ᠰᠤᠷᠪᠤᠯᠵᠢᠯᠠᠭᠴᠢ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠠᠴᠠ ᠤᠶᠢᠯᠠᠭᠠᠭᠰᠠᠨ ᠢᠶᠠᠷ᠂ 2023 ᠣᠨ ᠳᠤ᠂ | ᠪᠥᠬᠦ ᠣᠷᠣᠨ ᠤ ᠪᠠᠩᠬᠢ ᠶᠢᠨ ᠬᠡᠷᠡᠭᠯᠡᠭᠴᠢᠳ ᠢ ᠤᠷᠤᠯᠠᠨ ᠭᠠᠳᠠᠭᠠᠳᠤ ᠳᠤ ᠬᠤᠯᠪᠤᠭᠳᠠᠬᠰᠠᠨ ᠵᠤᠭᠤᠰ ᠢ | ᠬᠤᠷᠢᠶᠠᠭᠰᠠᠨ ᠪᠠ ᠦᠭᠬᠦᠭᠰᠡᠨ ᠬᠡᠮᠵᠢᠶ᠎ᠡ 537.5 ᠳ᠋ᠦᠩᠰᠢᠭᠤᠷ ᠳ᠋ᠣᠯᠯᠠᠷ ᠲᠤ ᠬᠦᠷᠴᠦ᠂ 2022 | ᠤᠨ ᠤ ᠬᠢ ᠠᠴᠠ 43.3% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠪᠥᠬᠦ ᠤᠯᠤᠰ ᠤᠨ ᠭᠤᠷᠪᠠᠳᠤᠭᠠᠷ ᠲᠤ | ᠵᠢᠭᠰᠠᠪᠠ᠃ | 2023 ᠣᠨ ᠳᠤ᠂ ᠪᠥᠬᠦ ᠣᠷᠣᠨ ᠤ ᠭᠠᠳᠠᠭᠠᠳᠤ ᠭᠤᠪᠢᠭᠤᠯᠭ᠎ᠠ ᠶᠢᠨ ᠲᠣᠪᠴᠢᠶ᠎ᠠ ᠶᠢᠨ ᠬᠢᠨ ᠪᠠᠩᠬᠢ ᠶᠢ | ᠵᠢᠯᠣᠭᠤᠳᠤᠨ ᠬᠠᠮᠢᠶ᠎ᠠ ᠪᠥᠬᠦᠶ ᠲᠤᠬᠠᠶᠢᠯᠠᠭᠰᠠᠨ ᠠᠵᠢᠯ ᠢ 6025 ᠬᠤᠪᠢ ᠭᠦᠢᠴᠡᠳᠭᠡᠵᠦ᠂ ᠵᠣᠭᠤᠰ ᠤᠨ | ᠲᠤᠭ᠎ᠠ ᠨᠢ 21.8 ᠳ᠋ᠦᠩᠰᠢᠭᠤᠷ ᠳ᠋ᠣᠯᠯᠠᠷ ᠲᠤ ᠬᠦᠷᠴᠦ᠂ 2022 ᠤᠨ ᠤ ᠬᠢ ᠠᠴᠠ ᠲᠣᠰ ᠲᠣᠰ 3.8 ᠳᠠᠬᠢᠨ᠂ | 2.3 ᠳᠠᠬᠢᠨ ᠨᠡᠮᠡᠭᠳᠡᠨ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠭᠡᠬᠦ ᠶᠢ ᠪᠡᠶᠡᠯᠡᠭᠦᠯᠪᠡ᠃ ᠬᠢᠯᠢ ᠶᠢᠨ ᠠᠷᠠᠯᠵᠢᠶ᠎ᠠ ᠶᠢᠨ ᠭᠠᠳᠠᠭᠠᠳᠤ | ᠭᠤᠪᠢᠭᠤᠯᠭ᠎ᠠ ᠶᠢᠨ ᠦᠢᠯᠡᠴᠢᠯᠡᠭᠡ ᠶᠢ ᠰᠠᠨᠠᠭᠠᠴᠢᠯᠠᠭ᠎ᠠ ᠠᠴᠠ ᠪᠠᠨ ᠤᠷᠢᠳᠴᠢᠯᠠᠵᠤ ᠰᠢᠯᠢᠳᠡᠭᠵᠢᠭᠦᠯᠦᠨ᠂ ︽ᠬᠢᠯᠢ ᠶᠢᠨ | ᠠᠷᠠᠳ ᠤᠨ ᠬᠠᠷᠢᠯᠴᠠᠨ ᠠᠷᠠᠯᠵᠢᠶ᠎ᠡ ᠮᠠᠶᠢᠮᠠᠢ ᠬᠢᠬᠦ ᠠᠷᠠᠯᠵᠢᠶᠠᠨ ᠤ ᠭᠠᠵᠠᠷ ᠤᠨ ᠭᠠᠳᠠᠭᠠᠳᠤ ᠠᠴᠠ ᠣᠷᠣᠭᠤᠯᠤᠭᠰᠠᠨ | ᠲᠠᠸᠠᠷ ᠢ ᠡᠳ᠋ᠰᠢᠭᠦᠯᠤᠨ ᠪᠤᠯᠪᠠᠰᠤᠷᠠᠭᠤᠯᠵᠤ ᠬᠢᠯᠢ ᠠᠯᠤᠰᠯᠠᠨ ᠲᠣᠭᠠᠴᠠᠭ᠎ᠠ ᠬᠢᠬᠦ ᠠᠵᠢᠯᠯᠠᠭᠠᠨ ᠤ ᠲᠦᠷᠢᠮ︾ ᠢ | ᠲᠣᠭᠲᠠᠭᠠᠵᠤ᠂ ᠬᠢᠯᠢ ᠠᠯᠤᠰᠯᠠᠨ ᠲᠣᠭᠠᠴᠠᠭ᠎ᠠ ᠬᠢᠵᠦ ᠳ᠋ᠦᠩᠨᠡᠨ ᠪᠤᠳᠤᠬᠤ ᠠᠷᠭ᠎ᠠ ᠵᠠᠮ ᠢ ᠰᠠᠭᠠᠳ ᠥᠬᠡᠶ | ᠨᠡᠪᠲᠡᠷᠡᠭᠦᠯᠵᠦ᠂ ᠬᠢᠯᠢ ᠶᠢᠨ ᠠᠷᠠᠳ ᠤᠨ ᠬᠢᠯᠢ ᠠᠯᠤᠰᠯᠠᠭᠰᠠᠨ ᠠᠷᠠᠯᠵᠢᠶ᠎ᠠ ᠶᠢᠨ ᠪᠠᠯᠠ ᠮᠥᠩᠭᠦ ᠶᠢ ︽ᠰᠢᠭᠤᠳ | ᠲᠠᠩᠰᠠᠨ ᠳ᠋ᠤ᠋ ᠣᠷᠣᠭᠤᠯᠬᠤ︾ ᠶᠢ ᠪᠡᠶᠡᠯᠡᠬᠦᠯᠪᠡ᠃ 2023 ᠣᠨ ᠳᠤ ᠪᠥᠬᠦ ᠣᠷᠣᠨ ᠤ ᠭᠠᠳᠠᠭᠠᠳᠤ | ᠭᠤᠪᠢᠭᠤᠯᠭ᠎ᠠ ᠶᠢᠨ ᠲᠣᠪᠴᠢᠶ᠎ᠠ ᠶᠢᠨ ᠬᠢᠨ ᠪᠠᠩᠬᠢ ᠶᠢ ᠵᠢᠯᠣᠭᠤᠳᠤᠨ ᠭᠠᠳᠠᠭᠠᠳᠤ ᠠᠴᠠ ᠤᠷᠤᠭᠤᠯᠤᠭᠰᠠᠨ ᠲᠠᠸᠠᠷ ᠢ | ᠡᠳ᠋ᠰᠢᠬᠦᠯᠦᠨ ᠪᠤᠯᠪᠠᠰᠤᠷᠠᠭᠤᠯᠵᠤ ᠬᠢᠯᠢ ᠠᠯᠤᠰᠯᠠᠨ 91 ᠬᠤᠪᠢ ᠭᠤᠪᠢᠭᠤᠯᠭ᠎ᠠ ᠶᠢ ᠬᠦᠢᠴᠡᠳᠬᠡᠪᠡ᠃ | ᠡᠬᠦᠨ ᠤ ᠬᠠᠮᠳᠤ᠂ ᠬᠢᠯᠢ ᠠᠯᠤᠰᠯᠠᠭᠰᠠᠨ ᠪᠠᠯᠠ ᠣᠷᠣᠭᠤᠯᠤᠯᠲᠠ ᠪᠠᠯᠠ ᠬᠤᠷᠠᠮᠳᠤᠭᠤᠯᠭ᠎ᠠ ᠶᠢᠨ ᠬᠦᠷᠢᠶᠡᠨ ᠳᠠᠬᠢ | ᠳᠥᠭᠦᠮᠴᠢᠯᠡᠯᠲᠡ ᠶᠢᠨ ᠲᠦᠪᠰᠢᠨ ᠢ ᠲᠣᠭᠲᠠᠭᠤᠨ ᠢᠶᠠᠷ ᠲᠡᠭᠡᠭᠰᠢᠯᠡᠬᠦᠯᠦᠨ᠂ ᠬᠦᠷᠦᠩᠭᠡ ᠶᠢᠨ ᠲᠦᠷᠦᠯ ᠵᠦᠢᠯ ᠤᠨ | ᠭᠠᠳᠠᠭᠠᠳᠤ ᠭᠤᠪᠢᠭᠤᠯᠭ᠎ᠠ ᠶᠢᠨ ᠣᠷᠣᠯᠭ᠎ᠠ ᠵᠠᠷᠤᠯᠭ᠎ᠠ ᠶᠢᠨ ᠳᠥᠭᠦᠮᠴᠢᠯᠡᠯᠲᠡ ᠶᠢᠨ ᠬᠠᠮᠤᠷᠬᠤ ᠬᠡᠪᠴᠢᠶ᠎ᠡ ᠶᠢ | ᠦᠷᠭᠦᠯᠵᠢᠯᠡᠨ ᠳᠡᠭᠡᠭᠰᠢᠯᠡᠭᠦᠯᠵᠦ᠂ ᠳᠥᠭᠦᠮᠴᠢᠯᠡᠯᠲᠡ ᠶᠢᠨ ᠵᠤᠭᠤᠰ ᠦᠭᠬᠦ ᠬᠠᠷᠢᠴᠠᠯ ᠢ 57.9% ᠪᠣᠯᠲᠠᠯ᠎ᠠ | ᠳᠡᠭᠡᠭᠰᠢᠯᠡᠭᠦᠯᠪᠡ᠃ ᠤᠯᠤᠰ ᠠᠯᠤᠰᠯᠠᠭᠰᠠᠨ ᠺᠣᠮᠫᠠᠨᠢ ᠶᠢᠨ ᠬᠢᠯᠢ ᠠᠯᠤᠰᠯᠠᠭᠰᠠᠨ ᠪᠠᠯᠠ ᠮᠥᠩᠭᠦ ᠶᠢ ᠲᠥᠪᠯᠡᠷᠡᠭᠦᠯᠦᠨ | ᠡᠵᠡᠩᠨᠡᠬᠦ ᠬᠠᠮᠢᠶᠠᠷᠤᠯᠲᠠ ᠶᠢ ᠰᠢᠯᠢᠳᠡᠭᠵᠢᠭᠦᠯᠵᠦ᠂ ᠬᠠᠮᠢᠶ᠎ᠠ ᠪᠥᠬᠦᠶ ᠠᠵᠤ ᠠᠬᠤᠶᠢᠯᠠᠯ ᠳ᠋ᠤ᠋ 2000 ᠲᠦᠮᠡᠨ | ᠲᠥᠭᠦᠷᠢᠭ ᠤᠨ ᠥᠪᠡᠷ ᠤᠨ ᠥᠷᠲᠡᠭ ᠢ ᠠᠷᠪᠢᠯᠠᠨ ᠦᠭᠴᠤ᠂ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠪᠡ᠃ ᠬᠢᠯᠢ ᠠᠯᠤᠰᠯᠠᠭᠰᠠᠨ ᠪᠠᠯᠠ ᠣᠷᠣᠭᠤᠯᠤᠯᠲᠠ ᠶᠢᠨ ᠲᠣᠭᠲᠠᠭᠤᠨ ᠢᠶᠠᠷ ᠬᠥᠭᠵᠢᠬᠦ ᠶᠢ | ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠳᠡᠮᠵᠢᠵᠦ᠂ ᠪᠥᠬᠦ ᠣᠷᠣᠨ ᠤ ᠪᠥᠬᠦ ᠵᠢᠯ ᠤᠨ ᠪᠣᠳᠠᠲᠠᠶ ᠠᠰᠢᠭᠯᠠᠭᠰᠠᠨ ᠭᠠᠳᠠᠭᠠᠳᠤ ᠪᠠᠯᠠ ᠮᠦᠡᠭᠬᠦ | 2022 ᠤᠨ ᠤ ᠬᠢ ᠠᠴᠠ 12.8% ᠪᠠᠷ ᠨᠡᠮᠡᠭᠳᠡᠪᠡ᠃ |