮ ᠪᠠᠶᠢᠳᠠᠯ ᠢ ᠠᠷᠭᠠᠴᠠᠭᠠᠬᠤ᠂ ᠴᠥᠮ᠎ᠡ ᠬᠢᠭᠡᠳ ᠰᠠᠴᠤᠷᠠᠭ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠵᠡᠷᠭᠡ ᠶᠢ ᠳᠠᠮᠵᠢᠨ᠎ᠠ᠃    ︵ᠬᠤᠷᠢ ᠵᠢᠰᠦ︶ ᠪᠥᠬᠦ ᠪᠥᠮᠪᠥᠷᠴᠡᠭ ᠤᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠬᠠᠮᠲᠤ ᠪᠠᠷ ᠰᠦᠪᠡᠭᠴᠢᠯᠡᠨ᠎ᠡ᠃ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠠᠷᠢᠭᠤᠨ ᠴᠡᠪᠡᠷ ᠦᠵᠡᠰᠭᠦᠯᠡᠩᠲᠦ ᠰᠠᠶᠢᠬᠠᠨ ᠳᠡᠯᠡᠬᠡᠶ ᠵᠢᠷᠲᠢᠨᠴᠦ ᠶᠢ ᠬᠠᠮᠲᠤ ᠪᠠᠷ ᠪᠦᠲᠦᠭᠡᠨ ᠪᠠᠶᠢᠭᠤᠯᠤᠨ᠎ᠠ᠃ ᠬᠠᠮᠲᠤ ᠶᠢᠨ ᠪᠣᠯᠪᠠᠴᠤ ᠢᠯᠭᠠᠭ᠎ᠠ ᠲᠠᠢ ᠪᠠᠶᠢᠬᠤ ᠬᠠᠷᠢᠭᠤᠴᠠᠯᠭ᠎ᠠ ᠶᠢᠨ ᠵᠠᠷᠴᠢᠮ ᠢ ᠪᠠᠷᠢᠮᠲᠠᠯᠠᠵᠤ᠂ ᠲᠥᠪ ᠭᠤᠣᠯᠴᠢ ᠵᠦᠢ ᠵᠣᠬᠢᠰᠲᠠᠢ᠂ ᠬᠠᠮᠲᠤᠷᠠᠯᠴᠠᠵᠤ ᠬᠠᠮᠲᠤ ᠪᠠᠷ ᠠᠰᠢᠭ ᠬᠦᠷᠳᠡᠬᠦ ᠪᠦᠬᠦ ᠪᠥᠮᠪᠥᠷᠴᠡᠭ ᠤᠨ ᠣᠷᠴᠢᠨ ᠲᠣᠭᠤᠷᠢᠨ ᠠᠭᠤᠷ ᠠᠮᠢᠰᠬᠤᠯ ᠤᠨ ᠵᠠᠰᠠᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠤᠨ᠎ᠠ᠃ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ᠂ ᠲᠠᠯᠠᠢ ᠲᠠᠩᠭᠢᠰ ᠤᠨ ᠪᠣᠬᠢᠷᠲᠤᠯ ᠢ ᠵᠠᠰᠠᠬᠤ᠂ ᠴᠥᠮ᠎ᠡ ᠶᠢᠨ ᠠᠮᠤᠷ ᠲᠦᠪᠰᠢᠨ ᠵᠡᠷᠭᠡ ᠬᠦᠷᠢᠶᠡᠨ ᠳᠠᠬᠢ ᠤᠯᠠᠨ ᠤᠯᠤᠰ ᠤᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ᠃ ︽ᠨᠢᠭᠡ ᠪᠦᠰᠡ ᠨᠢᠭᠡ ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠪᠣᠬᠢᠷᠲᠤᠯ ᠥᠬᠡᠶ ᠬᠥᠭᠵᠢᠯᠲᠡ ᠶᠢ ᠦᠷᠭᠦᠯᠵᠢᠯᠡᠨ ᠠᠬᠢᠭᠤᠯᠤᠨ᠎ᠠ᠃   ᠠᠷᠪᠠ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ᠎ᠠ    ︵ᠭᠤᠴᠢ︶ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠵᠤ᠂ ᠲᠥᠪ ᠠᠴᠠ ᠨᠢᠭᠡᠳᠦᠯᠲᠡᠢ ᠲᠥᠯᠥᠪᠵᠢᠭᠦᠯᠬᠦ᠂ ᠮᠤᠵᠢ ᠠᠴᠠ ᠶᠡᠷᠦᠩᠬᠡᠢ ᠬᠠᠷᠢᠭᠤᠴᠠᠯᠭ᠎ᠠ ᠡᠭᠦᠷᠭᠡᠯᠡᠬᠦ᠂ ᠬᠤᠲᠠ ᠰᠢᠶᠠᠨ ᠠᠴᠠ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠲᠣᠭᠲᠡᠴᠡ ᠶᠢ ᠲᠡᠭᠦᠯᠳᠡᠷᠵᠢᠭᠦᠯᠦᠨ᠎ᠡ᠃ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠ ᠵᠢᠯᠣᠭᠤᠳᠤᠨ ᠱᠠᠯᠠᠪᠳᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠢᠯ ᠤᠨ ᠲᠣᠭᠲᠡᠴᠡ ᠶᠢ ᠪᠦᠷᠢᠨᠰᠢᠬᠦᠯᠵᠤ ᠂ ᠵᠣᠬᠢᠶᠠᠨ ᠪᠠᠶᠢᠭᠤᠯᠵᠤ ᠬᠡᠷᠡᠭᠵᠢᠭᠦᠯᠬᠦ ᠶᠢ ᠴᠢᠩᠭᠠᠳᠬᠠᠨ᠎ᠠ᠃ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠲᠦᠷᠢᠮ ᠢ ᠰᠤᠳᠤᠯᠤᠨ ᠲᠣᠭᠲᠠᠭᠠᠨ᠎ᠠ᠃ ᠲᠥᠪ ᠤᠨ ᠠᠮᠢ ᠠᠬᠤᠶ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠨ ᠪᠠᠶᠢᠴᠠᠭᠠᠯᠲᠠ ᠶᠢ ᠭᠦᠨᠵᠡᠭᠡᠶ ᠠᠬᠢᠭᠤᠯᠵᠤ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠭᠤᠤᠯᠳᠠᠯᠭ᠎ᠠ ᠪᠣᠯᠭᠠᠨ᠎ᠠ᠃ ᠠᠮᠢ ᠠᠬᠤᠶ ᠣᠷᠴᠢᠨ ᠲᠤᠭᠤᠷᠢᠨ ᠤ ᠰᠡᠷᠡᠮᠵᠢᠯᠡᠭᠦᠯᠬᠦ ᠹᠢᠯᠢᠮ ᠢ ᠦᠷᠭᠦᠯᠵᠢᠯᠡᠨ ᠰᠡᠭᠦᠳᠡᠷᠯᠡᠨ ᠦᠢᠯᠡᠳᠦᠨ᠎ᠡ᠃ ᠣᠷᠣᠨ ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠮᠢ ᠠᠬᠤᠶ ᠣᠷᠴᠢᠨ ᠲᠣᠭᠤᠷᠢᠨ ᠢ ᠬᠠᠮᠠᠭᠠᠯᠠᠬᠤ ᠬᠠᠷᠢᠭᠤᠴᠠᠯᠭ᠎ᠠ ᠶᠢᠨ ᠲᠦᠷᠢᠮ ᠤᠨ ᠲᠣᠭᠲᠠᠭᠠᠯ ᠢ ᠲᠣᠭᠲᠠᠭᠠᠵᠤ᠂ ᠪᠥᠬᠦ ᠲᠠᠯ᠎ᠠ ᠶᠢ ᠬᠠᠮᠤᠷᠤᠭᠰᠠᠨ᠂ ᠡᠷᠬᠡ ᠬᠠᠷᠢᠭᠤᠴᠠᠯᠭ᠎ᠠ ᠨᠢᠭᠡᠳᠦᠯᠲᠡᠶ᠂ ᠱᠠᠩᠨᠠᠵᠤ ᠲᠣᠷᠭᠠᠬᠤ ᠲᠣᠳᠣᠷᠬᠠᠶ᠂ ᠭᠤᠭᠴᠤᠭ᠎ᠠ ᠪᠦᠬᠦᠨ ᠢ ᠬᠤᠯᠪᠣᠭᠰᠠᠨ ᠬᠠᠷᠢᠭᠤᠴᠠᠯᠭ᠎ᠠ ᠶᠢᠨ ᠰᠢᠰᠲ᠋ᠧᠮ ᠢ ᠪᠠᠶᠢᠭᠤᠯᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠡᠭᠦᠷᠭᠡ ᠪᠣᠯᠭᠠᠨ ᠠᠳᠬᠤᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠡᠭᠦᠷᠭᠡᠯᠡᠬᠦ︾ ᠶᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠨ᠎ᠡ᠃ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠬᠠᠤᠯᠢ ᠲᠣᠭᠲᠠᠭᠠᠬᠤ ᠠᠵᠢᠯ ᠪᠠ ᠬᠠᠤᠯᠢ ᠴᠠᠭᠠᠵᠠ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠪᠠᠨ ᠴᠢᠩᠭᠠᠳᠬᠠᠨ᠎ᠠ᠃ ᠡᠯ᠎ᠡ ᠱᠠᠲᠤᠨ ᠤ ᠤᠯᠤᠰ ᠲᠦᠷᠦ ᠶᠢᠨ ᠵᠥᠪᠯᠡᠯᠭᠡᠨ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢᠨ ᠲᠤᠰᠬᠠᠶ ᠰᠡᠳᠦᠪ ᠢᠶᠠᠷ ᠵᠥᠪᠯᠡᠬᠦ ᠪᠠ ᠠᠷᠠᠳᠴᠢᠯᠠᠯ ᠢᠶᠠᠷ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠤᠨ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠣᠨ ᠤ ᠠᠵᠢᠯ ᠢ ᠠᠬᠢᠭᠤᠯᠤᠭᠰᠠᠨ ᠪᠠᠶᠢᠳᠠᠯ ᠢᠶᠠᠨ ᠠᠮᠢ ᠠᠬᠤᠶ ᠣᠷᠴᠢᠨ ᠲᠣᠭᠤᠷᠢᠨ ᠤ ᠶᠠᠮᠤᠨ ᠳᠤ ᠪᠢᠴᠢᠭ ᠢᠶᠠᠷ ᠬᠦᠷᠭᠡᠵᠦ᠂ ᠬᠤᠷᠢᠶᠠᠩᠭᠤᠶᠢᠯᠠᠭᠰᠠᠨ ᠤ ᠳᠠᠷᠠᠭ᠎ᠠ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠳᠤ ᠮᠡᠳᠡᠭᠦᠯᠦᠨ᠎ᠡ᠃    ︵ᠭᠤᠴᠢᠨ ᠨᠢᠭᠡ︶ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠎ᠠ᠃ ᠠᠮᠢ ᠠᠬᠤᠶ ᠣᠷᠴᠢᠨ ᠲᠣᠭᠤᠷᠢᠨ ᠤ ᠶᠠᠮᠤᠨ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠦᠷᠢᠶ᠎ᠡ ᠬᠤᠪᠢᠶᠠᠭᠰᠠᠨ ᠠᠵᠢᠯᠯᠠᠭᠠᠨ ᠤ ᠲᠥᠰᠦᠯ ᠢ ᠲᠣᠭᠲᠠᠭᠠᠵᠤ᠂ ᠠᠵᠢᠯ ᠤᠨ ᠵᠣᠬᠢᠴᠠᠭᠤᠯᠬᠤ ᠲᠣᠭᠲᠡᠴᠡ ᠶᠢ ᠪᠠᠶᠢᠭᠤᠯᠤᠨ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠰᠢᠰᠲᠤᠮ ᠪᠠ ᠠᠬᠢᠭᠤᠯᠤᠨ ᠨᠠᠶᠢᠳᠠᠪᠤᠷᠢᠵᠢᠭᠤᠯᠬᠤ ᠲᠣᠭᠲᠡᠴᠡ ᠶᠢ ᠲᠦᠷᠭᠡᠳᠭᠡᠨ ᠪᠦᠷᠢᠯᠳᠦᠭᠦᠯᠵᠦ᠂ ᠡᠭᠦᠷᠭᠡ ᠶᠢ ᠲᠥᠷᠥᠯ ᠵᠦᠢᠯᠵᠢᠭᠦᠯᠬᠦ᠂ ᠨᠠᠷᠢᠨ ᠳᠠᠩᠰᠠᠵᠢᠭᠤᠯᠬᠤ᠂ ᠬᠠᠷᠢᠭᠤᠴᠠᠯᠭᠠᠵᠢᠭᠤᠯᠬᠤ ᠶᠢ ᠠᠬᠢᠭᠤᠯᠤᠨ᠂ ᠨᠢᠭᠡᠳᠦᠯᠲᠡᠶ ᠲᠥᠯᠥᠪᠵᠢᠭᠦᠯᠦᠨ ᠵᠣᠬᠢᠴᠠᠭᠤᠯᠬᠤ᠂ ᠳᠣᠭᠢᠷᠠᠭᠤᠯᠤᠨ ᠦᠨᠡᠯᠡᠨ ᠵᠢᠱᠢᠬᠦ ᠪᠠ ᠬᠢᠨᠠᠯᠲᠠ ᠲᠠᠯᠪᠢᠵᠤ ᠬᠠᠮᠢᠶᠠᠷᠬᠤ ᠶᠢ ᠴᠢᠩᠭᠠᠳᠬᠠᠨ᠎ᠠ᠃ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ ᠵᠠᠰᠠᠭ ᠤᠨ ᠣᠷᠳᠣᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠣᠷᠣᠨ ᠬᠤᠪᠢᠶᠠᠨ ᠵᠠᠰᠠᠵᠤ᠂ ᠨᠠᠷᠢᠯᠢᠬᠵᠢᠭᠤᠯᠤᠨ ᠪᠠᠶᠢᠭᠤᠯᠬᠤ ᠬᠡᠷᠡᠭᠲᠡᠢ᠃ ᠮᠤᠵᠢ ︵ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ︶ ᠢᠢᠨ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠣᠷᠣᠨ ᠨᠤᠲᠤᠭ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠢᠵᠢ ᠪᠦᠷᠢᠳᠦᠭᠰᠡᠨ ᠪᠢᠴᠢᠭ ᠮᠠᠲ᠋ᠧᠷᠢᠶᠠᠯ ᠢ ᠴᠠᠭ ᠲᠤᠬᠠᠢ ᠳᠤᠨᠢ ᠲᠣᠭᠲᠠᠭᠠᠪᠠᠯ ᠵᠤᠬᠢᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠵᠢᠯ ᠢᠶᠠᠨ ᠵᠣᠯᠭᠠᠭᠤᠯᠬᠤ ᠶᠢ ᠴᠢᠩᠭᠠᠳᠬᠠᠵᠤ᠂ ᠠᠶᠢᠵᠠᠮ ᠪᠣᠯᠤᠨ ᠡᠷᠴᠢᠮ ᠢᠶᠠᠨ ᠰᠠᠶᠢᠲᠤᠷ ᠡᠵᠡᠮᠳᠡᠵᠦ᠂ ᠵᠣᠬᠢᠴᠠᠭᠤᠯᠤᠨ ᠠᠬᠢᠭᠤᠯᠵᠤ᠂ ᠬᠠᠷᠢᠯᠴᠠᠨ ᠳᠠᠶᠢᠴᠢᠯᠠᠵᠤ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠥᠲᠥᠭᠡᠨ ᠪᠠᠶᠢᠭᠤᠯᠤᠯᠲᠠ ᠶᠢᠨ ᠴᠢᠬᠤᠯᠠ ᠶᠡᠭᠡ ᠢᠨᠵᠧᠨᠧᠷᠢᠩ ᠳᠠᠬᠢ ᠡᠳ᠋ ᠤᠨ ᠵᠠᠰᠠᠭ ᠭᠠᠶᠢᠯᠢ ᠲᠠᠲᠠᠪᠤᠷᠢ᠂ ᠮᠥᠩᠭᠦᠨ ᠭᠦᠢᠯᠭᠡᠭᠡ᠂ ᠦᠨ᠎ᠡ ᠬᠠᠩᠰᠢ ᠵᠡᠷᠭᠡ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ ᠬᠡᠷᠡᠭᠲᠡᠶ᠃    ︵ᠭᠤᠴᠢᠨ ᠬᠤᠶᠠᠷ︶ ᠤᠬᠠᠭᠤᠯᠤᠨ ᠳᠡᠯᠭᠡᠷᠡᠭᠦᠯᠬᠦ ᠶᠢ ᠴᠢᠩᠭᠠᠷᠠᠭᠤᠯᠤᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠤᠨᠤᠯ ᠤᠨ ᠰᠤᠳᠤᠯᠭᠠᠨ᠂ ᠰᠤᠷᠤᠯᠴᠠᠯᠭ᠎ᠠ ᠤᠬᠠᠭᠤᠯᠭ᠎ᠠ᠂ ᠲᠦᠷᠢᠮ ᠤᠨ ᠰᠢᠨ᠎ᠡ ᠡᠭᠦᠳᠦᠯᠲᠡ᠂ ᠦᠢᠯᠡᠳᠦᠯᠭᠡ ᠶᠢᠨ ᠳᠡᠯᠭᠡᠷᠡᠭᠦᠯᠦᠯᠲᠡ ᠪᠠ ᠳᠡᠯᠡᠬᠡᠢ ᠶᠢᠨ ᠳᠠᠮᠵᠢᠭᠤᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠠᠮᠢ ᠠᠬᠤᠢ ᠶᠢᠨ ᠪᠣᠯᠪᠠᠰᠤᠨ ᠤ ᠬᠥᠮᠦᠵᠢᠯ ᠢ ᠺᠠᠳ᠋ᠷ ᠤᠨ ᠬᠥᠮᠦᠵᠢᠯ᠂ ᠨᠠᠮ ᠤᠨ ᠭᠡᠰᠢᠭᠦᠨ ᠤ ᠬᠥᠮᠦᠵᠢᠯ᠂ ᠤᠯᠤᠰ ᠠᠷᠠᠳ ᠤᠨ ᠬᠥᠮᠦᠵᠢᠯ ᠤᠨ ᠰᠢᠰᠲ᠋ᠧᠮ ᠳᠤ ᠣᠷᠣᠭᠤᠯᠬᠤ ᠶᠢ ᠠᠬᠢᠭᠤᠯᠤᠨ᠎ᠠ᠃ ᠪᠥᠬᠦ ᠤᠯᠤᠰ ᠤᠨ ᠠᠮᠢ ᠠᠬᠤᠶ ᠶᠢᠨ ᠡᠳᠦᠷ᠂ ᠣᠷᠴᠢᠨ ᠲᠤᠭᠤᠷᠢᠨ ᠤ ᠡᠳᠦᠷ ᠵᠡᠷᠭᠡ ᠣᠯᠠᠨ ᠵᠦᠢᠯ ᠤᠨ ᠬᠡᠯᠪᠡᠷᠢ ᠪᠠᠷ ᠳᠠᠮᠵᠢᠭᠤᠯᠤᠨ ᠠᠮᠢ ᠠᠬᠤᠶ ᠶᠢᠨ ᠪᠣᠯᠪᠠᠰᠤᠨ ᠤ ᠤᠬᠠᠭᠤᠯᠭ᠎ᠠ ᠶᠢ ᠴᠢᠩᠭᠠᠳᠬᠠᠨ᠎ᠠ᠃ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠴᠠᠭᠠᠨ ᠭᠠᠳᠠᠷᠳᠤ ᠪᠢᠴᠢᠭ ᠢ ᠨᠡᠶᠢᠲᠡᠯᠡᠨ᠎ᠡ᠃ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠢᠯᠡᠳᠲᠡ ᠠᠮᠵᠢᠯᠲᠠ ᠣᠯᠵᠤ᠂ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ ᠤ ᠨᠢᠭᠡᠴᠢ ᠪᠠ ᠬᠤᠪᠢ ᠬᠥᠮᠦᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠰᠠᠶᠢᠰᠢᠶᠠᠨ᠎ᠠ᠃    ︵ᠭᠤᠴᠢᠨ ᠭᠤᠷᠪᠠ︶ ᠦᠷ᠎ᠡ ᠪᠦᠲᠦᠮᠵᠢ ᠶᠢ ᠬᠢᠨᠠᠨ ᠰᠢᠯᠭᠠᠬᠤ ᠶᠢ ᠥᠷᠨᠢᠭᠦᠯᠦᠨ᠎ᠡ᠃ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠢ ᠬᠢᠨᠠᠨ ᠬᠡᠮᠵᠢᠵᠦ ᠦᠨᠡᠯᠡᠬᠦ ᠠᠵᠢᠯ ᠢ ᠥᠷᠨᠢᠭᠦᠯᠵᠦ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠠᠬᠢᠴᠠ ᠶᠢ ᠦᠨᠡᠯᠡᠨ ᠵᠢᠱᠢᠨ᠎ᠡ᠃ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠬᠢᠨᠠᠨ ᠰᠢᠯᠭᠠᠬᠤ ᠵᠢᠭᠠᠯᠲᠠ ᠲᠤᠭ᠎ᠠ ᠶᠢᠨ ᠰᠢᠰᠲ᠋ᠧᠮ ᠢ ᠰᠤᠳᠤᠯᠤᠨ ᠪᠠᠶᠢᠭᠤᠯᠵᠤ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠬᠢᠨᠠᠨ ᠰᠢᠯᠭᠠᠬᠤ ᠠᠷᠭ᠎ᠠ ᠶᠢ ᠲᠣᠭᠲᠠᠭᠠᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠶᠢ ᠬᠢᠨᠠᠨ ᠰᠢᠯᠭᠠᠬᠤ ᠶᠢ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠤᠨ ᠪᠦᠳᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠬᠢᠨᠠᠨ ᠰᠢᠯᠭᠠᠬᠤ ᠳᠤ ᠴᠠᠭ ᠲᠤᠨᠢ ᠲᠤᠬᠢᠷᠠᠭᠤᠯᠤᠨ ᠰᠢᠯᠵᠢᠭᠦᠯᠵᠦ᠂ ᠬᠢᠨᠠᠨ ᠰᠢᠯᠭᠠᠬᠤ ᠠᠵᠢᠯ ᠢ ᠲᠥᠪ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠲᠦᠷᠦᠭᠦᠯᠡᠨ ᠵᠣᠬᠢᠶᠠᠨ ᠪᠠᠶᠢᠭᠤᠯᠵᠤ᠂ ᠬᠢᠨᠠᠨ ᠰᠢᠯᠭᠠᠭᠰᠠᠨ ᠦᠷ᠎ᠡ ᠳ᠋ᠦᠩ ᠢ ᠡᠯ᠎ᠡ ᠱᠠᠲᠤᠨ ᠤ ᠤᠳᠤᠷᠢᠳᠬᠤ ᠪᠠᠭ ᠪᠣᠯᠤᠨ ᠬᠤᠯᠪᠣᠭᠳᠠᠯ ᠪᠦᠬᠦᠢ ᠤᠳᠤᠷᠢᠳᠬᠤ ᠺᠠᠳ᠋ᠷ ᠢ ᠶᠡᠷᠦᠩᠬᠡᠶᠢᠯᠡᠨ ᠬᠢᠨᠠᠨ ᠰᠢᠯᠭᠠᠵᠤ ᠦᠨᠡᠯᠡᠬᠦ᠂ ᠱᠠᠩᠨᠠᠬᠤ ᠵᠠᠯᠬᠠᠭᠠᠬᠤ ᠲᠣᠮᠢᠯᠠᠬᠤ ᠪᠠᠭᠤᠯᠭᠠᠬᠤ ᠶᠢᠨ ᠴᠢᠬᠤᠯᠠ ᠯᠠᠪᠯᠠᠯᠲᠠ ᠪᠣᠯᠭᠠᠨ᠎ᠠ᠃    ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 11 ᠤ ᠴᠠᠬᠢᠯᠭᠠᠨ ᠮᠡᠳᠡᠭᠡ︶
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号