ᠥᠪᠡᠷᠲᠡᠭᠡᠨ ᠵᠠᠰᠠᠬᠤ ᠣᠷᠣᠨ ᠤ ᠰᠢᠨ᠎ᠠ ᠰᠤᠷᠭᠤᠭ ᠲᠦᠭᠦᠬᠡᠢ ᠰᠦ ᠶᠢᠨ ᠦᠨ᠎ᠡ ᠬᠠᠩᠰᠢ ᠶᠢ ᠵᠣᠬᠢᠴᠠᠭᠤᠯᠬᠤ | ᠺᠣᠮᠢᠰ ᠤᠶᠢᠷ᠎ᠠ ᠳᠤ 2024 ᠣᠨ ᠤ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠵᠤ᠂ ᠨᠢᠳᠤᠨᠤᠨ ᠤ | ᠳᠥᠷᠪᠡᠳᠦᠭᠡᠷ ᠤᠯᠠᠷᠢᠯ ᠤᠨ ᠰᠠᠭᠠᠯᠢ ᠶᠢᠨ ᠦᠨᠢᠶ᠎ᠡ ᠲᠡᠵᠢᠭᠡᠬᠦ ᠥᠪᠡᠷ ᠤᠨ ᠥᠷᠲᠡᠭ ᠤᠨ ᠬᠤᠪᠢᠷᠠᠯᠲᠠ᠂ ᠲᠦᠭᠦᠬᠡᠢ | ᠰᠦ ᠬᠤᠳᠠᠯᠳᠤᠨ ᠠᠪᠤᠭᠰᠠᠨ ᠪᠠᠶᠢᠳᠠᠯ ᠵᠢᠴᠢ ᠡᠨᠡ ᠵᠢᠯ ᠤᠨ ᠨᠢᠭᠡᠳᠦᠭᠡᠷ ᠤᠯᠠᠷᠢᠯ ᠤᠨ ᠠᠷᠠᠯᠵᠢᠶᠠᠨ ᠤ ᠯᠠᠪᠯᠠᠯᠲᠠ ᠶᠢᠨ | ᠦᠨ᠎ᠡ ᠶᠢᠨ ᠵᠢᠱᠢᠯᠲᠡ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ᠂ ᠣᠳᠣᠬᠠᠨ ᠤ ᠪᠦᠬᠦ ᠣᠷᠣᠨ ᠤ ᠰᠦ ᠶᠢᠨ | ᠦᠢᠯᠡᠰ ᠤᠨ ᠦᠢᠯᠡᠳᠪᠦᠷᠢᠯᠡᠯ ᠤᠨ ᠪᠠᠶᠢᠳᠠᠯ ᠢ ᠮᠡᠳᠡᠭᠳᠡᠭᠰᠡᠨ ᠪᠠᠶᠢᠨ᠎ᠠ᠃ | ᠬᠤᠷᠠᠯ ᠳᠡᠭᠡᠷ᠎ᠡ ᠡᠨᠡ ᠵᠢᠯ ᠤᠨ ᠨᠢᠭᠡᠳᠦᠭᠡᠷ ᠤᠯᠠᠷᠢᠯ ᠤᠨ ᠪᠦᠬᠦ ᠤᠷᠤᠨ ᠤ ᠰᠢᠨ᠎ᠠ ᠰᠤᠷᠭᠤᠭ ᠲᠦᠭᠦᠬᠡᠢ | ᠰᠦ ᠶᠢᠨ ᠠᠷᠠᠯᠵᠢᠶᠡᠨ ᠤ ᠯᠠᠪᠯᠠᠯᠲᠠ ᠶᠢᠨ ᠦᠨ᠎ᠡ ᠶᠢ ᠺᠢᠯᠦᠭᠷᠠᠮ ᠪᠦᠷᠢ ᠳᠡᠭᠡᠨ 3.63 ᠲᠥᠭᠦᠷᠢᠭ ᠪᠣᠯᠭᠠᠬᠤ ᠪᠠᠷ | ᠲᠣᠭᠲᠠᠵᠤ᠂ ᠴᠢᠨᠠᠷ ᠰᠠᠶᠢᠲᠠᠢ ᠳᠤᠨᠢ ᠥᠨᠳᠥᠷ ᠦᠨ᠎ᠡ ᠦᠭᠬᠦ ᠶᠢ ᠵᠣᠷᠢᠭᠵᠢᠭᠤᠯᠤᠨ᠂ ᠭᠦᠢᠴᠡᠳᠭᠡᠯ ᠲᠤᠭ᠎ᠠ ᠶᠢᠨ | ᠵᠥᠷᠢᠶ᠎ᠡ ᠵᠡᠷᠭᠡ ᠵᠠᠬ᠎ᠠ ᠳᠡᠯᠭᠡᠭᠦᠷ ᠤᠨ ᠬᠦᠴᠦᠨ ᠵᠦᠢᠯ ᠠᠴᠠ ᠪᠣᠯᠵᠤ ᠰᠢᠨ᠎ᠠ ᠰᠤᠷᠭᠤᠭ ᠲᠦᠬᠦᠬᠡᠢ ᠰᠦ ᠶᠢᠨ | ᠦᠨ᠎ᠡ ᠶᠢ ᠦᠰᠬᠡᠵᠤ ᠪᠠᠭᠤᠷᠠᠭᠤᠯᠵᠤ ᠪᠣᠯᠤᠨ᠎ᠠ᠂ ᠦᠨ᠎ᠡ ᠶᠢ ᠥᠰᠭᠡᠬᠦ ᠲᠠᠯ᠎ᠠ ᠪᠠᠷ ᠬᠢᠵᠠᠭᠠᠷ ᠳᠤᠭᠳᠠᠭᠠᠭᠰᠠᠨ ᠦᠭᠡᠢ | ᠂ ᠬᠡᠪᠡᠴᠦ ᠦᠨ᠎ᠡ ᠶᠢ ᠪᠠᠭᠤᠷᠠᠭᠤᠯᠪᠠᠯ ᠬᠠᠮᠤᠭ ᠤᠨ ᠶᠡᠭᠡ ᠳᠡᠭᠡᠨ 7% ᠠᠴᠠ ᠬᠡᠲᠦᠷᠡᠭᠦᠯᠵᠤ ᠪᠤᠯᠬᠤ ᠥᠬᠡᠢ ᠭᠡᠵᠤ | ᠲᠤᠭᠳᠠᠵᠠᠢ᠃ | ᠤᠶᠢᠯᠠᠭᠠᠭᠰᠠᠨ ᠢᠶᠠᠷ᠂ ᠪᠦᠬᠦ ᠤᠷᠤᠨ ᠤ ᠴᠠᠭᠠᠨ ᠢᠳᠡᠭᠡᠨ ᠪᠣᠯᠪᠠᠰᠤᠷᠠᠭᠤᠯᠬᠤ ᠠᠵᠤ ᠠᠬᠤᠶᠢᠯᠠᠯ ᠤᠳ | ᠨᠡᠶᠢᠭᠡᠮ ᠤᠨ ᠬᠠᠷᠢᠭᠤᠴᠠᠯᠭ᠎ᠠ ᠶᠢ ᠵᠣᠷᠢᠭᠲᠠᠢ ᠡᠭᠦᠷᠭᠡᠯᠡᠨ᠂ ᠰᠢᠨ᠎ᠠ ᠰᠤᠷᠭᠤᠭ ᠲᠦᠭᠦᠬᠡᠢ ᠰᠦ ᠠᠷᠠᠯᠵᠢᠶᠠᠯᠠᠬᠤ | ᠯᠠᠪᠯᠠᠯᠲᠠ ᠶᠢᠨ ᠦᠨ᠎ᠡ ᠬᠠᠩᠰᠢ ᠶᠢ ᠴᠢᠩᠭ᠎ᠠ ᠬᠡᠷᠡᠭᠵᠢᠭᠦᠯᠵᠤ᠂ ᠵᠠᠬ᠎ᠠ ᠳᠡᠯᠭᠡᠭᠦᠷ ᠤᠨ ᠲᠦᠭᠰᠢᠭᠦᠷᠢ ᠶᠢ | ᠰᠠᠨᠠᠭᠠᠴᠢᠯᠠᠭ᠎ᠠ ᠠᠴᠠ ᠪᠠᠨ ᠠᠷᠢᠯᠭᠠᠨ᠂ ᠲᠤᠰ ᠪᠡᠶ᠎ᠡ ᠶᠢᠨ ᠬᠦᠴᠢᠷᠳᠡᠯ ᠢᠶᠠᠨ ᠢᠯᠠᠨ ᠳᠠᠪᠠᠭ᠋ᠤ ᠶᠢᠨ ᠬᠠᠮᠳᠤ | ᠬᠤᠷᠢᠶᠠᠪᠠᠰᠤ ᠵᠣᠬᠢᠬᠤ ᠰᠢᠨ᠎ᠠ ᠰᠤᠷᠭᠤᠭ ᠲᠦᠭᠦᠬᠡᠢ ᠰᠦ ᠶᠢ ᠪᠦᠬᠦᠨ ᠢ ᠬᠤᠷᠢᠶᠠᠬᠤ ᠪᠠᠷ ᠪᠡᠯᠡᠳᠬᠡᠵᠤ ᠪᠠᠶᠢᠨ᠎ᠠ︔ | ᠲᠡᠵᠢᠭᠡᠪᠦᠷᠢ ᠶᠢᠨ ᠠᠵᠤ ᠠᠬᠤᠶᠢᠯᠠᠯ ᠤᠳ ᠣᠳᠣᠬᠠᠨ ᠤ ᠦᠢᠯᠡᠳᠪᠦᠷᠢᠯᠡᠯ ᠤᠨ ᠪᠠᠶᠢᠳᠠᠯ ᠪᠣᠯᠤᠨ ᠠᠵᠤ ᠦᠢᠯᠡᠰ ᠤᠨ | ᠬᠥᠭᠵᠢᠯᠲᠡ ᠶᠢᠨ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ᠰᠦᠷᠦᠭ ᠤᠨ ᠪᠦᠲᠦᠴᠡ ᠶᠢ ᠴᠠᠭ | ᠲᠤᠬᠠᠢ ᠳᠤᠨᠢ ᠰᠢᠯᠢᠳᠡᠭᠵᠢᠭᠦᠯᠦᠨ ᠲᠣᠬᠢᠷᠠᠭᠤᠯᠵᠤ᠂ ᠲᠡᠵᠢᠭᠡᠪᠦᠷᠢ ᠶᠢᠨ ᠥᠪᠡᠷ ᠤᠨ ᠥᠷᠲᠡᠭ ᠢ ᠪᠠᠭᠤᠷᠠᠭᠤᠯᠤᠨ᠂ | ᠰᠠᠭᠠᠯᠢ ᠶᠢᠨ ᠦᠨᠢᠶ᠎ᠡ ᠲᠡᠵᠢᠭᠡᠬᠦ ᠦᠷ᠎ᠡ ᠠᠰᠢᠭ ᠢ ᠬᠦᠴᠦᠯᠡᠨ ᠲᠣᠭᠲᠠᠪᠤᠷᠢᠵᠢᠭᠤᠯᠵᠤ ᠪᠠᠶᠢᠨ᠎ᠠ︔ ᠡᠯ᠎ᠡ ᠱᠠᠳᠤᠨ ᠤ | ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠳᠤᠰᠬᠤᠨ ᠮᠠᠯᠵᠢᠬᠤ ᠤᠷᠤᠨ ᠤ ᠰᠠᠯᠠᠭ᠎ᠠ ᠮᠥᠴᠢᠷ ᠨᠢ ᠳᠠᠯᠳᠠ | ᠬᠦᠴᠦᠨ ᠢᠶᠠᠨ ᠭᠦᠨᠵᠡᠭᠡᠢ ᠠᠭᠤᠳᠠᠯᠤᠨ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠰᠦ ᠶᠢᠨ ᠦᠢᠯᠡᠰ ᠤᠨ | ᠦᠢᠯᠡᠳᠪᠦᠷᠢᠯᠡᠯ ᠤᠨ ᠪᠠᠶᠢᠳᠠᠯ ᠢ ᠲᠣᠭᠲᠠᠭᠤᠨ ᠪᠠᠶᠢᠯᠭᠠᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠪᠤᠢ᠃ |