ᠲᠥᠷᠥ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠲᠠᠶᠢᠯᠤᠮᠵᠢ
ᠨᠡᠶᠢᠲᠡᠯᠡᠭᠰᠡᠨ ᠴᠠᠭ᠄
2024/2/21
    ᠲᠥᠷᠥ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 2 ᠰᠠᠷ᠎ᠠ ᠶᠢᠨ 18᠎ ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠢ ᠡᠷᠬᠢᠯᠡᠨ ᠬᠤᠷᠠᠯᠳᠤᠭᠤᠯᠵᠤ᠂ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠪᠠᠶᠢᠭ᠎ᠠ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠶᠠᠷᠢᠯᠴᠠᠭᠰᠠᠨ ᠪᠥᠭᠡᠳ ᠵᠢᠯ ᠡᠬᠢᠯᠡᠬᠦ ᠠᠵᠢᠯ ᠢ ᠰᠠᠶᠢᠲᠤᠷ ᠬᠢᠬᠦ ᠲᠤᠬᠠᠢ ᠳᠠᠶᠢᠴᠢᠯᠠᠯᠲᠠ ᠬᠢᠪᠡ᠃    ᠲᠤᠰ ᠬᠤᠭᠤᠴᠠᠭᠠᠨ ᠤ ᠵᠠᠰᠠᠭ ᠤᠨ ᠣᠷᠳᠣᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠡᠬᠢᠨ ᠤ ᠦᠶ᠎ᠡ ᠳᠤ᠂ ᠲᠤᠭ ᠲᠡᠮᠳᠡᠭ ᠲᠣᠳᠣᠷᠬᠠᠢ ᠪᠠᠷ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ ᠬᠡᠷᠡᠭᠵᠢᠭᠦᠯᠦᠭᠴᠢ᠂ ᠠᠵᠢᠯᠯᠠᠭ᠎ᠠ ᠶᠢᠨ ᠪᠦᠯᠦᠭ᠂ ᠪᠣᠳᠠᠲᠠᠢ ᠠᠵᠢᠯᠯᠠᠭᠴᠢ ᠪᠣᠯᠬᠤ ᠬᠡᠷᠡᠭᠲᠡᠢ ᠭᠡᠵᠦ ᠳᠤᠷᠠᠳᠪᠠ᠃ ᠲᠤᠰ ᠤᠳᠠᠭ᠎ᠠ ᠶᠢᠨ ᠬᠤᠷᠠᠯ ᠠᠴᠠ ᠴᠢᠬᠤᠯᠠᠴᠢᠯᠠᠭᠰᠠᠨ ᠨᠢ᠂ ᠥᠩᠭᠡᠷᠡᠭᠰᠡᠨ ᠨᠢᠭᠡ ᠵᠢᠯ ᠳᠤ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠥᠷᠥ ᠶᠢᠨ ᠶᠠᠪᠤᠳᠠᠯ ᠤᠨ ᠬᠤᠷᠢ᠊ ᠡᠶ᠎ᠡ ᠡᠨᠡᠬᠦ ᠪᠠᠶᠢᠷᠢ ᠲᠣᠭᠲᠠᠭᠠᠯᠲᠠ ᠶᠢ ᠪᠠᠲᠤ ᠡᠵᠡᠮᠳᠡᠵᠦ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠪᠠ᠃ ᠡᠨᠡ ᠵᠢᠯ ᠤᠨ ᠠᠵᠢᠯ ᠤᠨ ᠳᠤᠮᠳᠠ ᠴᠤ ᠲᠡᠷᠡ᠂ ᠲᠤᠰ ᠬᠤᠭᠤᠴᠠᠭᠠᠨ ᠤ ᠵᠠᠰᠠᠭ ᠤᠨ ᠣᠷᠳᠣᠨ ᠤ ᠪᠦᠬᠦ᠋ᠢᠯᠡ ᠲᠤᠰᠢᠶᠠᠯ ᠤᠨ ᠬᠤᠭᠤᠴᠠᠭᠠᠨ ᠳᠤ ᠴᠦ ᠭᠡᠰᠡᠨ ᠴᠥᠮ ᠡᠨᠡ ᠬᠦ ᠪᠠᠶᠢᠷᠢ ᠲᠣᠭᠲᠠᠭᠠᠯᠲᠠ ᠶᠢ ᠡᠷᠡᠰ ᠭᠤᠶᠢᠪᠢᠰᠢ ᠦᠭᠡᠢ ᠦᠢᠯᠡᠳᠦᠯᠭᠡᠵᠢᠭᠦᠯᠬᠦ ᠶᠢᠨ ᠬᠠᠮᠲᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠦᠢᠯᠡᠳᠦᠯᠭᠡ ᠶᠢᠨ ᠠᠭᠤᠯᠤᠭᠳᠠᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠰᠢᠨ᠎ᠡ ᠳᠡᠭᠡᠭᠰᠢᠯᠡᠯᠲᠡ ᠶᠢ ᠪᠡᠶᠡᠯᠡᠭᠦᠯᠬᠦ ᠬᠡᠷᠡᠭᠲᠡᠢ᠃    ᠵᠢᠯ ᠤᠨ ᠠᠵᠢᠯ ᠬᠠᠪᠤᠷ ᠲᠤ ᠪᠠᠨ᠃ ᠯᠣᠣ ᠵᠢᠯ ᠤᠨ ᠴᠠᠭᠠᠨ ᠰᠠᠷ᠎ᠠ ᠠᠴᠠ ᠳᠠᠷᠠᠭᠠᠬᠢ ᠠᠩᠬᠠᠳᠠᠭᠴᠢ ᠠᠵᠢᠯ ᠤᠨ ᠡᠳᠦᠷ ᠲᠤ᠂ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠤᠨ ᠡᠬᠡ ᠨᠣᠣᠷᠠᠭ ᠢ ᠶᠠᠷᠢᠯᠴᠠᠵᠤ᠂ ᠵᠢᠯ ᠡᠬᠢᠯᠡᠬᠦ ᠠᠵᠢᠯ ᠢ ᠲᠠᠶᠢᠴᠢᠯᠠᠨ ᠪᠠᠶᠢᠷᠢᠯᠠᠭᠤᠯᠵᠤ᠂ ᠲᠥᠷᠥ ᠶᠢᠨ ᠶᠠᠪᠤᠳᠠᠯ ᠤᠨ ᠬᠤᠷᠢᠶᠠᠨ ᠤ ᠪᠦᠭᠦᠳᠡ ᠬᠤᠷᠠᠯ ᠠᠴᠠ ᠪᠣᠳᠠᠲᠠᠢ ᠠᠵᠢᠯᠯᠠᠬᠤ ᠶᠢ ᠠᠬᠢᠭᠤᠯᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ᠂ ᠢᠲᠡᠭᠡᠯ ᠵᠣᠷᠢᠭ ᠢᠶᠠᠨ ᠬᠥᠪᠴᠢᠯᠡᠬᠦ ᠴᠢᠩᠭ᠎ᠠ ᠲᠤᠬᠢᠶ᠎ᠠ ᠶᠢ ᠢᠯᠡᠷᠡᠭᠦᠯᠪᠡ᠃    ᠪᠦᠬᠦ ᠤᠯᠤᠰ ᠤᠨ ᠬᠤᠶᠠᠷ ᠬᠤᠷᠠᠯ ᠤᠳᠠᠯ ᠦᠭᠡᠢ 3 ᠰᠠᠷ᠎ᠠ ᠳᠤ ᠬᠤᠷᠠᠯᠳᠤᠬᠤ ᠪᠣᠯᠤᠨ᠎ᠠ᠃ ᠨᠠᠷᠢᠨ ᠪᠤᠳᠤᠯᠢᠶᠠᠨᠲᠠᠢ ᠪᠠᠶᠢᠳᠠᠯ ᠤᠨ ᠡᠮᠦᠨ᠎ᠡ᠂ ᠪᠦᠬᠦ ᠪᠥᠮᠪᠥᠷᠴᠡᠭ ᠤᠨ ᠬᠤᠶᠠᠳᠤᠭᠠᠷ ᠶᠡᠭᠡ ᠠᠵᠤ ᠠᠬᠤᠢ ᠶᠢᠨ ᠴᠣᠭᠴᠠ ᠪᠣᠯᠤᠭᠰᠠᠨ ᠳᠤᠮᠳᠠᠳᠤ ᠤᠯᠤᠰ ᠡᠨᠡ ᠵᠢᠯ ᠤᠨ ᠬᠥᠭᠵᠢᠯᠲᠡ ᠶᠢᠨ ᠬᠠᠷᠠᠯᠲᠠ ᠪᠠᠨ ᠬᠡᠷᠬᠢᠨ ᠲᠣᠭᠲᠠᠭᠠᠬᠤ ᠪᠤᠢ︖ ᠶᠠᠮᠠᠷ ᠶᠠᠮᠠᠷ ᠴᠢᠬᠤᠯᠠ ᠶᠡᠭᠡ ᠠᠷᠭ᠎ᠠ ᠬᠡᠮᠵᠢᠶ᠎ᠡ ᠠᠪᠬᠤ ᠪᠤᠢ︖ ᠤᠯᠤᠰ ᠳᠠᠶᠠᠭᠠᠷ ᠢᠶᠠᠨ ᠠᠩᠬᠠᠷᠤᠯ ᠲᠠᠯᠪᠢᠵᠤ ᠪᠠᠶᠢᠨ᠎ᠠ᠃ ᠵᠠᠰᠠᠭ ᠤᠨ ᠣᠷᠳᠣᠨ ᠤ ᠠᠵᠢᠯ ᠤᠨ ᠨᠢᠭᠡᠨ ᠬᠤᠪᠢ ᠴᠢᠨᠠᠷ ᠰᠠᠶᠢᠲᠠᠢ ᠢᠯᠡᠳᠬᠡᠯ ᠢ ᠪᠦᠷᠢᠯᠳᠦᠭᠦᠯᠵᠦ᠂ ᠡᠯ᠎ᠡ ᠲᠠᠯ᠎ᠠ ᠶᠢᠨ ᠬᠠᠮᠲᠤ ᠶᠢᠨ ᠲᠠᠨᠢᠯᠲᠠ ᠪᠠ ᠬᠦᠴᠦᠨ ᠴᠢᠳᠠᠯ ᠢ ᠨᠢᠭᠲᠠᠷᠠᠭᠤᠯᠬᠤ ᠳᠤ ᠴᠢᠬᠤᠯᠠ ᠦᠢᠯᠡᠳᠦᠯ ᠲᠠᠢ ᠶᠤᠮ᠃    ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠤᠨ᠎ᠠ᠃ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠠᠴᠠ 2024 ᠣᠨ ᠤ ᠠᠵᠤ ᠠᠬᠤᠢ ᠶᠢᠨ ᠠᠵᠢᠯ ᠳᠤ ᠨᠢᠭᠡᠨᠲᠡ ᠲᠣᠳᠣᠷᠬᠠᠢ ᠪᠠᠶᠢᠷᠢᠯᠠᠭᠤᠯᠤᠯᠲᠠ ᠬᠢᠵᠡᠢ᠃ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠰᠠᠶ᠋ᠢᠬᠠᠨ ᠥᠩᠭᠡᠷᠡᠵᠦ᠂ ᠲᠤᠰ ᠤᠳᠠᠭᠠᠨ ᠤ ᠲᠥᠷᠥ ᠶᠢᠨ ᠶᠠᠪᠤᠳᠠᠯ ᠤᠨ ᠬᠤᠷᠢᠶᠠᠨ ᠤ ᠪᠦᠭᠦᠳᠡ ᠬᠤᠷᠠᠯ ᠠᠴᠠ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠤᠨ ᠬᠢᠨ ᠳᠠᠷᠤᠢ ᠲᠦᠷᠭᠡᠨ ᠠᠵᠢᠯ ᠤᠨ ᠪᠠᠶᠢᠳᠠᠯ ᠳᠤ ᠣᠷᠣᠵᠤ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠴᠢᠩᠭ᠎ᠠ ᠠᠳᠬᠤᠨ ᠪᠣᠳᠠᠲᠠᠢ ᠬᠢᠬᠦ ᠢᠯᠡ ᠲᠣᠳᠣ ᠤᠳᠤᠷᠢᠳᠤᠮᠵᠢ ᠶᠢ ᠳᠣᠪᠤᠶᠢᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠵᠢᠯ ᠡᠬᠢᠯᠡᠬᠦ ᠠᠵᠢᠯ ᠢ ᠰᠠᠶᠢᠲᠤᠷ ᠬᠢᠬᠦ ᠲᠤᠬᠠᠢ ᠳᠠᠶᠢᠴᠢᠯᠠᠯᠲᠠ ᠬᠢᠵᠦ᠂ ᠬᠤᠷᠠᠯ ᠠᠴᠠ ᠲᠦᠷᠪᠡᠨ ᠵᠠᠩᠭᠢᠯᠠᠭ᠎ᠠ ᠶᠢᠨ ᠦᠭᠡ ᠶᠢ ᠳᠤᠪᠤᠶᠢᠯᠭᠠᠪᠠ᠄     ᠨᠢᠭᠡ ᠳᠤ᠂ ︽ᠢᠲᠡᠭᠡᠯ ᠵᠣᠷᠢᠭ︾᠄ ᠢᠲᠡᠭᠡᠯ ᠵᠣᠷᠢᠭ ᠪᠠ ᠵᠢᠱᠢᠯᠲᠡ ᠶᠢ ᠨᠡᠮᠡᠭᠳᠡᠭᠦᠯᠬᠦ ᠳᠤ ᠠᠰᠢᠭᠲᠠᠢ ᠶᠠᠪᠤᠳᠠᠯ ᠢ ᠢᠯᠡᠭᠦᠬᠡᠨ ᠬᠢᠵᠦ᠂ ᠲᠥᠷᠥ ᠶᠢᠨ ᠪᠣᠳᠣᠯᠭ᠎ᠠ ᠲᠣᠭᠲᠠᠭᠠᠬᠤ ᠪᠠ ᠬᠡᠷᠡᠭᠵᠢᠭᠦᠯᠬᠦ ᠶᠢᠨ ᠨᠢᠭᠡᠳᠦᠯᠲᠦ ᠴᠢᠨᠠᠷ ᠲᠣᠭᠲᠠᠭᠤᠨ ᠴᠢᠨᠠᠷ ᠢ ᠪᠠᠲᠤᠯᠠᠵᠤ᠂ ᠪᠣᠳᠠᠲᠠᠢ ᠶᠢ ᠡᠷᠬᠢᠮᠯᠡᠭᠰᠡᠨ ᠬᠦᠴᠦᠲᠡᠢ ᠠᠵᠢᠯᠯᠠᠭ᠎ᠠ ᠪᠠᠷ ᠢᠶᠠᠨ ᠪᠦᠬᠦ ᠨᠡᠶᠢᠭᠡᠮ ᠤᠨ ᠢᠲᠡᠭᠡᠯ ᠵᠣᠷᠢᠭ ᠢ ᠬᠥᠪᠴᠢᠯᠡᠨ᠎ᠡ᠃    ᠬᠤᠶᠠᠷ ᠲᠤ᠂ ᠡᠯ᠎ᠡ ᠵᠦᠢᠯ ᠤᠨ ᠠᠵᠢᠯ ᠳᠤ ᠠᠯᠢ ᠲᠦᠷᠭᠡᠨ ᠢᠶᠠᠷ ᠪᠣᠳᠠᠲᠤ ᠦᠷ᠎ᠡ ᠪᠦᠲᠦᠮᠵᠢ ᠣᠯᠬᠤ ᠪᠠᠷ ᠴᠢᠷᠮᠠᠶᠢᠵᠤ᠂ ᠪᠣᠳᠠᠲᠠᠢ ᠠᠵᠢᠯᠯᠠᠵᠤ ᠪᠣᠳᠠᠲᠠᠢ ᠠᠮᠵᠢᠯᠲᠠ ᠪᠦᠲᠦᠮᠵᠢ ᠪᠠᠷ ᠠᠷᠠᠳ ᠤᠨ ᠢᠲᠡᠭᠡᠯ ᠢ ᠣᠯᠵᠤ᠂ ᠡᠴᠦᠰ ᠤᠨ ᠦᠷ᠎ᠡ ᠪᠦᠲᠦᠮᠵᠢ ᠨᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠣᠷᠢᠯᠭ᠎ᠠ ᠳᠤ ᠨᠡᠶᠢᠴᠡᠭᠦᠯᠬᠦ ᠶᠢ ᠪᠠᠲᠤᠯᠠᠬᠤ ᠬᠡᠷᠡᠭᠲᠡᠢ᠃    ᠭᠤᠷᠪᠠ ᠳᠤ᠂ ︽ᠬᠦᠴᠢᠷ ᠢ ᠲᠤᠭᠤᠯᠬᠤ︾᠄ ᠥᠭᠡᠷᠡᠴᠢᠯᠡᠯᠲᠡ ᠶᠢᠨ ᠠᠷᠭ᠎ᠠ ᠪᠠᠷ ᠤᠷᠤᠭᠰᠢᠯᠠᠯᠲᠠ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠬᠦ ᠶᠢ ᠪᠠᠷᠢᠮᠲᠠᠯᠠᠵᠤ᠂ ᠰᠡᠳᠬᠢᠬᠦᠢ ᠶᠢᠨ ᠲᠣᠭᠲᠠᠭᠰᠠᠨ ᠬᠠᠨᠳᠤᠰᠢ ᠪᠠ ᠠᠷᠭ᠎ᠠ ᠵᠠᠮ ᠤᠨ ᠲᠦᠰᠢᠭᠯᠡᠯ ᠢᠶᠠᠨ ᠵᠣᠷᠢᠭᠲᠠᠢ ᠪᠠᠷ ᠡᠪᠳᠡᠪᠡ᠃    ᠳᠥᠷᠪᠡ ᠳᠤ ︽ᠨᠡᠶᠢᠯᠡᠮᠡᠯ ᠬᠦᠴᠦᠨ︾᠄ ᠪᠦᠬᠦ ᠲᠠᠯ᠎ᠠ ᠶᠢᠨ ᠤᠬᠠᠮᠰᠠᠷ᠂ ᠶᠡᠭᠡ ᠲᠠᠯ᠎ᠠ ᠶᠢᠨ ᠦᠵᠡᠯᠲᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠦᠬᠦᠯᠢ ᠴᠣᠭᠴᠠ ᠶᠢᠨ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃    18᠎ ᠤ ᠡᠳᠦᠷ ᠴᠥᠭᠡᠨ ᠪᠤᠰᠤ ᠭᠠᠵᠠᠷ ᠣᠷᠣᠨ ᠤ ︽ᠴᠠᠭᠠᠨ ᠰᠠᠷ᠎ᠠ ᠶᠢᠨ ᠨᠢᠭᠡᠳᠦᠭᠡᠷ ᠬᠤᠷᠠᠯ︾᠎ ᠨᠢ ᠴᠦ ᠬᠤᠷᠠᠨ ᠴᠤᠭᠯᠠᠷᠠᠵᠠᠢ᠄ ᠭᠤᠸᠠᠩᠳᠦ᠋ᠩ ᠪᠦᠬᠦ ᠮᠤᠵᠢ ᠶᠢᠨ ᠴᠢᠨᠠᠷ ᠰᠠᠶᠢᠲᠠᠢ ᠬᠥᠭᠵᠢᠯᠲᠡ ᠶᠢᠨ ᠶᠡᠭᠡ ᠬᠤᠷᠠᠯ ᠢ ᠬᠤᠷᠠᠯᠳᠤᠭᠤᠯᠵᠤ᠂ ᠱᠠᠨᠳᠦ᠋ᠩ ᠪᠦᠬᠦ ᠮᠤᠵᠢ ᠶᠢᠨ ᠥᠨᠳᠥᠷ ᠲᠦᠪᠰᠢᠨ ᠪᠦᠬᠦᠢ ᠨᠡᠭᠡᠭᠡᠯᠲᠡ ᠬᠢᠬᠦ ᠵᠢᠴᠢ ᠴᠢᠨᠠᠷ ᠰᠠᠶᠢᠲᠠᠢ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠡᠭᠡ ᠬᠤᠷᠠᠯ ᠢ ᠬᠤᠷᠠᠯᠳᠤᠭᠤᠯᠵᠤ᠂ ᠯᠢᠶᠣᠤᠨᠢᠩ ᠪᠦᠬᠦ ᠮᠤᠵᠢ ᠶᠢᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠳᠠᠶᠢᠴᠢᠯᠠᠯᠲᠠ ᠶᠢᠨ ᠶᠡᠭᠡ ᠬᠤᠷᠠᠯ ᠢ ᠬᠤᠷᠠᠯᠳᠤᠭᠤᠯᠪᠠ ᠁ ᠭᠤᠣᠯ ᠰᠡᠳᠦᠪ ᠨᠢ ᠠᠳᠠᠯᠢ ᠪᠤᠰᠤ᠂ ᠭᠡᠪᠡᠴᠦ ᠬᠠᠷᠠᠯᠲᠠ ᠶᠢᠨ ᠤᠳᠤᠷᠢᠳᠤᠮᠵᠢ ᠨᠢ ᠨᠢᠭᠡᠳᠦᠯᠲᠡᠢ ᠪᠠᠶᠢᠵᠤ᠂ ᠴᠥᠮ ᠴᠢᠨᠠᠷ ᠰᠠᠶᠢᠲᠠᠢ ᠬᠥᠭᠵᠢᠯᠲᠡ ᠶᠢ ᠲᠣᠭᠲᠠᠭᠠᠵᠤ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠪᠠ᠃    ᠶᠠᠭ ᠳᠦᠪ ᠤᠨ ᠠᠵᠤ ᠠᠬᠤᠢ ᠶᠢᠨ ᠠᠵᠢᠯ ᠤᠨ ᠬᠤᠷᠠᠯᠳᠤᠭᠠᠨ ᠳᠡᠭᠡᠷ᠎ᠡ ᠴᠢᠬᠤᠯᠠᠴᠢᠯᠠᠭᠰᠠᠨ ᠢᠶᠠᠷ᠂ ᠠᠯᠢᠪᠠ ᠠᠰᠢᠭᠲᠠᠢ ᠴᠠᠭ ᠲᠣᠬᠢᠶᠠᠯ ᠢ ᠠᠳᠬᠤᠨ ᠠᠪᠴᠤ᠂ ᠠᠯᠢᠪᠠ ᠠᠰᠢᠭᠲᠠᠢ ᠨᠦᠭᠦᠴᠠᠯ ᠢ ᠠᠰᠢᠭᠯᠠᠨ᠂ ᠲᠣᠳᠣᠷᠬᠠᠢ ᠢᠶᠠᠷ ᠢᠶᠠᠨ ᠱᠠᠯᠠᠪᠳᠠᠨ ᠠᠵᠢᠯᠯᠠᠵᠤ᠂ ᠳᠤᠷᠠᠲᠠᠶ᠎ᠠ ᠣᠢᠷᠭᠦᠯᠵᠢᠯᠠᠨ ᠠᠵᠢᠯᠯᠠᠵᠤ᠂ ᠣᠢᠪᠡᠷ ᠤᠨ ᠠᠵᠢᠯ ᠤᠨ ᠲᠣᠭᠲᠠᠭᠠᠯᠲᠤ ᠴᠢᠨᠠᠷ ᠢᠶᠠᠷ ᠪᠠᠶᠢᠳᠠᠯ ᠤᠨ ᠬᠤᠪᠢᠷᠠᠯᠲᠠ ᠶᠢ ᠠᠷᠭᠠᠴᠠᠬᠤ ᠲᠣᠭᠲᠠᠭᠠᠯᠲᠤ ᠪᠤᠰᠤ ᠴᠢᠨᠠᠷ ᠢ ᠴᠢᠷᠮᠠᠶᠢᠨ ᠠᠷᠭᠠᠴᠠᠨ᠎ᠠ᠃    ᠪᠦᠬᠦ ᠤᠯᠤᠰ ᠢ ᠪᠠᠷᠠᠯᠠᠬᠤᠶ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠣᠨ ᠤ ᠠᠵᠢᠯ ᠢᠶᠠᠨ ᠡᠬᠢᠯᠡᠭᠦᠯᠵᠦ᠂ ᠡᠯ᠎ᠡ ᠠᠵᠢᠯ ᠲᠥᠷᠥᠯ ᠤᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ ᠡᠷᠴᠢ ᠵᠣᠷᠢᠭ ᠢᠶᠠᠨ ᠬᠥᠪᠴᠢᠯᠡᠵᠦ᠂ ᠯᠣᠣ ᠵᠢᠯ ᠤᠨ ᠴᠠᠭᠠᠨ ᠰᠠᠷ᠎ᠠ ᠶᠢᠨ ᠰᠢᠨ᠎ᠡ ᠳᠦᠷᠰᠦ ᠪᠠᠶᠢᠳᠠᠯ ᠨᠢ ᠶᠠᠭ ᠳᠤᠮᠳᠠᠳᠤ ᠤᠯᠤᠰ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠢᠶᠠᠨ ᠨᠡᠮᠡᠷᠢᠯᠡᠵᠦ ᠪᠠᠶᠢᠨ᠎ᠠ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号