ᠪᠦᠬᠦ ᠤᠯᠤᠰ ᠤᠨ ᠡᠮᠦᠨ᠎ᠠ 60 ᠳᠤ ᠤᠷᠤᠭᠰᠠᠨ ᠳᠡᠭᠡᠳᠦ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠤᠭᠤᠷᠢᠭ ᠲᠤ 1000 ᠲᠦᠮᠡᠨ ᠲᠦᠭᠦᠷᠢᠭ ᠤᠨ ᠰᠤᠳᠤᠯᠭᠠᠨ ᠤ ᠪᠡᠯᠡ ᠮᠦᠩᠬᠦ ᠤᠯᠭᠤᠨ᠎ᠠ
ᠨᠡᠶᠢᠲᠡᠯᠡᠭᠰᠡᠨ ᠴᠠᠭ᠄
2024/2/20
    ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠤᠶᠢᠷ᠎ᠠ ᠳᠤ ᠨᠡᠶᠢᠳᠡᠯᠡᠭᠰᠡᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ 2024 ᠤᠨ ᠤ ᠳᠤᠭᠳᠠᠭᠤᠨ ᠤ ᠳᠤᠮᠳᠠ ᠠᠬᠢᠯᠳᠠ ᠲᠠᠢ ᠠᠬᠢᠯᠳᠠ ᠪᠠᠷ ᠳᠤᠭᠳᠠᠭᠤᠨ ᠢ ᠠᠬᠢᠭᠤᠯᠬᠤ ᠶᠢ ᠪᠠᠷᠢᠮᠳᠠᠯᠠᠵᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ︾ ᠶᠢ ᠦᠨᠳᠦᠰᠤᠯᠡᠪᠡᠯ᠂ ᠡᠨᠡ ᠵᠢᠯ ᠮᠠᠨ ᠤ ᠤᠷᠤᠨ ᠪᠦᠬᠦ ᠤᠯᠤᠰ ᠤᠨ ᠡᠮᠦᠨ᠎ᠠ 60 ᠳᠤ ᠤᠷᠤᠭᠰᠠᠨ᠂ ᠤᠨ ᠤ ᠵᠢᠭᠰᠠᠭᠠᠯᠳᠠ ᠳᠤ 5 ᠪᠠᠶᠢᠷᠢ ᠳᠠᠪᠰᠢᠭᠰᠠᠨ ᠵᠢᠴᠢ ᠰᠢᠨ᠎ᠠ ᠪᠠᠷ ᠵᠦᠪᠰᠢᠶᠡᠷᠡᠭᠳᠡᠭᠰᠡᠨ ᠦᠪᠡᠷᠳᠡᠭᠡᠨ ᠵᠠᠰᠠᠬᠤ ᠤᠷᠤᠨ ᠤ ᠳᠡᠰ ᠤᠨ ᠳᠡᠭᠡᠳᠦ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠤᠭᠤᠷᠢᠭ ᠲᠤ ᠨᠢᠭᠡ ᠯᠡ ᠤᠳᠠᠭ᠎ᠠ ᠶᠢᠨ ᠴᠢᠨᠠᠷᠳᠠᠢ 1000 ᠲᠦᠮᠡᠨ ᠲᠦᠭᠦᠷᠢᠭ ᠤᠨ ᠰᠤᠳᠤᠯᠭᠠᠨ ᠤ ᠪᠡᠯᠡ ᠮᠦᠩᠬᠦ ᠤᠯᠭᠤᠬᠤ ᠪᠤᠯᠤᠨ᠎ᠠ᠃    ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ ᠳᠤ ᠪᠠᠰᠠ ᠡᠨᠡ ᠵᠢᠯ ᠮᠠᠨ ᠤ ᠤᠷᠤᠨ ᠴᠢᠨᠠᠷ ᠰᠠᠶᠢᠳᠠᠢ ᠬᠦᠭᠵᠢᠯᠳᠡ ᠶᠢᠨ ᠤᠳᠤᠷᠢᠳᠤᠮᠵᠢ ᠶᠢ ᠳᠤᠪᠤᠶᠢᠯᠭᠠᠵᠤ᠂ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠢ ᠰᠢᠯᠭᠠᠨ ᠪᠠᠶᠢᠴᠠᠭᠠᠵᠤ ᠦᠨᠡᠯᠡᠨ᠂ ᠰᠢᠯᠭᠠᠨ ᠪᠠᠶᠢᠴᠠᠭᠠᠯᠳᠠ ᠦᠨᠡᠯᠡᠯᠳᠡ ᠳᠤ ᠶᠡᠷᠦᠩᠬᠡᠶᠢᠯᠡᠭᠰᠡᠨ ᠪᠤᠳᠠᠳᠤ ᠬᠦᠴᠦᠨ ᠢᠢᠡᠷ ᠡᠮᠦᠨ᠎ᠠ 3 ᠳᠤ ᠤᠷᠤᠬᠰᠠᠨ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠲᠤ ᠵᠤᠬᠢᠬᠤ ᠪᠡᠯᠡ ᠮᠦᠩᠭᠦᠨ ᠤ ᠳᠡᠮᠵᠢᠯᠭᠡ ᠬᠦᠷᠳᠡᠬᠡᠨ᠎ᠠ︔ ᠠᠷᠠᠯᠵᠢᠶᠠᠴᠢᠨ ᠤᠷᠢᠵᠤ ᠪᠡᠯᠡ ᠮᠦᠩᠬᠦ ᠤᠷᠤᠭᠤᠯᠬᠤ᠂ ᠮᠤ᠋ ᠨᠢᠭᠡᠴᠢ ᠶᠢᠨ ᠦᠷ᠎ᠠ ᠠᠰᠢᠭ᠂ ᠭᠠᠶᠢᠯᠢ ᠲᠤᠰᠢᠶᠠᠭᠰᠠᠨ ᠬᠡᠮᠵᠢᠶ᠎ᠠ᠂ ᠲᠡᠷᠢᠭᠦᠨ ᠤ ᠬᠢ ᠪᠤᠯᠬᠤ ᠪᠠᠷ ᠬᠦᠴᠦᠯᠡᠨ ᠴᠢᠷᠮᠠᠶᠢᠭᠰᠠᠨ ᠬᠡᠮᠵᠢᠶ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠠ ᠡᠭᠦᠳᠦᠯᠳᠡ ᠵᠡᠷᠭᠡ ᠳᠠᠩ ᠭᠠᠭᠴᠠ ᠲᠦᠷᠦᠯ ᠤᠨ ᠭᠦᠢᠴᠡᠳᠭᠡᠯ ᠲᠤᠭ᠎ᠠ ᠶᠢᠨ ᠰᠢᠯᠭᠠᠨ ᠪᠠᠶᠢᠴᠠᠭᠠᠯᠳᠠ ᠦᠨᠡᠯᠡᠯᠳᠡ ᠳᠤ ᠡᠮᠦᠨ᠎ᠠ 3 ᠳᠤ ᠤᠷᠤᠭᠰᠠᠨ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠲᠤ ᠴᠤ ᠵᠤᠬᠢᠬᠤ ᠪᠡᠯᠡ ᠮᠦᠩᠭᠦᠨ ᠤ ᠳᠡᠮᠵᠢᠯᠭᠡ ᠬᠦᠷᠳᠡᠬᠡᠨ᠎ᠠ᠃ ᠰᠢᠨ᠎ᠠ ᠪᠠᠷ ᠵᠦᠪᠰᠢᠶᠡᠷᠡᠭᠳᠡᠭᠰᠡᠨ ᠤᠯᠤᠰ ᠤᠨ ᠳᠡᠰ ᠤᠨ ᠳᠡᠭᠡᠳᠦ ᠰᠢᠨ᠎ᠠ ᠮᠡᠷᠭᠡᠵᠢᠯ ᠤᠨ ᠠᠵᠤ ᠦᠢᠯᠡᠰ ᠤᠨ ᠨᠡᠭᠡᠭᠡᠯᠳᠡ ᠶᠢᠨ ᠲᠤᠭᠤᠷᠢᠭ ᠲᠤ ᠨᠢᠭᠡ ᠯᠡ ᠤᠳᠠᠭ᠎ᠠ ᠶᠢᠨ ᠴᠢᠨᠠᠷᠳᠠᠢ᠂ ᠬᠠᠮᠤᠭ ᠤᠨ ᠶᠡᠭᠡ ᠳᠡᠭᠡᠨ 2000 ᠲᠦᠮᠡᠨ ᠲᠦᠭᠦᠷᠢᠭ ᠤᠨ ᠰᠤᠳᠤᠯᠭᠠᠨ ᠤ ᠪᠡᠯᠡ ᠮᠦᠩᠬᠦ ᠶᠢᠨ ᠳᠡᠮᠵᠢᠯᠭᠡ ᠦᠵᠡᠭᠦᠯᠦᠨ᠎ᠠ︔ ᠦᠪᠡᠷᠳᠡᠭᠡᠨ ᠵᠠᠰᠠᠬᠤ ᠤᠷᠤᠨ ᠤ ᠪᠠᠭ᠎ᠠ ᠨᠡᠭᠦᠷᠡᠰᠦᠳᠦ᠋ᠷᠦᠭᠴᠢᠳᠤ ᠦᠯᠢᠭᠡᠷ ᠳᠠᠭᠤᠷᠢᠶᠠᠯ ᠤᠨ ᠬᠦᠷᠢᠶᠡᠯᠡᠩ ᠲᠤᠭᠤᠷᠢᠭ᠂ ᠨᠡᠭᠦᠷᠡᠰᠦᠳᠦ᠋ᠷᠦᠭᠴᠢ ᠦᠯᠦ ᠭᠠᠳᠠᠭᠰᠢᠯᠠᠭᠤᠯᠬᠤ ᠦᠯᠢᠭᠡᠷ ᠳᠠᠭᠤᠷᠢᠶᠠᠯ ᠤᠨ ᠬᠦᠷᠢᠶᠡᠯᠡᠩ ᠲᠤᠭᠤᠷᠢᠭ ᠲᠤ ᠱᠠᠩᠨᠠᠯ ᠨᠦᠬᠦᠪᠤᠷᠢ ᠤᠯᠭᠤᠵᠤ᠂ ᠲᠤᠰᠬᠠᠢ ᠪᠡᠯᠡ ᠮᠦᠩᠬᠦ ᠳᠤᠬᠢᠷᠠᠭᠤᠯᠤᠨ ᠭᠤᠤᠯᠳᠠᠯᠭ᠎ᠠ ᠲᠠᠢ ᠠᠵᠤ ᠦᠢᠯᠡᠳᠪᠤᠷᠢ ᠶᠢᠨ ᠬᠦᠷᠢᠶᠡᠯᠡᠩ ᠲᠤᠭᠤᠷᠢᠭ ᠤᠨ ᠰᠠᠭᠤᠷᠢ ᠲᠦᠬᠦᠭᠡᠷᠦᠮᠵᠢ ᠶᠢᠨ ᠪᠦᠲᠦᠭᠡᠨ ᠪᠠᠶᠢᠭᠤᠯᠤᠯᠳᠠ ᠶᠢ ᠳᠡᠮᠵᠢᠨ᠎ᠠ︔ ᠰᠢᠨ᠎ᠠ ᠪᠠᠷ ᠦᠨᠡᠯᠡᠨ ᠳᠤᠭᠳᠠᠭᠠᠭᠰᠠᠨ ᠤᠯᠤᠰ ᠤᠨ ᠪᠠ ᠦᠪᠡᠷᠳᠡᠭᠡᠨ ᠵᠠᠰᠠᠬᠤ ᠤᠷᠤᠨ ᠤ ᠳᠡᠰ ᠤᠨ ᠰᠢᠨ᠎ᠠ ᠬᠡᠯᠪᠡᠷᠢ ᠶᠢᠨ ᠠᠵᠤ ᠦᠢᠯᠡᠳᠪᠤᠷᠢᠵᠢᠯᠳᠠ ᠶᠢᠨ ᠦᠯᠢᠭᠡᠷ ᠳᠠᠭᠤᠷᠢᠶᠠᠯ ᠤᠨ ᠰᠠᠭᠤᠷᠢᠨ ᠳᠤ ᠲᠤᠰᠪᠦᠷᠢ 500 ᠲᠦᠮᠡᠨ ᠲᠦᠭᠦᠷᠢᠭ ᠪᠠ 300 ᠲᠦᠮᠡᠨ ᠲᠦᠭᠦᠷᠢᠭ ᠤᠨ ᠨᠢᠭᠡ ᠯᠡ ᠤᠳᠠᠭ᠎ᠠ ᠶᠢᠨ ᠴᠢᠨᠠᠷᠳᠠᠢ ᠱᠠᠩᠨᠠᠯ ᠨᠦᠬᠦᠪᠤᠷᠢ ᠤᠯᠭᠤᠨ᠎ᠠ ᠬᠡᠵᠤ ᠲᠤᠳᠤᠷᠬᠠᠶᠢᠯᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号